ᠭᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠬᠦᠳᠡᠯᠭᠡᠭᠡᠨ ᠢ ᠦᠷᠨᠢᠬᠦᠯᠬᠦ ᠲᠤᠬᠠᠢ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2018-04-24
            ᠲᠦᠴᠢᠤᠸᠠᠨ ᠵᠠᠰᠠᠭ ᠠᠯᠪᠠᠨ ᠲᠠᠷᠬᠠᠭᠠᠬᠰᠠᠨ ﹇2018﹈ 67 ᠳ᠋ᠤᠭᠠᠷ ᠲᠤᠭᠠᠳᠤ        ᠦᠷᠭᠡᠨ ᠤᠯᠠᠨ ᠲᠠᠷᠢᠶᠠᠴᠢᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠦ ᠦᠵᠡᠰᠭᠦᠯᠡᠩᠳᠦ ᠬᠦᠳᠡᠭᠡ ᠲᠤᠰᠬᠤᠨ ᠢ ᠤᠯᠠᠮ ᠨᠢᠭᠡ ᠠᠯᠬᠤᠮ ᠪᠦᠳᠦᠭᠡᠨ ᠪᠠᠶᠢᠭᠤᠯᠬᠤ᠂ ᠨᠤᠳᠤᠭ ᠤᠨ ᠰᠤᠷᠳᠠᠯ ᠤᠨ ᠪᠤᠯᠪᠠᠰᠤᠨ ᠢ ᠪᠤᠢ ᠪᠤᠯᠭᠠᠬᠤ ᠶᠢᠨ ᠲᠦᠯᠦᠭᠡ ᠰᠢᠶᠠᠨ ᠤ ᠵᠠᠰᠠᠭ ᠤᠨ ᠤᠷᠳᠤᠨ ᠤ ᠰᠤᠳᠤᠯᠭᠠᠨ ᠢᠶᠠᠷ ᠲᠠᠮᠵᠢᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠲᠦᠪᠯᠡᠷᠡᠭᠦᠯᠦᠨ ᠵᠠᠰᠠᠬᠤ ᠬᠦᠳᠡᠯᠭᠡᠭᠡᠨ ᠢ ᠦᠷᠨᠢᠬᠦᠯᠬᠦ ᠪᠠᠷ ᠲᠤᠬᠳᠠᠭᠠᠪᠠ᠃ ᠡᠳᠦᠭᠡ ᠬᠠᠮᠢᠶ᠎ᠠ ᠪᠦᠬᠦᠢ ᠬᠦᠳᠡᠯᠭᠡᠭᠡᠨ ᠤ ᠮᠡᠳᠡᠭᠳᠡᠯ ᠲᠤᠤᠷᠠᠬᠢ ᠮᠡᠳᠦ᠄ᠨᠢᠭᠡ᠄ ᠭᠦᠳᠡᠯᠭᠡᠭᠡᠨ ᠤ ᠴᠠᠭ    ᠤᠷᠢᠶᠠᠯᠠᠬᠤ ᠴᠠᠭ᠄   2018 ᠤᠨ ᠤ 4 ᠰᠠᠷ᠎ᠠ ᠶᠢᠨ 15 ᠤ ᠡᠳᠦᠷ ᠠᠴᠠ                      2018 ᠤᠨ ᠤ 5 ᠰᠠᠷ᠎ᠠ ᠶᠢᠨ 15 ᠤ ᠡᠳᠦᠷ    ᠬᠦᠳᠡᠯᠭᠡᠭᠡᠨ ᠢ ᠵᠤᠬᠢᠶᠠᠨ ᠪᠠᠶᠢᠭᠤᠯᠬᠤ ᠴᠠᠭ᠄                      2018 ᠤᠨ ᠤ 5 ᠰᠠᠷ᠎ᠠ ᠶᠢᠨ 16 ᠤ ᠡᠳᠦᠷ ᠠᠴᠠ                      2018 ᠤᠨ ᠤ 7 ᠰᠠᠷ᠎ᠠ ᠶᠢᠨ 15 ᠤ ᠡᠳᠦᠷ    ᠰᠢᠯᠭᠠᠨ ᠬᠤᠷᠢᠶᠠᠬᠤ ᠴᠠᠭ᠄                      2018 ᠤᠨ ᠤ 7 ᠰᠠᠷ᠎ᠠ ᠶᠢᠨ 16 ᠤ ᠡᠳᠦᠷ ᠠᠴᠠ                      2018 ᠤᠨ ᠤ 8 ᠰᠠᠷ᠎ᠠ ᠶᠢᠨ 1 ᠤ ᠡᠳᠦᠷᠬᠤᠶᠠᠷ᠄  ᠭᠤᠤᠯᠳᠠᠯᠭ᠎ᠠ ᠲᠠᠢ ᠡᠭᠦᠷᠭᠡ    ︵1︶ ᠵᠠᠮ ᠲᠠᠭᠠᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠃ ᠭᠤᠤᠯ ᠵᠠᠮ ᠤᠨ ᠬᠤᠶᠠᠷ ᠬᠠᠵᠠᠭᠤ ᠪᠠ ᠰᠢᠶᠠᠩ ᠪᠠᠯᠭᠠᠰᠤ᠂ ᠲᠤᠰᠬᠤᠨ᠂ ᠠᠶᠢᠯ ᠤᠨ ᠤᠷᠤᠵᠦ ᠭᠠᠷᠬᠤ ᠡᠭᠦᠳᠡ ᠪᠠᠷ ᠭᠤᠤᠯ ᠪᠤᠯᠭᠠᠵᠦ᠂ ᠵᠠᠮ ᠤᠨ ᠬᠠᠵᠠᠭᠤ ᠳᠠᠬᠢ ᠤᠪᠤᠭᠠᠯᠠᠵᠦ ᠪᠠᠶᠢᠭ᠎ᠠ ᠡᠯ᠎ᠡ ᠵᠦᠢᠯ ᠤᠨ ᠦᠢᠯᠡᠳᠪᠦᠷᠢᠯᠡᠯ ᠤᠨ ᠬᠤᠭ ᠨᠤᠪᠰᠢ᠂ ᠠᠮᠢᠳᠤᠷᠠᠯ ᠤᠨ ᠬᠤᠭ ᠨᠤᠪᠰᠢ᠂ ᠪᠠᠷᠢᠯᠭ᠎ᠠ ᠶᠢᠨ ᠬᠤᠭ ᠨᠤᠪᠰᠢ ᠵᠢᠴᠢ ᠪᠤᠰᠤᠳ ᠲᠤᠷ᠎ᠠ ᠪᠠᠷ ᠤᠪᠤᠭᠠᠯᠠᠵᠦ ᠪᠠᠶᠢᠭ᠎ᠠ ᠡᠯᠳᠡᠪ ᠡᠳ᠋ ᠶᠢ ᠲᠦᠪᠡᠯᠷᠡᠭᠦᠯᠦᠨ ᠠᠷᠢᠯᠭᠠᠵᠦ᠂ ᠲᠡᠭᠡᠭᠡᠪᠦᠷᠢᠯᠡᠬᠦ ᠠᠵᠢᠯ ᠢ ᠦᠷᠨᠢᠭᠦᠯᠦᠨ᠂ ᠡᠯ᠎ᠡ ᠵᠦᠢᠯ ᠤᠨ ᠲᠤᠷ᠎ᠠ ᠪᠠᠷ ᠨᠠᠭᠠᠵᠦ᠂ ᠡᠷᠢᠶᠡᠴᠢᠵᠦ ᠪᠢᠴᠢᠭᠰᠡᠨ ᠪᠠᠶᠢᠳᠠᠯ ᠢ ᠲᠦᠢᠯᠪᠤᠷᠢᠳᠠᠢ ᠠᠷᠢᠯᠭᠠᠵᠦ᠂ ᠵᠠᠮ ᠤᠨ ᠨᠢᠭᠤᠷ ᠤᠨ ᠠᠷᠢᠭᠤᠨ ᠴᠡᠪᠡᠷ᠂ ᠤᠪᠤᠭᠠᠯᠠᠬᠤ ᠪᠤᠳᠠᠰ ᠠᠯᠠᠭ᠂ ᠠᠰᠬᠠᠵᠦ ᠰᠠᠴᠢᠬᠰᠠᠨ ᠪᠤᠳᠠᠰ ᠦᠭᠡᠢ᠂ ᠤᠰᠤᠨ ᠤ ᠭᠠᠳᠠᠬᠰᠢᠯᠠᠭᠤᠯᠤᠯᠳᠠ ᠪᠠᠷ ᠰᠠᠶᠢᠨ᠂ ᠵᠠᠮ ᠤᠨ ᠬᠤᠶᠠᠷ ᠬᠠᠵᠠᠭᠤ ᠵᠢᠴᠢ ᠭᠤᠤ ᠰᠤᠪᠠᠭ ᠲᠤᠳᠤᠷᠠᠬᠢ ᠬᠤᠭ ᠤᠷᠭᠤᠮᠠᠯ᠂ ᠬᠤᠭ ᠨᠤᠪᠰᠢ᠂ ᠮᠤᠳᠤᠨ ᠲᠡᠭᠡᠷᠡᠬᠢ ᠨᠤᠪᠰᠢ ᠶᠢ ᠴᠠᠭ ᠲᠤᠬᠠᠢ ᠳᠤ ᠨᠢ ᠠᠷᠢᠯᠭᠠᠵᠦ᠂ ᠡᠩᠭᠡᠯ ᠲᠤᠩᠬᠤᠯ ᠵᠠᠮ ᠤᠨ ᠭᠠᠳᠠᠷᠭᠤ ᠶᠢ ᠲᠡᠭᠰᠢᠯᠡᠵᠦ᠂ ᠵᠠᠮ ᠤᠨ ᠮᠦᠷ ᠢ ᠵᠠᠰᠠᠵᠦ ᠬᠠᠮᠠᠭᠠᠯᠠᠨ᠎ᠠ᠃    ︵2︶ ᠤᠰᠤᠨ ᠵᠠᠮ ᠤᠨ ᠭᠤᠤ ᠵᠢᠯᠠᠭ᠎ᠠ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠃ ᠠᠭᠤᠯᠠᠨ ᠦᠶᠡᠷ ᠤᠨ ᠭᠤᠤ᠂ ᠤᠰᠤᠨ ᠵᠠᠮ᠂ ᠭᠤᠤ ᠵᠢᠯᠠᠭ᠎ᠠ ᠵᠢᠴᠢ ᠠᠶᠢᠯ ᠲᠤᠰᠬᠤᠨ ᠤ ᠲᠦᠷᠢᠮ ᠤᠷᠴᠢᠮ ᠳᠠᠬᠢ ᠤᠳᠠᠭᠠᠨ ᠵᠢᠯ ᠤᠨ ᠬᠤᠭ ᠨᠤᠪᠰᠢ ᠶᠢ ᠲᠦᠢᠯᠪᠤᠷᠢᠳᠠᠢ ᠠᠷᠢᠯᠭᠠᠵᠦ᠂ ᠲᠤᠰᠬᠤᠨ ᠤ ᠲᠤᠬᠳᠠᠭᠠᠯ ᠠᠷᠠᠳ ᠤᠨ ᠪᠤᠯᠵᠤᠭ᠎ᠠ ᠪᠠ ᠬᠢᠨᠠᠯᠳᠠ ᠪᠠᠨ ᠴᠢᠩᠭᠠᠳᠬᠠᠬᠤ ᠵᠡᠷᠭᠡ ᠠᠷᠭ᠎ᠠ ᠪᠠᠷ ᠲᠠᠮᠵᠢᠨ ᠲᠤᠷ᠎ᠠ ᠪᠠᠷ ᠬᠠᠶᠠᠬᠤ ᠦᠵᠡᠭᠳᠡᠯ ᠢ ᠬᠤᠷᠢᠬᠯᠠᠵᠦ᠂ ᠪᠠᠯᠠᠢ ᠤᠷᠤᠨ ᠪᠤᠯᠤᠩ ᠲᠤᠯᠬᠤᠢ ᠶᠢ ᠲᠦᠪᠯᠡᠷᠡᠭᠦᠯᠦᠨ᠂ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠨ᠎ᠡ᠃    ︵3︶ ᠭᠡᠷ ᠤᠨ ᠡᠮᠦᠨ᠎ᠡ ᠬᠤᠶᠢᠨᠠᠬᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠃ ᠬᠤᠪᠢ ᠭᠡᠷ ᠤᠨ ᠬᠦᠷᠢᠶ᠎ᠡ ᠬᠠᠰᠢᠶ᠎ᠠ ᠵᠢᠴᠢ ᠭᠡᠷ ᠤᠨ ᠡᠮᠦᠨ᠎ᠡ ᠬᠤᠶᠢᠨᠠᠬᠢ ᠪᠠᠷ ᠭᠤᠤᠯ ᠪᠤᠯᠭᠠᠵᠦ᠂ ᠲᠤᠰᠬᠤᠨ ᠤ ᠠᠷᠠᠳ ᠢ ᠲᠠᠶᠢᠴᠢᠯᠠᠵᠦ ︽ᠭᠡᠷ ᠤᠨ ᠡᠮᠦᠨᠡᠬᠢ ᠲᠦᠷᠪᠡᠨ ᠵᠦᠢᠯ︾ ᠢ ᠲᠤᠤᠱᠯᠠᠭᠤᠯᠵᠦ᠂ ᠬᠦᠷᠢᠶ᠎ᠡ ᠬᠠᠰᠢᠶ᠎ᠠ ᠪᠠ ᠭᠡᠷ ᠤᠨ ᠡᠮᠦᠨ᠎ᠡ ᠬᠤᠶᠢᠨᠠᠬᠢ ᠬᠤᠭ ᠡᠪᠡᠰᠦ᠂ ᠡᠯᠡᠰᠦᠨ ᠤᠪᠤᠭ᠎ᠠ᠂ ᠲᠤᠷ᠎ᠠ ᠪᠠᠷ ᠪᠤᠰᠬᠠᠬᠰᠠᠨ ᠵᠦᠢᠯ ᠢ ᠰᠠᠨᠠᠭᠠᠴᠢᠯᠠᠭ᠎ᠠ ᠠᠴᠠ ᠪᠠᠨ ᠠᠷᠢᠯᠭᠠᠨ ᠴᠡᠪᠡᠷᠯᠡᠨ᠎ᠡ᠃ ᠲᠤᠰᠬᠤᠨ ᠤ ᠲᠦᠯᠡᠰᠢ ᠶᠢᠨ ᠤᠪᠤᠭ᠎ᠠ᠂ ᠡᠪᠡᠰᠦᠨ ᠤᠪᠤᠭ᠎ᠠ᠂ ᠪᠠᠭᠠᠰᠤᠨ ᠤᠪᠤᠭ᠎ᠠ᠂ ᠰᠢᠷᠤᠢ ᠶᠢᠨ ᠤᠪᠤᠭ᠎ᠠ᠂ ᠬᠠᠶᠢᠷ ᠴᠢᠯᠠᠭᠤᠨ ᠤᠪᠤᠭ᠎ᠠ᠂ ᠡᠯᠳᠡᠪ ᠶᠠᠭᠤᠮ᠎ᠠ ᠶᠢᠨ ᠤᠪᠤᠬ᠎ᠠ ᠵᠡᠷᠭᠡ ᠲᠤᠷ᠎ᠠ ᠪᠠᠷ ᠤᠪᠤᠭᠠᠯᠠᠵᠦ᠂ ᠲᠤᠷ᠎ᠠ ᠪᠠᠷ ᠲᠠᠯᠪᠢᠵᠦ ᠪᠠᠶᠢᠭ᠎ᠠ ᠦᠵᠡᠭᠳᠡᠯ ᠢ ᠵᠤᠬᠢᠰᠳᠠᠢ ᠰᠢᠢᠳᠪᠦᠷᠢᠯᠡᠵᠦ᠂ ᠲᠤᠰᠬᠤᠨ ᠤ ᠲᠦᠷᠦ ᠳᠦᠷᠢ ᠶᠢᠨ ᠠᠷᠢᠭᠤᠨ ᠴᠡᠪᠡᠷ ᠪᠠᠢᠬᠤ ᠶᠢ ᠪᠠᠳᠤᠯᠠᠨ᠎ᠠ᠃    ︵4︶ ᠲᠠᠷᠢᠶᠠᠨ ᠤ ᠡᠰᠢ ᠰᠦᠷᠡᠯ ᠢ ᠠᠷᠢᠯᠭᠠᠨ ᠰᠢᠢᠳᠪᠦᠷᠢᠯᠡᠬᠦ᠃ ᠬᠠᠪᠤᠷ ᠤᠨ ᠬᠠᠭᠠᠯᠪᠤᠷᠢᠯᠠᠬᠤ ᠦᠢᠯᠡᠳᠪᠦᠷᠢᠯᠡᠯ ᠡᠬᠢᠯᠡᠬᠦ ᠠᠴᠠ ᠡᠮᠦᠨ᠎ᠡ ᠨᠢᠴᠠᠯᠠᠬᠤ᠂ ᠤᠷᠪᠠᠭᠤᠯᠬᠤ᠂ ᠲᠠᠷᠤᠰᠢᠭᠤᠯᠬᠤ᠂ ᠲᠠᠷᠢᠶᠠᠨ ᠳᠤ ᠪᠤᠴᠠᠭᠠᠬᠤ ᠵᠡᠷᠭᠡ ᠠᠷᠭ᠎ᠠ ᠪᠠᠷ ᠲᠠᠷᠢᠶᠠᠨ ᠦᠵᠦᠭᠦᠷ ᠳᠤ ᠤᠪᠤᠭᠠᠯᠠᠵᠦ ᠲᠠᠯᠪᠢᠬᠰᠠᠨ ᠡᠰᠢ ᠰᠦᠷᠡᠯ ᠢ ᠬᠤᠭᠤᠴᠠᠭ᠎ᠠ ᠲᠠᠢ ᠪᠠᠷ ᠠᠷᠢᠯᠭᠠᠵᠦ᠂ ᠬᠠᠮᠤᠭ ᠶᠡᠭᠡ ᠭᠢᠵᠠᠭᠠᠷ ᠢᠶᠠᠷ ᠡᠷᠳᠡᠨᠢ ᠶᠢᠨ ᠰᠢᠰᠢ ᠶᠢᠨ ᠬᠤᠷᠤᠬᠠᠢ ᠵᠡᠷᠭᠡ ᠲᠠᠷᠢᠮᠠᠯ ᠤᠨ ᠵᠦᠢᠯ ᠤᠨ ᠬᠤᠤᠷᠳᠤ ᠬᠤᠷᠤᠬᠠᠢ ᠶᠢᠨ ᠭᠠᠮᠰᠢᠬ ᠤᠨ ᠲᠠᠯᠳᠠ ᠭᠡᠮ ᠪᠤᠯᠤᠨ ᠡᠰᠢ ᠰᠦᠷᠡᠯ ᠢ ᠰᠢᠳᠠᠭᠠᠬᠤ ᠦᠵᠡᠭᠳᠡᠯ ᠢ ᠠᠷᠢᠯᠭᠠᠨ᠎ᠠ ᠭᠤᠷᠪᠠ᠄ ᠠᠵᠢᠯ ᠤᠨ ᠱᠠᠭᠠᠷᠳᠠᠯᠭ᠎ᠠ    ︵1︶ ᠤᠳᠤᠷᠢᠳᠤᠯᠭ᠎ᠠ ᠵᠤᠬᠢᠶᠠᠨ ᠪᠠᠶᠢᠭᠤᠯᠤᠯᠳᠠ ᠪᠠᠨ ᠴᠢᠩᠭᠠᠳᠬᠠᠬᠤ᠃ ᠡᠯ᠎ᠡ ᠰᠢᠶᠠᠩ ᠪᠠᠯᠭᠠᠰᠤ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠬᠦᠳᠡᠯᠭᠡᠭᠡᠨ ᠪᠠ ᠪᠤᠯᠪᠠᠰᠤᠨ ᠨᠤᠳᠤᠭ ᠤᠨ ᠰᠤᠷᠳᠠᠯ ᠢ ᠪᠤᠢ ᠪᠤᠯᠭᠠᠬᠤ  ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠠᠵᠢᠯ ᠢ ᠤᠶᠠᠯᠳᠤᠭᠤᠯᠵᠦ ᠦᠨᠳᠦᠰᠦᠨ ᠱᠠᠳᠤᠨ ᠤ ᠠᠵᠢᠯ ᠤᠨ ᠬᠦᠴᠦ ᠶᠢ ᠬᠦᠢᠴᠡᠳ ᠵᠤᠬᠢᠶᠠᠨ ᠪᠠᠶᠢᠭᠤᠯᠵᠦ᠂ ᠠᠶᠢᠯ ᠲᠤᠰᠬᠤᠨ ᠢᠶᠠᠷ ᠨᠢᠭᠡᠴᠢ ᠪᠤᠯᠭᠠᠵᠦ ᠲᠠᠷᠢᠶᠠᠨ ᠳᠠᠬᠢ᠂ ᠲᠠᠷᠢᠶᠠᠨ ᠦᠵᠦᠭᠦᠷ ᠢ ᠬᠦᠨᠵᠡᠭᠡᠢ ᠠᠷᠢᠯᠭᠠᠵᠦ᠂ ᠠᠵᠢᠯ ᠬᠤᠪᠢᠶᠠᠬᠤ ᠬᠠᠷᠢᠭᠤᠴᠠᠯᠭ᠎ᠠ ᠶᠢ ᠨᠠᠷᠢᠯᠢᠬᠵᠢᠭᠤᠯᠬᠤ᠂ ᠬᠠᠷᠢᠭᠤᠴᠠᠯᠭ᠎ᠠ ᠶᠢᠨ ᠤᠷᠤᠨ ᠢ ᠬᠤᠪᠢᠶᠠᠷᠢᠯᠠᠬᠤ ᠵᠡᠷᠭᠡ ᠠᠷᠭ᠎ᠠ ᠪᠠᠷ ᠬᠠᠷᠢᠭᠤᠴᠠᠯᠭ᠎ᠠ ᠶᠢ ᠪᠠᠳᠤ ᠴᠢᠩᠭ᠎ᠠ ᠨᠡᠶᠢᠳᠡᠪᠦᠷᠢᠵᠢᠭᠤᠯᠵᠦ᠂ ᠠᠵᠢᠯ ᠤᠨ ᠦᠷ᠎ᠡ ᠪᠦᠳᠦᠮᠵᠢ ᠶᠢ ᠪᠠᠳᠤᠯᠠᠨ᠎ᠠ᠃    ︵2︶ ᠤᠬᠠᠭᠤᠯᠭ᠎ᠠ ᠲᠠᠶᠢᠴᠢᠯᠠᠯᠳᠠ ᠪᠠᠨ ᠴᠢᠩᠭᠠᠳᠬᠠᠬᠤ᠃ ᠵᠠᠭᠤᠴᠢ᠂ ᠲᠤᠤᠷ ᠰᠦᠯᠵᠢᠶ᠎ᠠ ᠵᠡᠷᠭᠡ ᠤᠷᠢᠶᠠᠯᠠᠬᠤ ᠠᠷᠭ᠎ᠠ ᠵᠠᠮ ᠶᠢ ᠭᠦᠢᠴᠡᠳ ᠠᠰᠢᠬᠯᠠᠨ᠂ ᠡᠷᠦᠭᠡ ᠳᠤ ᠤᠷᠤᠵᠦ ᠨᠡᠪᠳᠡᠷᠡᠭᠦᠯᠬᠦ ᠵᠡᠷᠭᠡ ᠠᠷᠭ᠎ᠠ ᠠᠪᠴᠢᠯ ᠢ ᠤᠶᠠᠯᠳᠤᠭᠤᠯᠵᠦ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠦᠨ ᠵᠠᠰᠠᠬᠤ ᠬᠦᠳᠡᠯᠭᠡᠭᠡᠨ ᠤ ᠤᠬᠠᠭᠤᠯᠭ᠎ᠠ ᠶᠢᠨ ᠬᠦᠴᠦᠨ ᠢᠶᠠᠨ ᠴᠢᠩᠭᠠᠳᠬᠠᠵᠦ᠂ ᠬᠦᠮᠦᠨ ᠪᠤᠯᠭᠠᠨ ᠮᠡᠳᠡᠬᠦ ᠶᠢ ᠪᠠᠳᠤᠯᠠᠬᠤ ᠶᠢᠨ ᠬᠠᠮᠳᠤ ᠲᠠᠶᠢᠴᠢᠯᠠᠯᠳᠠ ᠪᠠᠨ ᠴᠢᠩᠭᠠᠳᠬᠠᠵᠦ ︽ᠭᠡᠷ ᠤᠨ ᠡᠮᠦᠨᠡᠬᠢ ᠲᠦᠷᠪᠡᠨ ᠵᠦᠢᠯ︾ ᠶᠢ ᠪᠦᠬᠦ ᠲᠠᠯ᠎ᠠ ᠪᠠᠷ ᠲᠤᠤᠱᠯᠠᠭᠤᠯᠵᠦ᠂ ᠤᠯᠠᠨ ᠨᠡᠶᠢᠳᠡ ᠶᠢᠨ ᠬᠦᠴᠦ ᠶᠢ ᠬᠦᠢᠴᠡᠳ ᠪᠠᠳᠠᠷᠠᠭᠤᠯᠤᠨ᠎ᠠ᠃    ︵3︶ ᠬᠢᠨᠠᠨ ᠪᠠᠶᠢᠴᠠᠭᠠᠯᠳᠠ ᠪᠠᠨ ᠴᠢᠩᠭᠠᠳᠬᠠᠬᠤ᠃ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠩ ᠤᠨ ᠤᠷᠤᠨ ᠤ ᠠᠵᠢᠯ ᠤᠨ ᠭᠡᠯᠳᠡᠰ ᠠᠴᠠ ᠲᠦᠷᠦᠭᠦᠯᠡᠵᠦ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠪᠠ ᠵᠠᠰᠠᠭ ᠤᠨ ᠤᠷᠳᠤᠨ ᠤ ᠠᠯᠪᠠᠨ ᠭᠡᠷ ᠤᠨ ᠱᠠᠭᠠᠷᠳᠠᠨ ᠪᠠᠢᠴᠠᠭᠠᠬᠤ ᠲᠠᠰᠤᠭ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠢᠶᠠᠷ ᠪᠦᠷᠢᠯᠳᠦᠭᠰᠡᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠦᠨ ᠵᠠᠰᠠᠬᠤ ᠠᠵᠢᠯ ᠤᠨ ᠪᠠᠶᠢᠴᠠᠭᠠᠬᠤ ᠪᠠᠭ᠎ᠠ ᠲᠤᠭᠤᠶᠢᠯᠠᠩ᠂ ᠰᠠᠷ᠎ᠠ ᠶᠢᠨ ᠮᠡᠳᠡᠭᠦᠯᠦᠯᠳᠡ ᠶᠢᠨ ᠭᠡᠯᠪᠡᠷᠢ ᠶᠢ ᠠᠰᠢᠬᠯᠠᠵᠦ ᠡᠯ᠎ᠡ ᠰᠢᠶᠠᠩ ᠪᠠᠯᠭᠠᠰᠤ᠂ ᠠᠶᠢᠯ ᠲᠤᠰᠬᠤᠨ ᠤ ᠡᠷᠡᠭᠦᠯ ᠬᠠᠮᠠᠭᠠᠯᠠᠯ ᠳᠤ ᠪᠠᠶᠢᠴᠠᠭᠠᠯᠳᠠ ᠬᠢᠵᠦ᠂ ᠨᠠᠶᠢᠳᠠᠪᠤᠷᠢᠵᠢᠭᠤᠯᠬᠤ ᠨᠢ ᠬᠦᠢᠴᠡᠳ ᠦᠭᠡᠢ᠂ ᠡᠰᠡ ᠦᠢᠯᠡᠳᠦᠭᠰᠡᠨ ᠰᠢᠶᠠᠩ ᠪᠠᠯᠭᠠᠰᠤ ᠵᠢᠴᠢ ᠭᠡᠰᠡᠭ ᠢᠶᠠᠷ ᠲᠠᠭᠠᠭᠠᠴᠢᠯᠠᠬᠰᠠᠨ ᠺᠠᠳ᠋ᠷ ᠢ ᠵᠠᠷᠯᠠᠬᠤ ᠭᠡᠷᠡᠭᠳᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号