ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠠᠴᠠ ᠦᠪᠡᠷᠳᠡᠭᠡᠨ ᠵᠠᠰᠠᠬᠤ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠱᠢᠶ᠎ᠠ ᠦᠵᠡᠬᠦᠯᠬᠦ ᠰᠢᠶᠠᠨ ᠢ ᠪᠦᠳᠦᠭᠡᠨ ᠪᠠᠶᠢᠭᠤᠯᠬᠤ ᠠᠵᠢᠯ ᠤᠨ ᠲᠤᠬᠠᠢ ᠭᠡᠷᠡᠭᠵᠢᠬᠦᠯᠬᠦ ᠲᠦᠰᠦᠪ ᠤᠨ ᠮᠡᠳᠡᠭᠳᠡᠯ
ᠨᠡᠶᠢᠲᠡᠯᠡᠭᠰᠡᠨ ᠴᠠᠭ᠄
2018-05-06
        ᠲᠦᠴᠢᠤᠸᠠᠨ ᠵᠠᠰᠠᠭ ᠠᠯᠪᠠᠨ ᠲᠠᠷᠬᠠᠭᠠᠬᠰᠠᠨ ﹇2018﹈ 76 ᠳ᠋ᠤᠭᠠᠷ ᠲᠤᠭᠠᠳᠤ   ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠬ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠄   ︽ᠲᠦᠴᠢᠤᠸᠠᠨ ᠰᠢᠶᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠱᠢᠶ᠎ᠡ ᠦᠵᠡᠬᠦᠯᠬᠦ ᠰᠢᠶᠠᠨ ᠢ ᠪᠦᠳᠦᠭᠡᠨ ᠪᠠᠶᠢᠭᠤᠯᠬᠤ ᠠᠵᠢᠯ ᠤᠨ ᠭᠡᠷᠡᠭᠵᠢᠬᠦᠯᠬᠦ ᠲᠦᠰᠦᠯ︾ ᠢ ᠡᠳᠦᠭᠡ ᠲᠠᠨᠠᠷ ᠲᠤ ᠲᠠᠷᠤᠮᠠᠯᠯᠠᠨ ᠲᠠᠷᠬᠠᠭᠠᠪᠠ᠂ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠤᠭᠠᠷᠠᠢ︕                                        2018 ᠤᠨ ᠤ 5 ᠰᠠᠷ᠎ᠠ ᠶᠢᠨ 6 ᠤ ᠡᠳᠦᠷ    ᠲᠦᠴᠢᠤᠸᠠᠨ ᠰᠢᠶᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠦᠭᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠱᠢᠶᠡᠴᠢ ᠰᠢᠶᠠᠨ ᠢ ᠪᠦᠳᠦᠭᠡᠨ ᠪᠠᠶᠢᠭᠤᠯᠬᠤ ᠠᠵᠢᠯ ᠤᠨ ᠭᠡᠷᠡᠭᠵᠢᠬᠦᠯᠬᠦ ᠲᠦᠰᠦᠯ᠃   ︽ᠪᠦᠬᠦ ᠰᠢᠶᠠᠨ ᠤ ᠪᠡᠶ᠎ᠡ ᠴᠢᠬᠢᠷᠠᠬᠵᠢᠭᠤᠯᠬᠤ ᠭᠡᠷᠡᠭᠵᠢᠬᠦᠯᠬᠦ ᠲᠦᠯᠦᠪᠯᠡᠭᠡ ︵2016 — 2020 ᠤᠨ︶︾ ᠢ ᠨᠠᠶᠢᠳᠠᠪᠤᠷᠢᠵᠢᠭᠤᠯᠬᠤ ᠶᠢᠨ ᠲᠤᠰᠠᠳᠠ ︽ᠪᠦᠬᠦ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠱᠢᠶ᠎ᠡ ᠦᠵᠡᠭᠦᠯᠬᠦ ᠰᠢᠶᠠᠨ ︵ᠬᠤᠳᠠ᠂ ᠪᠠᠯᠭᠠᠰᠤ︶ ᠶᠢᠨ ᠬᠦᠳᠡᠯᠭᠡᠭᠡᠨ ᠤ ᠲᠤᠬᠠᠢ ᠦᠪᠡᠷᠳᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ ᠎ᠠ ᠶᠢᠨ ᠮᠡᠳᠡᠭᠳᠡᠯ︾ ᠤᠨ ᠶᠤᠰᠤᠭᠠᠷ ︵ᠦᠪᠦᠷ ᠲᠠᠮᠢᠷ ᠪᠦᠯᠦᠭ ᠦᠰᠦᠭ ﹇2017﹈ 15 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠤᠰᠤᠭᠠᠷ᠂ ᠮᠠᠨ ᠤ ᠰᠢᠶᠠᠨ ᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠦ᠂ ᠲᠤᠰ ᠭᠡᠷᠡᠭᠵᠢᠬᠦᠯᠬᠦ ᠲᠦᠰᠦᠯ ᠢ ᠲᠤᠬᠳᠠᠭᠠᠪᠠ᠃ ᠨᠢᠭᠡ᠄ ᠵᠢᠯᠤᠭᠤᠳᠬᠤ ᠦᠵᠡᠯ ᠰᠠᠨᠠᠭ᠎ᠠ   ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢ ᠶᠢᠨ ᠫᠢᠡᠭ ᠶᠡᠷᠦᠩᠭᠡᠢ ᠱᠦᠵᠢ ᠶᠢᠨ ᠰᠢᠷᠢᠰ ᠶᠡᠷᠢᠶ᠎ᠡ ᠶᠢᠨ ᠵᠤᠷᠢᠬ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ ᠎ᠠ᠂ ᠠᠷᠠᠳ ᠤᠨ ᠵᠠᠰᠠᠬ ᠤᠨ ᠤᠷᠳᠤᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢᠨ ᠲᠤᠭᠤᠷᠢᠨ ᠳᠤ ᠦᠪᠡᠷᠳᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠠᠵᠢᠯ ᠤᠨ ︽33533︾ ᠤ ᠭᠦᠭᠵᠢᠯᠳᠡ ᠶᠢᠨ ᠰᠡᠳᠬᠢᠮᠵᠢ ᠶᠢ ᠬᠦᠷᠢᠶᠡᠯᠡᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠳᠡᠯᠭᠡᠭᠡᠨ ᠢ ᠦᠷᠭᠡᠨ ᠢᠶᠠᠷ ᠶᠠᠪᠤᠬᠳᠠᠭᠤᠯᠵᠦ ᠪᠦᠬᠦ ᠠᠷᠠᠳ ᠤᠨ ᠪᠡᠶ᠎ᠠ ᠴᠢᠬᠢᠷᠠᠬᠵᠢᠭᠤᠯᠬᠤ ᠬᠦᠮᠦᠨ ᠠᠮᠠ ᠶᠢ ᠨᠡᠮᠡᠭᠳᠡᠬᠦᠯᠦᠨ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠ ᠨᠡᠶᠢᠭᠡᠮ ᠤᠨ ᠪᠡᠶ᠎ᠡ ᠲᠠᠮᠢᠷ ᠤᠨ ᠵᠢᠯᠤᠭᠤᠳᠤᠬᠴᠢ ᠶᠢ ᠪᠤᠯᠪᠠᠰᠤᠷᠠᠭᠤᠯᠬᠤ ᠶᠢ ᠴᠢᠩᠭᠠᠳᠬᠠᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠤᠬᠠᠭᠤᠯᠭ᠎ᠠ ᠪᠠᠨ ᠴᠢᠩᠭᠠᠳᠬᠠᠵᠦ᠂ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠵᠦ ᠲᠠᠰᠤᠷᠠᠯᠳᠠ ᠦᠭᠡᠢ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠬᠦ ᠤᠯᠠᠨ ᠡᠰᠢᠴᠢᠯᠡᠯᠳᠡ ᠶᠢᠨ ᠪᠡᠶ᠎ᠡ ᠴᠢᠬᠢᠷᠠᠬᠵᠢᠭᠤᠯᠬᠤ ᠭᠡᠷᠡᠭᠴᠡᠭᠡ ᠶᠢ ᠬᠠᠨᠭ᠍ᠭᠠᠨ᠎ᠠ᠃ ᠬᠤᠶᠠᠷ᠄ ᠠᠵᠢᠯ ᠤᠨ ᠬᠠᠷᠠᠯᠳᠠ   ᠪᠦᠬᠦ ᠠᠷᠠᠳ ᠲᠠᠮᠢᠷ ᠲᠤ ᠤᠷᠤᠯᠴᠠᠬᠤ ᠪᠠᠷ ᠬᠠᠷᠠᠯᠳᠠ ᠪᠠᠨ ᠪᠤᠯᠭᠠᠵᠦ᠂ ᠲᠠᠯᠠᠪᠤᠷ ᠤᠨ ᠲᠦᠭᠦᠭᠡᠷᠦᠮᠵᠢ ᠶᠢ ᠪᠦᠳᠦᠭᠡᠨ ᠪᠠᠶᠢᠭᠤᠯᠬᠤ ᠪᠠᠷ ᠲᠤᠯᠭᠠᠭᠤᠷᠢ ᠪᠤᠯᠭᠠᠵᠦ᠂ ᠠᠷᠠᠳ ᠲᠦᠮᠡᠨ ᠤ ᠪᠦᠭᠦ ᠠᠷᠠᠳ ᠤᠨ ᠪᠡᠶ᠎ᠡ ᠴᠢᠬᠢᠷᠠᠬᠵᠢᠭᠤᠯᠬᠤ ᠭᠡᠷᠡᠭᠴᠡᠭᠡ ᠶᠢ ᠬᠠᠨᠭ᠍ᠭᠠᠬᠤ ᠪᠠᠷ ᠦᠨᠳᠦᠰᠦ ᠪᠤᠯᠭᠠᠵᠦ᠂ ᠲᠠᠮᠢᠷ ᠤᠨ ᠨᠡᠶᠢᠳᠡ ᠶᠢᠨ ᠦᠢᠢᠯᠡᠴᠢᠯᠡᠭᠡᠨ ᠤ ᠲᠠᠨᠢᠯᠳᠠ ᠪᠠᠨ ᠳᠡᠭᠡᠭᠰᠢᠯᠡᠭᠦᠯᠵᠦ ᠲᠠᠮᠢᠷ ᠤᠨ ᠠᠮᠢᠳᠤᠷᠠᠯ ᠤᠨ ᠤᠯᠠᠨ ᠡᠰᠢᠴᠢᠯᠡᠯᠳᠡ ᠶᠢ ᠲᠦᠯᠬᠢᠨ ᠠᠬᠢᠭᠤᠯᠵᠦ᠂ ᠬᠤᠳᠠ ᠪᠠᠯᠭᠠᠰᠤ ᠶᠢᠨ ᠪᠦᠳᠦᠴᠡ ᠨᠢ ᠬᠠᠤᠯᠢ ᠶᠤᠰᠤᠨ ᠤ ᠲᠤᠤᠷ ᠰᠦᠯᠵᠢᠶ᠎ᠡ ᠶᠢ ᠪᠦᠷᠢᠳᠭᠡᠵᠦ᠂ ᠡᠵᠡᠩᠨᠡᠯᠳᠡ ᠨᠢ ᠬᠦᠴᠦᠨ ᠲᠠᠢ᠂ ᠤᠷᠤᠯᠴᠠᠬᠤ ᠳᠤ ᠲᠦᠳᠡ᠂ ᠠᠷᠠᠳ ᠳᠤ ᠠᠰᠢᠬᠳᠠᠢ᠂ ᠲᠦᠭᠦᠮ ᠦᠵᠡᠭᠦᠯᠬᠦ ᠪᠦᠬᠦ ᠠᠷᠠᠳ ᠤᠨ ᠨᠡᠶᠢᠳᠡ ᠶᠢᠨ ᠦᠢᠯᠡᠴᠢᠯᠡᠭᠡᠨ ᠤ ᠰᠢᠰᠲᠤᠮ ᠢ ᠪᠦᠳᠦᠭᠡᠨ ᠪᠠᠶᠢᠭᠤᠯᠵᠦ ᠲᠡᠭᠦᠯᠳᠡᠷᠵᠢᠭᠦᠯᠦᠨ᠎ᠡ᠃ 2018 ᠤᠨ ᠳᠤ ᠦᠪᠡᠷᠳᠡᠭᠡᠨ ᠵᠠᠰᠠᠬᠤ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠢᠱᠢᠶ᠎ᠡ ᠦᠵᠡᠭᠦᠯᠬᠦ ᠰᠢᠶᠠᠨ ᠢ ᠠᠮᠵᠢᠯᠳᠠ ᠲᠠᠢ ᠪᠠᠷ ᠪᠦᠳᠦᠭᠡᠨ ᠪᠠᠶᠢᠭᠤᠯᠵᠦ᠂ ᠠᠷᠠᠳ ᠲᠦᠮᠡᠨ ᠤ ᠭᠡᠷᠡᠭᠴᠡᠭᠡ ᠶᠢ ᠬᠠᠨᠭ᠍ᠭᠠᠵᠦ ᠴᠢᠳᠠᠵᠠᠢ᠃ ᠭᠤᠷᠪᠠ᠄ ᠠᠭᠤᠯᠭ᠎ᠠ ᠶᠢᠨ ᠪᠦᠳᠦᠭᠡᠨ ᠪᠠᠶᠢᠭᠤᠯᠤᠯᠳᠠ   ︵1︶ ᠰᠢᠶᠠᠨ ᠤ ᠵᠠᠰᠠᠬ ᠤᠨ ᠤᠷᠳᠤᠨ ᠤ ᠭᠤᠤᠯ ᠤᠳᠤᠷᠢᠳᠤᠯᠭ᠎ᠠ ᠲᠤᠭᠤᠢᠢᠯᠠᠩ ᠤᠨ ᠲᠠᠷᠤᠭ᠎ᠠ᠂ ᠬᠤᠪᠢᠶᠠᠨ ᠬᠠᠷᠢᠭᠤᠴᠠᠬᠤ ᠤᠳᠤᠷᠢᠳᠤᠯᠭ᠎ᠠ ᠲᠤᠭᠤᠢᠢᠯᠠᠩ ᠤᠨ ᠳᠡᠳ᠋ ᠲᠠᠷᠤᠭ᠎ᠠ ᠪᠤᠯᠵᠦ᠂ ᠡᠯ᠎ᠡ ᠬᠠᠮᠢᠶ᠎ᠠ ᠪᠦᠬᠦᠢ ᠨᠢᠭᠡᠴᠢ ᠶᠢᠨ ᠭᠤᠤᠯ ᠤᠳᠤᠷᠢᠳᠤᠯᠭ᠎ᠠ ᠶᠢ ᠭᠡᠰᠢᠭᠦᠨ ᠪᠤᠯᠭᠠᠵᠦ᠂ ᠠᠵᠢᠯ ᠤᠨ ᠤᠳᠤᠷᠢᠳᠬᠤ ᠪᠠᠭ᠎ᠠ ᠲᠤᠭᠤᠢᠢᠯᠠᠩ ᠢ ᠪᠦᠳᠦᠭᠡᠨ ᠪᠠᠶᠢᠭᠤᠯᠤᠨ᠎ᠠ᠃ ᠤᠳᠤᠷᠢᠳᠤᠯᠭ᠎ᠠ ᠶᠢᠨ ᠪᠠᠭ᠎ᠠ ᠲᠤᠭᠤᠢᠢᠯᠠᠩ ᠤᠨ ᠠᠯᠪᠠᠨ ᠭᠡᠷ ᠢ ᠰᠢᠶᠠᠨ ᠤ ᠰᠤᠶᠤᠯ᠂ ᠲᠠᠮᠢᠷ ᠬᠢᠭᠡᠳ ᠷᠠᠳᠢᠤ᠋ ᠲᠤᠯᠤᠰ ᠤᠨ ᠲᠤᠪᠴᠢᠶᠠᠨ ᠳᠤ ᠲᠤᠬᠢᠷᠠᠭᠤᠯᠤᠨ᠎ᠠ᠃   ︵2︶ ᠰᠤᠶᠤᠯ᠂ ᠲᠠᠮᠢᠷ ᠬᠢᠭᠡᠳ ᠷᠠᠳᠢᠤ᠋ ᠲᠤᠯᠤᠰ ᠤᠨ ᠲᠤᠪᠴᠢᠶ᠎ᠠ ᠪᠠᠷ ᠵᠢᠯᠤᠭᠤᠳᠤᠯᠵᠦ᠂ ᠰᠢᠶᠠᠨ ᠤ ᠪᠡᠶ᠎ᠡ ᠲᠠᠮᠢᠷ ᠤᠨ ᠨᠡᠶᠢᠭᠡᠮᠯᠢᠭ ᠢᠶᠠᠷ ᠭᠦᠳᠦᠴᠢ ᠪᠤᠯᠭᠠᠵᠦ ᠲᠠᠩ ᠵᠦᠢᠯ ᠤᠨ ᠪᠡᠶ᠎ᠡ ᠲᠠᠮᠢᠷ ᠤᠨ ᠨᠡᠶᠢᠭᠡᠮᠯᠢᠭ 39 ᠵᠤᠬᠢᠶᠠᠨ ᠪᠠᠢᠭᠤᠯᠤᠨ 100 ᠨᠡᠷᠡᠰ ᠵᠢᠯᠤᠭᠤᠳᠤᠬᠴᠢ ᠤᠷᠢᠨ᠎ᠠ᠃ ᠠᠷᠠᠳ ᠲᠦᠮᠡᠨ ᠤ ᠪᠡᠶ᠎ᠠ ᠲᠠᠮᠢᠷ ᠤᠨ ᠠᠵᠢᠯ ᠢ ᠤᠳᠤᠷᠢᠳᠤᠨ ᠵᠤᠬᠢᠶᠠᠨ ᠪᠠᠶᠢᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠵᠤᠬᠢᠶᠠᠨ ᠪᠠᠶᠢᠭᠤᠯᠤᠯᠳᠠ ᠶᠢ ᠠᠭᠠᠵᠢᠮ ᠢᠶᠠᠷ ᠲᠡᠭᠦᠯᠳᠡᠷᠵᠢᠭᠦᠯᠵᠦ᠂ ᠭᠡᠪᠴᠢᠶ᠎ᠡ ᠵᠤᠬᠢᠰᠳᠠᠢ᠂ ᠲᠡᠰ ᠲᠠᠷᠠᠭ᠎ᠠ ᠲᠠᠢ᠂ ᠦᠷᠭᠡᠨ ᠢᠶᠠᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠳᠡᠯᠭᠡᠭᠡᠨ ᠢ ᠦᠷᠨᠢᠭᠦᠯᠦᠨ᠎ᠡ᠃   ︵3︶ ᠪᠡᠶ᠎ᠠ ᠲᠠᠮᠢᠷ ᠤᠨ ᠲᠦᠭᠦᠭᠡᠷᠦᠮᠵᠢ ᠶᠢ ᠲᠡᠭᠦᠯᠳᠡᠷᠵᠢᠭᠦᠯᠬᠦ᠃ ︽ᠠᠷᠪᠠᠨ ᠮᠢᠨᠦ᠋ᠲ ᠤᠨ ᠪᠡᠶ᠎ᠡ ᠴᠢᠬᠢᠷᠠᠬᠵᠢᠭᠤᠯᠬᠤ ᠲᠤᠭᠤᠷᠢᠭ︾ ᠢ ᠪᠦᠳᠦᠭᠡᠨ ᠪᠠᠶᠢᠭᠤᠯᠤᠨ᠎ᠠ᠃ ᠰᠢᠶᠠᠨ ᠤ ᠲᠡᠰ ᠤᠨ ᠦᠨᠳᠦᠰᠦᠨ ᠱᠠᠳᠤᠨ ᠤ ᠪᠡᠶ᠎ᠡ ᠲᠠᠮᠢᠷ ᠤᠨ ᠲᠦᠭᠦᠭᠡᠷᠦᠮᠵᠢ ᠶᠢ ᠪᠠᠶᠢᠭᠤᠯᠤᠨ ︽ᠲᠦᠷᠪᠡᠨ ᠨᠢᠭᠡ︾ ᠢᠨᠵᠧᠨᠧᠷᠢᠩ ᠢ ᠪᠠᠶᠢᠭᠤᠯᠵᠦ᠂ ᠲᠠᠷᠤᠢ ᠨᠢᠭᠡ ᠲᠠᠮᠢᠷ ᠤᠨ ᠲᠠᠯᠠᠪᠤᠷ᠂ ᠨᠢᠭᠡ ᠲᠠᠮᠢᠷ ᠤᠨ ᠲᠠᠩᠬᠢᠮ᠂ ᠨᠢᠭᠡ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠳᠡᠯᠭᠡᠭᠡᠨ ᠤ ᠲᠦᠪ᠂ ᠨᠢᠭᠡ ᠪᠡᠶ᠎ᠡ ᠲᠠᠮᠢᠷ ᠤᠨ ᠴᠡᠴᠡᠷᠯᠢᠭ ᠪᠤᠯᠤᠨ᠎ᠠ᠃ 9 ᠨᠡᠶᠢᠭᠡᠮ ᠤᠨ ᠲᠤᠭᠤᠷᠢᠭ᠂ 188 ᠵᠠᠰᠠᠭ ᠵᠠᠬᠢᠷᠭᠠᠨ ᠤ ᠲᠤᠰᠬᠤᠨ 2500 ᠲᠡᠭᠰᠢ ᠲᠦᠷᠪᠡᠯᠵᠢᠨ ᠮᠤᠳ᠋ᠷ ᠠᠴᠠ ᠲᠡᠭᠡᠭᠰᠢ ᠪᠦᠬᠦ ᠠᠷᠠᠳ ᠤᠨ ᠪᠡᠶ᠎ᠠ ᠴᠢᠬᠢᠷᠠᠬᠵᠢᠭᠤᠯᠬᠤ ᠦᠷᠳᠡᠭᠡ ᠶᠢ ᠪᠦᠳᠦᠭᠡᠨ ᠪᠠᠢᠭᠤᠯᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠤᠨᠤᠭ ᠲᠦᠭᠦᠭᠡᠷᠦᠮᠵᠢ ᠳᠤ ᠪᠡᠯᠡ ᠤᠷᠤᠯᠠᠭᠤᠯᠤᠯᠳᠠ ᠪᠠᠨ ᠴᠢᠩᠭᠠᠳᠬᠠᠵᠦ᠂ ᠡᠷᠡᠭᠦᠯ ᠨᠡᠶᠢᠳᠡ ᠶᠢᠨ ᠪᠡᠶ᠎ᠡ ᠲᠠᠮᠢᠷ ᠤᠨ ᠲᠠᠯᠠᠪᠤᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠦ᠂ ᠲᠦᠭᠦᠭᠡᠷᠦᠮᠵᠢ ᠶᠢᠨ ᠪᠦᠷᠢᠨ ᠪᠦᠳᠦᠨ ᠨᠤᠷᠮ᠎ᠠ ᠨᠢ 90% ᠠᠴᠠ ᠲᠡᠭᠡᠭᠰᠢ᠂ ᠬᠦᠮᠦᠨ ᠪᠦᠷᠢ ᠶᠢᠨ ᠲᠡᠭᠰᠢᠳᠭᠡᠭᠰᠡᠨ ᠲᠠᠮᠢᠷ ᠤᠨ ᠲᠠᠯᠠᠪᠠᠢ 2.3 ᠲᠡᠭᠰᠢ ᠲᠦᠷᠪᠡᠯᠵᠢᠨ ᠮᠤᠳ᠋ᠷ ᠠᠴᠠ ᠲᠡᠭᠡᠭᠰᠢ ᠪᠠᠶᠢᠯᠭᠠᠬᠤ ᠭᠡᠷᠡᠭᠳᠡᠢ᠃   ︵4︶ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠬᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠦ᠂ ︽ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠤᠬᠠᠢ ᠭᠡᠷᠡᠭᠵᠢᠬᠦᠯᠬᠦ ᠲᠦᠯᠦᠪᠯᠡᠭᠡ ︵2016-2020 ᠤᠨ︶︾ ᠢ ᠲᠤᠤᠱᠯᠠᠭᠤᠯᠤᠨ᠎ᠠ᠃ ᠬᠤᠶᠠᠷ ᠵᠢᠯ ᠳᠤ ᠨᠢᠭᠡ ᠤᠳᠠᠭ᠎ᠠ ᠪᠦᠬᠦ ᠰᠢᠶᠠᠨ ᠤ ᠪᠡᠶ᠎ᠡ ᠲᠠᠮᠢᠷ ᠤᠨ ᠬᠦᠳᠡᠯᠭᠡᠭᠡᠨ ᠦᠷᠨᠢᠬᠦᠯᠵᠦ᠂ ᠪᠦᠬᠦ ᠰᠢᠶᠠᠨ ᠵᠢᠯ ᠪᠦᠷᠢ ᠬᠠᠮᠤᠭ ᠪᠠᠭ᠎ᠠ ᠳᠤ ᠪᠠᠨ 12 ᠵᠦᠢᠯ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠳᠡᠯᠭᠡᠭᠡᠨ᠂ ᠡᠯ᠎ᠡ ᠰᠢᠶᠠᠩ ᠪᠠᠯᠭᠠᠰᠤ ᠵᠢᠯ ᠪᠦᠷᠢ ᠬᠠᠮᠤᠭ ᠪᠠᠭ᠎ᠠ ᠳᠤ ᠪᠠᠨ 5 ᠵᠦᠢᠯ ᠠᠴᠠ ᠲᠡᠭᠡᠭᠰᠢ ᠭᠠᠵᠠᠷ ᠤᠷᠤᠨ ᠤ ᠤᠨᠴᠠᠯᠢᠭ ᠲᠠᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠳᠡᠯᠭᠡᠭᠡᠨ ᠦᠷᠨᠢᠭᠦᠯᠦᠭᠰᠡᠨ ᠪᠠᠶᠢᠬᠤ ᠭᠡᠷᠡᠭᠳᠡᠢ᠃ᠲᠦᠷᠪᠡ᠄ ᠪᠠᠳᠤᠯᠠᠬᠤ ᠠᠷᠭ᠎ᠠ ᠭᠡᠮᠵᠢᠶ᠎ᠡ   ︽ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠤᠬᠠᠢ ᠭᠡᠷᠡᠭᠵᠢᠬᠦᠯᠬᠦ ᠲᠦᠯᠦᠪᠯᠡᠭᠡ ︵2016-2020 ᠤᠨ︶︾ ᠢ ᠵᠢᠷᠤᠮᠯᠡᠨ᠂ ︽ᠵᠠᠰᠠᠭ ᠤᠨ ᠤᠷᠳᠤᠨ ᠢᠶᠠᠷ ᠤᠳᠤᠷᠢᠳᠤᠮᠵᠢ ᠪᠤᠯᠭᠠᠵᠦ᠂ ᠰᠠᠯᠪᠤᠷᠢ ᠬᠠᠮᠵᠢᠵᠦ᠂ ᠨᠡᠶᠢᠬᠡᠮ ᠢᠶᠠᠷ ᠢᠶᠠᠨ ᠤᠷᠤᠯᠴᠠᠬᠰᠠᠨ ᠠᠵᠢᠯ ᠤᠨ ᠪᠦᠳᠦᠴᠢ ᠶᠢ ᠪᠠᠶᠢᠭᠤᠯᠬᠤ︾ ᠪᠤᠳᠠᠳᠠᠢ ᠠᠴᠠ ᠡᠭᠦᠰᠬᠦ ᠶᠢ ᠪᠠᠷᠢᠮᠳᠠᠯᠠᠵᠦ᠂ ᠭᠠᠵᠠᠷ ᠤᠷᠤᠨᠴᠢ ᠤᠨᠴᠠᠯᠢᠭ ᠢ ᠬᠦᠨ ᠡᠷᠢᠯᠬᠢᠯᠡᠵᠦ᠂ ᠠᠭᠠᠵᠢᠮ ᠢᠶᠠᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠢᠰᠲᠤᠮ ᠢ ᠪᠦᠷᠢᠯᠳᠦᠭᠦᠯᠦᠨ᠎ᠡ᠃   ︵1︶ ᠤᠳᠤᠷᠢᠳᠤᠯᠭ᠎ᠠ ᠪᠠᠨ ᠴᠢᠩᠭᠠᠳᠬᠠᠵᠦ᠂ ᠰᠡᠳᠬᠢᠯᠴᠢᠯᠡᠨ ᠵᠤᠬᠢᠶᠠᠨ ᠪᠠᠶᠢᠭᠤᠯᠬᠤ᠃ ︽ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠤᠬᠳᠠᠭᠠᠯ︾ ᠢ ᠦᠨᠳᠦᠰᠦᠯᠡᠪᠡᠯ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠬᠦᠭᠵᠢᠯᠳᠡ ᠶᠢᠨ ᠠᠵᠢᠯ ᠢ ᠪᠦᠬᠦ ᠰᠢᠶᠠᠨ ᠤ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠶᠡᠷᠦᠩᠭᠡᠢ ᠲᠤᠬᠳᠠᠭᠠᠯ ᠳᠤ ᠤᠷᠤᠭᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ ᠶᠢᠨ ᠵᠠᠰᠠᠭ ᠤᠨ ᠤᠷᠳᠤᠨ ᠤ ᠴᠢᠬᠤᠯᠠ ᠭᠡᠷᠡᠭ ᠤᠨ ᠵᠦᠪᠯᠡᠯᠭᠡᠨ ᠤ ᠠᠵᠢᠯ ᠤᠨ ᠲᠦᠯᠦᠪᠯᠡᠭᠡ ᠳᠤ ᠤᠷᠤᠭᠤᠯᠵᠦ ᠪᠡᠶ᠎ᠡ ᠲᠠᠮᠢᠷ ᠤᠨ ᠠᠵᠢᠯ ᠤᠨ ᠤᠳᠤᠷᠢᠳᠤᠯᠭ᠎ᠠ ᠪᠠᠨ ᠵᠤᠬᠢᠴᠠᠭᠤᠯᠤᠨ᠎ᠠ᠃ ᠡᠯ᠎ᠡ ᠬᠠᠮᠢᠶ᠎ᠠ ᠪᠦᠬᠦᠢ ᠡᠷᠭᠡᠳᠦ ᠰᠠᠯᠪᠤᠷᠢ ᠶᠢᠨ ᠲᠦᠷᠦ ᠶᠢᠨ ᠪᠤᠳᠤᠯᠭ᠎ᠠ ᠶᠢ ᠲᠤᠬᠳᠠᠭᠠᠬᠤ ᠪᠠ ᠡᠬᠢ ᠪᠠᠶᠠᠯᠢᠭ ᠢ ᠲᠤᠬᠢᠷᠠᠭᠤᠯᠬᠤ ᠲᠠᠯ᠎ᠠ ᠶᠢᠨ ᠢᠳᠡᠪᠬᠢ ᠴᠢᠨᠠᠷ᠂ ᠪᠦᠳᠦᠭᠡᠯᠴᠢ ᠴᠢᠨᠠᠷ ᠢ ᠬᠦᠢᠴᠡᠳ ᠪᠠᠳᠠᠷᠠᠭᠤᠯᠵᠦ᠂ ᠠᠵᠢᠯ ᠤᠨ ᠬᠠᠷᠠᠯᠳᠠ ᠪᠠ ᠰᠠᠯᠪᠤᠷᠢ ᠶᠢᠨ ᠬᠠᠷᠢᠭᠤᠴᠠᠯᠭ᠎ᠠ ᠶᠢ ᠲᠤᠳᠤᠷᠬᠠᠢ ᠪᠤᠯᠭᠠᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠶᠢ ᠪᠤᠳᠠᠳᠠᠶᠢᠵᠢᠭᠤᠯᠵᠦ᠂ ᠨᠢᠭᠡᠳᠦᠯᠳᠡᠢ ᠲᠦᠯᠦᠪᠯᠡᠵᠦ ᠲᠤᠬᠢᠷᠠᠭᠤᠯᠤᠯᠳᠠ ᠪᠠᠨ ᠴᠢᠩᠭᠠᠳᠬᠠᠵᠦ᠂ ᠠᠵᠢᠯ ᠤᠨ ᠨᠡᠶᠢᠯᠡᠮᠡᠯ ᠬᠦᠴᠦ ᠶᠢ ᠪᠦᠷᠢᠯᠳᠦᠭᠦᠯᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠠᠵᠢᠯ ᠤᠨ ᠭᠦᠭᠵᠢᠯᠳᠡ ᠶᠢ ᠠᠬᠢᠭᠤᠯᠤᠨ᠎ᠠ᠃ ᠪᠡᠶ᠎ᠡ ᠲᠠᠮᠢᠷ ᠤᠨ ᠭᠤᠤᠯ ᠬᠠᠮᠢᠶᠠᠷᠤᠯᠳᠠ ᠶᠢᠨ ᠰᠠᠯᠪᠤᠷᠢ ᠴᠢᠩᠭ᠎ᠠ ᠲᠦᠯᠦᠪᠯᠡᠵᠦ ᠪᠤᠳᠠᠳᠠᠶᠢᠵᠢᠷᠠᠭᠤᠯᠤᠨ᠎ᠠ᠃ ᠪᠤᠰᠤᠳ ᠰᠠᠯᠪᠤᠷᠢ ᠶᠢᠨ ᠬᠤᠭᠤᠷᠤᠨᠳᠤᠬᠢ ᠬᠠᠷᠢᠯᠴᠠᠭ᠎ᠠ ᠪᠠᠨ ᠴᠢᠩᠭᠠᠳᠬᠠᠵᠦ᠂ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢ ᠠᠬᠢᠭᠤᠯᠵᠦ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠠᠮᠵᠢᠨ ᠲᠡᠭᠡᠭᠰᠢᠯᠡᠭᠦᠯᠦᠨ᠎ᠡ᠃   ︵2︶ ᠤᠷᠤᠭᠤᠯᠤᠯᠳᠠ ᠪᠠᠨ ᠨᠡᠮᠡᠭᠳᠡᠭᠦᠯᠵᠦ᠂ ᠪᠠᠳᠤᠯᠠᠭ᠎ᠠ ᠪᠠᠨ ᠰᠠᠶᠢᠵᠢᠷᠠᠭᠤᠯᠬᠤ᠃ᠰᠢᠶᠠᠨ᠂ ᠰᠢᠶᠠᠩ ᠬᠤᠶᠠᠷ ᠱᠠᠳᠤᠨ ᠤ ᠵᠠᠰᠠᠭ ᠤᠨ ᠤᠷᠳᠤᠨ ᠪᠡᠶ᠎ᠡ ᠲᠠᠮᠢᠷ ᠤᠨ ᠠᠵᠢᠯ ᠤᠨ ᠵᠠᠷᠤᠳᠠᠯ᠂ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠲᠤᠰ ᠱᠠᠳᠤᠨ ᠤ ᠡᠳ᠋ ᠶᠢᠨ ᠵᠠᠰᠠᠭ ᠤᠨ ᠲᠦᠰᠦᠪ ᠪᠠ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠯᠠᠭᠤᠯᠤᠯᠳᠠ ᠶᠢᠨ ᠲᠦᠯᠦᠪᠯᠡᠭᠡ ᠳᠤ ᠤᠷᠤᠭᠤᠯᠵᠦ᠂ ᠲᠠᠮᠢᠷ ᠤᠨ ᠠᠵᠢᠯ ᠤᠨ ᠵᠠᠷᠤᠳᠠᠯ ᠰᠦᠢᠳᠭᠡᠯ ᠡᠳ᠋ ᠶᠢᠨ ᠵᠠᠰᠠᠭ ᠤᠨ ᠤᠷᠤᠯᠠᠭᠤᠯᠤᠯᠳᠠ ᠶᠢᠨ ᠨᠡᠮᠡᠭᠳᠡᠯ ᠢ ᠲᠠᠭᠠᠨ ᠠᠭᠠᠵᠢᠮ ᠢᠶᠠᠷ ᠨᠡᠮᠡᠭᠳᠡᠨ᠎ᠡ᠃ ᠬᠦᠮᠦᠨ ᠪᠦᠷᠢ ᠶᠢᠨ ᠲᠡᠭᠰᠢᠳᠭᠡᠭᠰᠡᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠦᠢᠳᠭᠡᠯ 2 ᠲᠦᠭᠦᠷᠢᠭ ᠠᠴᠠ ᠲᠡᠭᠡᠭᠰᠢ ᠪᠠᠶᠢᠬᠤ ᠶᠢ ᠪᠠᠳᠤᠯᠠᠨ᠎ᠠ᠃   ︵3︶ ᠬᠠᠷᠠᠯᠳᠠ ᠲᠤᠳᠤᠷᠬᠠᠢ᠂ ᠤᠨᠴᠠᠯᠢᠭ ᠲᠤᠪᠤᠶᠢᠮ᠎ᠠ᠃ ᠪᠦᠳᠦᠭᠡᠨ ᠪᠠᠶᠢᠭᠤᠯᠬᠤ ᠠᠵᠢᠯ ᠨᠢ ᠮᠠᠨ ᠤ ᠰᠢᠶᠠᠨ ᠤ ᠪᠤᠳᠠᠳᠠᠢ ᠪᠠᠶᠢᠳᠠᠯ ᠲᠠᠢ ᠨᠡᠶᠢᠴᠡᠵᠦ᠂ ᠲᠤᠬᠠᠢ ᠶᠢᠨ ᠭᠠᠵᠠᠷ ᠲᠤ ᠨᠢ ᠲᠤᠬᠢᠷᠠᠭᠤᠯᠵᠦ᠂ ᠭᠡᠷᠡᠭᠴᠡᠭᠡᠨ ᠳᠤ ᠨᠢ ᠲᠤᠬᠢᠷᠠᠭᠤᠯᠵᠦ᠂ ᠬᠤᠳᠠ ᠪᠠᠯᠭᠠᠰᠤᠨ ᠤ ᠪᠦᠷᠭᠦᠴᠡ ᠬᠠᠷᠢᠴᠠᠩᠭᠤᠢ ᠪᠦᠷᠢᠨ ᠲᠦᠭᠦᠷ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠨᠡᠶᠢᠭᠡᠮ ᠤᠨ ᠦᠢᠯᠡᠴᠢᠯᠡᠭᠡᠨ ᠤ ᠰᠢᠰᠲᠤᠮ ᠢ ᠪᠠᠶᠢᠭᠤᠯᠵᠦ᠂ ᠤᠨᠴᠠᠭᠠᠢᠢᠯᠠᠨ ᠤᠯᠠᠨ ᠨᠡᠶᠢᠳᠡ ᠶᠢᠨ ᠪᠡᠶ᠎ᠡ ᠲᠠᠮᠢᠷ ᠤᠨ ᠲᠠᠯᠠᠪᠤᠷ ᠤᠨ ᠲᠦᠭᠦᠭᠡᠷᠦᠮᠵᠢ᠂ ᠪᠡᠶ᠎ᠡ ᠲᠠᠮᠢᠷ ᠤᠨ ᠵᠤᠬᠢᠶᠠᠨ ᠪᠠᠶᠢᠭᠤᠯᠤᠯᠳᠠ ᠶᠢᠨ ᠲᠤᠤᠷ ᠰᠦᠯᠵᠢᠶ᠎ᠡ ᠂ ᠨᠡᠶᠢᠭᠡᠮ ᠤᠨ ᠪᠡᠶ᠎ᠡ ᠲᠠᠮᠢᠷ ᠤᠨ ᠵᠢᠯᠤᠭᠤᠳᠤᠬᠴᠢ ᠶᠢᠨ ᠡᠩᠨᠡᠭᠡ᠂ ᠠᠷᠠᠳ ᠲᠦᠮᠡᠨ ᠤ ᠴᠢᠨᠠᠷᠳᠠᠢ ᠤᠷᠤᠯᠳᠤᠭᠠᠨ ᠤ ᠶᠠᠪᠤᠳᠠᠯ ᠤᠨ ᠬᠦᠳᠡᠯᠭᠡᠭᠡᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠶᠢᠨ ᠵᠢᠯᠤᠭᠤᠳᠤᠮᠵᠢ ᠪᠠ ᠰᠤᠷᠠᠭ ᠵᠠᠩᠭᠢ ᠶᠢᠨ ᠦᠢᠯᠡᠴᠢᠯᠡᠭᠡᠨ ᠤ ᠰᠢᠰᠲᠤᠮ ᠵᠡᠷᠭᠡ ᠶᠢ ᠪᠦᠳᠦᠭᠡᠨ ᠪᠠᠶᠢᠭᠤᠯᠬᠤ ᠲᠠᠯ᠎ᠠ ᠪᠠᠷ ᠰᠡᠳᠬᠢᠯ ᠲᠠᠯᠪᠢᠵᠦ᠂ ᠵᠠᠬᠪᠤᠷ ᠶᠢᠨ ᠰᠢᠨ᠎ᠡ ᠶᠢ ᠡᠭᠦᠳᠴᠦ᠂ ᠤᠨᠴᠠᠯᠢᠭ ᠢ ᠲᠤᠪᠤᠶᠢᠯᠭᠠᠨ᠎ᠠ᠃   ︵4︶ ᠤᠷᠢᠶᠠᠯᠭ᠎ᠠ ᠪᠠᠨ ᠴᠢᠩᠭᠠᠳᠬᠠᠵᠦ᠂ ᠨᠦᠯᠦᠭᠡ ᠶᠢ ᠦᠷᠭᠡᠳᠭᠡᠬᠦ᠃ ᠲᠤᠯᠤᠰ᠂ ᠨᠡᠪᠳᠡᠷᠡᠭᠦᠯᠭᠡ᠂ ᠰᠤᠨᠢᠨ ᠰᠡᠳᠭᠦᠯ᠂ ᠲᠤᠤᠷ ᠰᠦᠯᠵᠢᠶ᠎ᠡ ᠵᠡᠷᠭᠡ ᠤᠯᠠᠨ ᠵᠦᠢᠯ ᠤᠨ ᠠᠴᠢᠶᠠᠯᠠᠪᠤᠷᠢ ᠪᠠᠷ ᠲᠠᠮᠵᠢᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠬᠦᠮᠦᠵᠢᠯ ᠢ ᠬᠦᠨᠵᠡᠭᠡᠢ ᠶᠠᠪᠤᠬᠳᠠᠭᠤᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠠᠷᠭ᠎ᠠ ᠶᠢ ᠲᠦᠭᠡᠮᠡᠯᠵᠢᠬᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠬᠵᠢᠭᠤᠯᠬᠤ ᠦᠷ᠎ᠡ ᠪᠦᠳᠦᠮᠵᠢ ᠶᠢ ᠤᠷᠢᠶᠠᠯᠠᠵᠦ᠂ ᠪᠡᠶ᠎ᠡ ᠲᠠᠮᠢᠷ ᠤᠨ ᠰᠤᠶᠤᠯ ᠢ ᠪᠠᠳᠠᠷᠠᠭᠤᠯᠤᠨ᠎ᠠ᠃ ᠠᠷᠠᠳ ᠲᠦᠮᠡᠨ ᠪᠡᠶ᠎ᠡ ᠴᠢᠬᠢᠷᠠᠬᠵᠢᠭᠤᠯᠬᠤ ᠲᠤᠷᠠᠳᠠᠢ᠂ ᠪᠡᠶ᠎ᠡ ᠴᠢᠬᠢᠷᠠᠬᠵᠢᠭᠤᠯᠵᠦ ᠴᠢᠳᠠᠬᠤ᠂ ᠪᠡᠶ᠎ᠡ ᠴᠢᠬᠢᠷᠠᠬᠵᠢᠭᠤᠯᠬᠤ ᠦᠳᠭᠡᠨ ᠵᠤᠵᠠᠭᠠᠨ ᠤᠷᠴᠢᠨ ᠲᠤᠭᠤᠷᠢᠨ ᠢ ᠪᠤᠢ ᠪᠤᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号