ᠠᠶᠢᠮᠠᠭ ᠤᠨ ᠭᠠᠯ ᠰᠡᠷᠭᠡᠶᠢᠯᠡᠵᠤ ᠤᠨᠳᠠᠷᠠᠭᠠᠬᠤ ᠰᠠᠯᠪᠤᠷᠢ ᠠᠩᠬᠢ ᠲᠠᠪᠤᠨ ᠲᠠᠯ᠎ᠠ ᠶᠢᠨ ᠠᠷᠭ᠎ᠠ ᠠᠪᠴᠠᠯ ᠢ ᠬᠡᠷᠡᠭᠵᠢᠬᠦᠯᠵᠦ ᠠᠷᠠᠳ ᠲᠤ ᠲᠦᠬᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2018-06-27
      ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ ᠂ ᠵᠠᠰᠠᠭ ᠢ ᠴᠤᠮᠬᠠᠳᠬᠠᠵᠦ ᠡᠷᠭᠡ ᠪᠠᠨ ᠰᠤᠯᠠᠯᠠᠬᠤ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠭᠠᠯ ᠰᠡᠷᠭᠡᠶᠢᠯᠡᠵᠤ ᠤᠨᠳᠠᠷᠠᠭᠠᠬᠤ ᠵᠠᠰᠠᠭ ᠵᠠᠬᠢᠷᠭᠠᠨ ᠤ ᠬᠠᠮᠢᠶᠠᠷᠤᠯᠳᠠ ᠦᠢᠯᠡᠴᠢᠯᠡᠭᠡ ᠶᠢᠨ ᠬᠢᠷᠢ ᠲᠦᠪᠰᠢᠨ ᠢ ᠤᠯᠠᠮ ᠢᠶᠠᠷ ᠳᠡᠭᠡᠭᠰᠢᠯᠡᠭᠦᠯᠭᠦ ᠪᠠᠷ᠂ 5 ᠰᠠᠷ᠎ᠠ ᠶᠢᠨ 18 ᠤ ᠡᠳᠦᠷ ᠠᠶᠢᠮᠠᠭ ᠤᠨ ᠭᠠᠯ ᠰᠡᠷᠭᠡᠶᠢᠯᠡᠵᠤ ᠤᠨᠳᠠᠷᠠᠭᠠᠬᠤ ᠰᠠᠯᠪᠤᠷᠢ ᠠᠩᠬᠢ ᠠᠴᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ᠂ ︽ᠵᠠᠰᠠᠭ ᠢ ᠴᠤᠮᠬᠠᠳᠬᠠᠵᠦ ᠡᠷᠭᠡ ᠪᠠᠨ ᠰᠤᠯᠠᠯᠠᠬᠤ᠂ ᠰᠤᠯᠠᠯᠠᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠠᠶᠢᠵᠢᠷᠠᠭᠤᠯᠬᠤ ︾ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠠᠷᠠᠳ ᠲᠤ ᠲᠦᠬᠦᠮ ᠦᠵᠡᠬᠦᠯᠬᠦ ᠠᠷᠭ᠎ᠠ ᠠᠪᠴᠠᠯ ᠵᠢᠴᠢ ᠵᠤᠨ ᠤ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠬᠦ ᠵᠡᠷᠭᠡ ᠬᠠᠮᠢᠶ᠎ᠡ ᠪᠦᠬᠦᠢ ᠪᠠᠶᠢᠳᠠᠯ ᠢ ᠨᠡᠶᠢᠳᠡᠯᠡᠭᠰᠡᠨ ᠪᠠᠶᠢᠨ᠎ᠠ᠃       ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠭᠰᠠᠨ ᠢᠶᠠᠷ᠂ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠵᠠᠰᠠᠭ ᠢ ᠴᠤᠮᠬᠠᠳᠬᠠᠵᠦ ᠡᠷᠭᠡ ᠪᠠᠨ ᠲᠠᠯᠪᠢᠬᠤ᠂ ᠰᠤᠯᠠᠯᠠᠵᠦ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠠᠶᠢᠵᠢᠷᠠᠭᠤᠯᠬᠤ ᠦᠭᠡᠷᠡᠴᠢᠯᠡᠯᠳᠡ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠠᠵᠦ ᠠᠬᠤᠢ ᠨᠡᠶᠢᠭᠡᠮ ᠤᠨ ᠲᠦᠷᠭᠡᠨ ᠬᠦᠭᠵᠢᠯᠳᠡ ᠳᠤ ᠦᠢᠯᠡᠴᠢᠯᠡᠵᠦ᠂ ᠰᠠᠶᠢᠨ ᠰᠠᠶᠢᠬᠠᠨ ᠠᠷᠠᠯᠵᠢᠶ᠎ᠡ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠪᠤᠢ ᠪᠤᠯᠭᠠᠬᠤ ᠪᠠᠷ᠂ ᠠᠶᠢᠮᠠᠭ ᠤᠨ ᠭᠠᠯ ᠰᠡᠷᠭᠡᠶᠢᠯᠡᠵᠤ ᠤᠨᠳᠠᠷᠠᠭᠠᠬᠤ ᠰᠠᠯᠪᠤᠷᠢ ᠠᠩᠬᠢ ᠲᠠᠪᠤᠨ ᠲᠠᠯ᠎ᠠ ᠶᠢᠨ ᠠᠷᠭ᠎ᠠ ᠠᠪᠴᠠᠯ ᠢ ᠬᠡᠷᠡᠭᠵᠢᠬᠦᠯᠵᠦ᠂ ᠠᠷᠠᠳ ᠲᠤ ᠲᠦᠬᠦᠮ ᠦᠵᠡᠬᠦᠯᠵᠦ ᠪᠤᠢ᠃     ᠨᠢᠭᠡ ᠳᠤ᠂ ᠭᠠᠯ ᠰᠡᠷᠭᠡᠶᠢᠯᠡᠵᠤ ᠤᠨᠳᠠᠷᠠᠭᠠᠬᠤ ᠬᠢᠨᠠᠨ ᠵᠦᠪᠰᠢᠶᠡᠷᠡᠬᠦ ᠡᠷᠭᠡ ᠳᠤ ᠲᠤᠬᠢᠷᠠᠭᠤᠯᠤᠯᠳᠠ ᠬᠢᠪᠡ᠃ ᠮᠠᠨ ᠤ ᠠᠶᠢᠮᠠᠭ ᠤᠨ ᠪᠤᠳᠠᠳᠦ ᠪᠠᠶᠢᠳᠠᠯ ᠲᠠᠢ ᠤᠶᠠᠯᠳᠤᠭᠤᠯᠵᠦ᠂ ᠠᠶᠢᠮᠠᠭ ᠤᠨ ᠱᠠᠳᠤᠨ ᠤ ᠭᠠᠯ ᠰᠡᠷᠭᠡᠶᠢᠯᠡᠵᠤ ᠤᠨᠳᠠᠷᠠᠭᠠᠬᠤ ᠰᠠᠯᠠᠭ᠎ᠠ ᠮᠦᠴᠢᠷ ᠤᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠨ ᠭᠠᠯ ᠰᠡᠷᠭᠡᠶᠢᠯᠡᠵᠤ ᠤᠨᠳᠠᠷᠠᠭᠠᠬᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠷᠭᠡ ᠪᠠ ᠲᠠᠩᠰᠠᠨ ᠳᠤ ᠲᠡᠮᠳᠡᠭᠯᠡᠬᠦ ᠬᠡᠷᠡᠭ ᠤᠴᠢᠷ ᠢ ᠡᠯ᠎ᠠ ᠬᠤᠰᠢᠭᠤ ᠰᠢᠶᠠᠨ ᠬᠤᠳᠠ ᠶᠢᠨ ᠭᠠᠯ ᠰᠡᠷᠭᠡᠶᠢᠯᠡᠵᠤ ᠤᠨᠳᠠᠷᠠᠭᠠᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠬᠦ ᠪᠤᠯᠭᠠᠪᠠ᠃     ᠬᠤᠶᠠᠷ ᠲᠤ᠂ ᠴᠠᠭ ᠬᠤᠭᠤᠴᠠᠭ᠎ᠠ ᠶᠢ ᠪᠤᠭᠤᠨᠢᠰᠬᠠᠨ᠂ ᠦᠷ᠎ᠠ ᠠᠰᠢᠭ ᠢ ᠲᠡᠭᠡᠭᠰᠢᠯᠡᠬᠦᠯᠪᠡ᠃ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠨ ᠭᠠᠯ ᠰᠡᠷᠭᠡᠶᠢᠯᠡᠵᠤ ᠤᠨᠳᠠᠷᠠᠭᠠᠬᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠷᠭᠡ᠂ ᠲᠠᠩᠰᠠᠨ ᠳᠤ ᠲᠡᠮᠳᠡᠭᠯᠡᠵᠦ ᠪᠠᠶᠢᠴᠠᠭᠠᠬᠤ ᠬᠡᠷᠡᠭ ᠤᠴᠢᠷ ᠢ ᠬᠦᠢᠴᠡᠳᠭᠡᠬᠦ ᠳᠤ ᠤᠤᠯ ᠤᠨ ᠬᠠᠤᠯᠢ ᠳᠤ ᠲᠤᠭᠳᠠᠭᠠᠭᠰᠠᠨ ᠴᠠᠭ ᠬᠤᠭᠤᠴᠠᠭ᠎ᠠ ᠶᠢᠨ ᠰᠠᠭᠤᠷᠢᠨ ᠲᠡᠭᠡᠷ᠎ᠠ 3 ᠡᠳᠦᠷ ᠪᠤᠭᠤᠨᠢᠰᠬᠠᠵᠦ᠂ ᠬᠡᠷᠡᠭ ᠤᠴᠢᠷ ᠬᠦᠢᠴᠡᠳᠭᠡᠬᠦ ᠦᠷ᠎ᠠ ᠠᠰᠢᠭ ᠢ ᠲᠡᠭᠡᠭᠰᠢᠯᠡᠬᠦᠯᠵᠡᠢ᠃     ᠭᠤᠷᠪᠠ ᠳᠤ᠂ ᠭᠠᠯ ᠰᠡᠷᠭᠡᠶᠢᠯᠡᠵᠤ ᠤᠨᠳᠠᠷᠠᠭᠠᠬᠤ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠬᠠᠩᠭᠠᠪᠠ᠃ ᠡᠯ᠎ᠠ ᠬᠤᠰᠢᠭᠤ ᠰᠢᠶᠠᠨ ᠬᠤᠳᠠ ᠶᠢᠨ ᠭᠤᠤᠯᠳᠠᠯᠭ᠎ᠠ ᠲᠠᠢ ᠴᠢᠬᠤᠯᠠ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠨ ᠲᠦᠷᠦᠯ ᠵᠦᠢᠯ ᠳᠤ ᠤᠷᠢᠳᠠᠪᠡᠷ ᠤᠷᠤᠯᠴᠠᠨ ᠮᠡᠷᠭᠡᠵᠢᠯ ᠤᠨ ᠵᠢᠯᠤᠭᠤᠳᠤᠯᠭ᠎ᠠ ᠬᠠᠩᠭᠠᠵᠦ᠂ ᠤᠤᠭᠠᠯ ᠴᠢᠨᠠᠷ ᠤᠨ ᠭᠠᠯ ᠤᠨ ᠠᠶᠤᠯ ᠡᠬᠦᠰᠬᠦ ᠶᠢ ᠬᠤᠷᠢᠭᠯᠠᠵᠦ ᠪᠤᠢ ︔ ᠡᠩ ᠤᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠳᠤ ᠡᠳᠦᠷ ᠲᠤᠳᠤᠮ ᠤᠨ ᠭᠠᠯ ᠰᠡᠷᠭᠡᠶᠢᠯᠡᠵᠤ ᠤᠨᠳᠠᠷᠠᠭᠠᠬᠤ ᠬᠢᠨᠠᠨ ᠪᠠᠶᠢᠴᠠᠭᠠᠯᠳᠠ ᠶᠢ ᠦᠷᠬᠦᠯᠵᠢ ᠶᠢᠨ ᠴᠢᠨᠠᠷᠳᠠᠢ ᠪᠤᠯᠭᠠᠵᠦ᠂ ᠤᠤᠯ ᠡᠬᠢ ᠠᠴᠠ ᠨᠢ ᠭᠠᠯ ᠤᠨ ᠠᠶᠤᠯ ᠬᠦᠨᠦᠭᠡᠯ ᠢ ᠬᠤᠷᠢᠭᠯᠠᠵᠦ ᠪᠠᠶᠢᠨ᠎ᠠ᠃     ᠲᠦᠷᠪᠡ ᠳᠤ᠂ ᠨᠡᠶᠢᠭᠡᠮ ᠤᠨ ᠭᠠᠯ ᠰᠡᠷᠭᠡᠶᠢᠯᠡᠵᠤ ᠤᠨᠳᠠᠷᠠᠭᠠᠬᠤ ᠠᠮᠤᠷ ᠲᠦᠪᠰᠢᠨ ᠤ ᠪᠤᠯᠪᠠᠰᠤᠷᠠᠯ ᠬᠠᠩᠭᠠᠵᠦ ᠪᠤᠢ᠃ ᠬᠢᠩᠭᠠᠨ ᠭᠠᠯ ᠰᠡᠷᠭᠡᠶᠢᠯᠡᠵᠤ ᠤᠨᠳᠠᠷᠠᠭᠠᠬᠤ ᠵᠠᠰᠠᠭ ᠤᠨ ᠶᠠᠪᠤᠳᠠᠯ ᠤᠨ ᠸᠢᠴᠠᠲ ᠲᠠᠪᠴᠠᠩ ᠵᠡᠷᠭᠡ ᠶᠢ ᠠᠰᠢᠭᠯᠠᠨ ︽ᠪᠤᠯᠵᠤᠭᠰᠠᠨ ᠬᠡᠯᠪᠡᠷᠢ ︾ ᠶᠢᠨ ᠭᠠᠯ ᠰᠡᠷᠭᠡᠶᠢᠯᠡᠵᠤ ᠤᠨᠳᠠᠷᠠᠭᠠᠬᠤ ᠮᠡᠷᠭᠡᠵᠢᠯ ᠤᠨ ᠵᠢᠯᠤᠭᠤᠳᠤᠯᠭ᠎ᠠ ᠬᠠᠩᠭᠠᠬᠤ ᠶᠢᠨ ᠬᠠᠮᠳᠦ ᠰᠦᠯᠵᠢᠶᠡᠨ ᠲᠡᠭᠡᠷ᠎ᠠ ᠭᠠᠯ ᠢ ᠤᠨᠳᠠᠷᠠᠭᠠᠬᠤ ᠬᠢᠴᠢᠶᠡᠯ ᠤᠨ ᠲᠠᠩᠬᠢᠮ ᠨᠡᠭᠡᠭᠡᠵᠦ᠂ ᠭᠠᠯ ᠰᠡᠷᠭᠡᠶᠢᠯᠡᠵᠤ ᠤᠨᠳᠠᠷᠠᠭᠠᠬᠤ ᠬᠠᠤᠯᠢ ᠲᠤᠭᠳᠠᠭᠠᠯ᠂ ᠲᠤᠰᠬᠠᠢᠢᠯᠠᠭᠰᠠᠨ ᠮᠡᠷᠭᠡᠵᠢᠯ ᠵᠡᠷᠭᠡ ᠬᠠᠮᠢᠶ᠎ᠡ ᠪᠦᠬᠦᠢ ᠮᠡᠳᠡᠯᠭᠡ ᠶᠢ ᠬᠠᠩᠭᠠᠵᠦ ᠪᠠᠶᠢᠨ᠎ᠠ᠃     ᠲᠠᠪᠤ ᠳᠤ᠂ ᠠᠷᠠᠳ ᠲᠤ ᠲᠦᠬᠦᠮ ᠦᠵᠡᠬᠦᠯᠬᠦ ᠲᠠᠪᠴᠠᠩ ᠢ ᠪᠠᠶᠢᠭᠤᠯᠵᠦ ᠪᠤᠢ᠃ ᠭᠠᠯ ᠰᠡᠷᠭᠡᠶᠢᠯᠡᠵᠤ ᠤᠨᠳᠠᠷᠠᠭᠠᠬᠤ ᠦᠢᠯᠡᠴᠢᠯᠡᠭᠡᠨ ᠤ ᠴᠤᠩᠬᠤ ᠶᠢᠨ ᠦᠢᠯᠡᠴᠢᠯᠡᠭᠡ ᠶᠢᠨ ᠪᠠᠷᠢᠮᠵᠢᠶ᠎ᠡ ᠲᠤᠭᠳᠠᠭᠠᠵᠦ᠂ ᠬᠠᠮᠢᠶ᠎ᠡ ᠪᠦᠬᠦᠢ ᠬᠡᠷᠡᠭ ᠤᠴᠢᠷ ᠢ ᠤᠷᠢᠳᠠᠪᠡᠷ ᠬᠦᠯᠢᠶᠡᠨ ᠠᠪᠴᠦ ᠲᠠᠷᠠᠭ᠎ᠠ ᠨᠢ ᠦᠨᠡᠮᠯᠡᠯ ᠵᠡᠷᠭᠡ ᠶᠢ ᠨᠦᠬᠦᠪᠦᠷᠢᠯᠡᠬᠦ ᠶᠢᠨ ᠬᠠᠮᠳᠦ ᠰᠦᠯᠵᠢᠶᠡᠨ ᠲᠡᠭᠡᠷ᠎ᠠ ᠨᠦᠬᠦᠪᠦᠷᠢᠯᠡᠬᠦ ᠠᠷᠭ᠎ᠠ ᠠᠪᠴᠠᠯ ᠢ ᠬᠡᠷᠡᠭᠯᠡᠵᠦ ᠪᠠᠶᠢᠨ᠎ᠠ᠃
 
ᠢᠷᠡᠯᠲᠡ᠄  ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号