ᠠᠶᠢᠮᠠᠭ ᠤᠨ ᠨᠠᠮ ᠤᠨ ᠬᠤᠷᠢᠶ᠎ᠠ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢᠢᠯᠠᠩ ᠤᠨ ︵ ᠦᠷᠭᠡᠳᠭᠡᠭᠰᠡᠨ ︶ ᠰᠤᠷᠤᠯᠴᠠᠬᠤ ᠬᠤᠷᠠᠯ ᠬᠤᠷᠠᠯᠳᠤᠭᠤᠯᠵᠤ ᠤᠳᠤᠷᠢᠳᠬᠤ ᠺᠠᠳ᠋ᠷᠴᠤᠳ ᠤᠨ ᠵᠠᠰᠠᠭ ᠪᠠᠷᠢᠬᠤ ᠴᠢᠳᠠᠪᠤᠷᠢ ᠶᠢᠨ ᠪᠠᠶᠢᠭᠤᠯᠤᠯᠳᠠ ᠶᠢᠨ ᠳᠤᠬᠠᠢ ᠲᠠᠶᠢᠯᠤᠮᠵᠢ ᠬᠢᠵᠠᠢ
ᠨᠡᠶᠢᠲᠡᠯᠡᠭᠰᠡᠨ ᠴᠠᠭ᠄
2018-06-27
    ᠪᠦᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠵᠠᠰᠠᠭ ᠪᠠᠷᠢᠬᠤ ᠴᠢᠳᠠᠪᠤᠷᠢ ᠶᠢ ᠲᠡᠭᠡᠭᠰᠢᠯᠡᠬᠦᠯᠵᠤ᠂ ᠬᠢᠩᠭᠠᠨ ᠤ ᠰᠢᠨ᠎ᠠ ᠬᠦᠭᠵᠢᠯᠳᠡ ᠶᠢᠨ ᠪᠠᠶᠢᠳᠠᠯ ᠢ ᠡᠭᠦᠳᠬᠦ ᠪᠠᠷ᠂ 5 ᠰᠠᠷ ᠎ᠠ ᠶᠢᠨ 18 ᠤ ᠡᠳᠤᠷ᠂ ᠠᠶᠢᠮᠠᠭ ᠤᠨ ᠨᠠᠮ ᠤᠨ ᠬᠤᠷᠢᠶ᠎ᠠ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢᠢᠯᠠᠩ ᠤᠨ ︵ᠦᠷᠭᠡᠳᠭᠡᠭᠰᠡᠨ ︶ ᠰᠤᠷᠤᠯᠴᠠᠬᠤ ᠬᠤᠷᠠᠯ ᠬᠤᠷᠠᠯᠳᠤᠭᠤᠯᠵᠤ᠂ ᠲᠦᠪ ᠤᠨ ᠨᠠᠮ ᠤᠨ ᠰᠤᠷᠭᠠᠭᠤᠯᠢ᠂ ᠤᠯᠤᠰ ᠤᠨ ᠵᠠᠰᠠᠭ ᠵᠠᠬᠢᠷᠭᠠᠨ ᠤ ᠲᠡᠭᠡᠳᠤ ᠰᠤᠷᠭᠠᠭᠤᠯᠢ ᠶᠢᠨ ᠫᠷᠤᠹᠧᠰᠰᠤᠷ ᠰᠦᠩ ᠱᠢ ᠮᠢᠩ ᠢ ᠤᠷᠢᠵᠤ ︽ᠤᠳᠤᠷᠢᠳᠬᠤ ᠺᠠᠳ᠋ᠷᠴᠤᠳ ᠤᠨ ᠵᠠᠰᠠᠭ ᠪᠠᠷᠢᠬᠤ ᠴᠢᠳᠠᠪᠤᠷᠢ ᠶᠢᠨ ᠪᠠᠶᠢᠭᠤᠯᠤᠯᠳᠠ ︾ ᠭᠡᠬᠦ ᠲᠤᠰᠬᠠᠢ ᠰᠡᠳᠤᠪᠳᠤ ᠲᠡᠶᠢᠯᠤᠮᠵᠢ ᠬᠢᠯᠭᠡᠵᠤ᠂ ᠮᠠᠨ ᠤ ᠠᠶᠢᠮᠠᠭ ᠤᠨ ᠤᠳᠤᠷᠢᠳᠬᠤ ᠺᠠᠳ᠋ᠷᠴᠤᠳ ᠬᠦᠯᠢᠶᠡᠨ ᠠᠪᠴᠤ ᠰᠤᠨᠤᠰᠬᠤ ᠶᠢᠨ ᠬᠠᠮᠳᠤ ᠲᠤᠰ ᠤᠳᠠᠭᠠᠨ ᠤ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠭᠤᠤᠯ ᠬᠤᠷᠠᠯ ᠤᠨ ᠲᠠᠯᠠᠪᠤᠷ ᠢ ᠠᠶᠢᠮᠠᠭ ᠤᠨ ᠨᠠᠮ ᠵᠠᠰᠠᠭ ᠤᠨ ᠲᠤᠮᠤ ᠠᠰᠠᠷ ᠲᠤ ᠲᠤᠬᠢᠷᠠᠭᠤᠯᠵᠤ᠂ ᠡᠯ᠎ᠠ ᠬᠤᠰᠢᠭᠤ ᠰᠢᠶᠠᠨ ᠬᠤᠳᠠ ᠶᠢᠨ ᠲᠤᠬᠠᠢ ᠶᠢᠨ ᠭᠠᠵᠠᠷ ᠲᠤ ᠬᠤᠪᠢᠶᠠᠷᠢ ᠬᠤᠷᠠᠯ ᠤᠨ ᠲᠠᠯᠠᠪᠤᠷ ᠲᠤᠬᠢᠷᠠᠭᠤᠯᠵᠠᠢ᠃     ᠰᠦᠩ ᠱᠢ ᠮᠢᠩ ᠠᠴᠠ ᠶᠠᠭᠤᠨ ᠳᠤ ᠭᠦᠢᠴᠡᠳᠭᠡᠬᠦ ᠴᠢᠳᠠᠪᠤᠷᠢ ᠪᠠᠨ ᠲᠡᠭᠡᠭᠰᠢᠯᠡᠬᠦᠯᠬᠦ᠂ ᠭᠦᠢᠴᠡᠳᠭᠡᠬᠦ ᠴᠢᠳᠠᠪᠤᠷᠢ ᠭᠡᠳᠡᠭ ᠨᠢ ᠶᠠᠭᠤ ᠪᠤᠯᠬᠤ᠂ ᠭᠦᠢᠴᠡᠳᠭᠡᠬᠦ ᠴᠢᠳᠠᠪᠤᠷᠢ ᠪᠠᠨ ᠬᠡᠷᠬᠢᠨ ᠲᠡᠭᠡᠭᠰᠢᠯᠡᠬᠦᠯᠬᠦ ᠤᠨᠴᠠᠭᠠᠢᠢᠯᠠᠨ ᠭᠤᠤᠯᠳᠠᠭᠤ ᠪᠠᠶᠢᠯᠳᠤᠬᠤ ᠪᠤᠳᠤᠯᠭ᠎ᠠ ᠶᠢᠨ ᠶᠠᠪᠤᠴᠠ ᠶᠢ ᠰᠢᠯᠢᠳᠡᠭᠵᠢᠬᠦᠯᠵᠤ᠂ ᠰᠢᠢᠳᠪᠤᠷᠢᠳᠤ ᠪᠤᠳᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠬᠦ᠂ ᠡᠵᠡᠩᠨᠡᠯᠳᠡ ᠶᠢᠨ ᠶᠠᠪᠤᠴᠠ ᠶᠢ ᠰᠢᠯᠢᠳᠡᠭᠵᠢᠬᠦᠯᠵᠤ᠂ ᠬᠡᠷᠡᠭᠵᠢᠬᠦᠯᠬᠦ ᠠᠷᠭ᠎ᠠ ᠬᠡᠯᠪᠡᠷᠢ ᠪᠠᠨ ᠰᠢᠨᠡᠴᠢᠯᠡᠬᠦ᠂ ᠤᠨᠤᠪᠴᠢᠳᠠᠢ ᠠᠷᠭ᠎ᠠ ᠪᠠᠷ ᠠᠵᠢᠯ ᠶᠠᠪᠤᠳᠠᠯ ᠬᠢᠬᠦ᠂ ᠤᠨᠤᠪᠴᠢᠳᠠᠢ ᠠᠷᠭ᠎ᠠ ᠪᠠᠷ ᠬᠦᠮᠤᠨ ᠬᠡᠷᠡᠭᠯᠡᠵᠤ ᠤᠴᠢᠷ ᠶᠠᠪᠤᠳᠠᠯ ᠰᠢᠢᠳᠪᠤᠷᠢᠯᠡᠬᠦ ᠵᠡᠷᠭᠡ ᠬᠡᠳᠤᠨ ᠲᠠᠯ᠎ᠠ ᠠᠴᠠ ᠨᠠᠷᠢᠨ ᠨᠢᠭᠳᠠ ᠲᠠᠶᠢᠯᠪᠤᠷᠢᠯᠠᠭᠰᠠᠨ ᠪᠦᠭᠡᠳ ᠠᠭᠤᠯᠭ᠎ᠠ ᠨᠢ ᠭᠦᠨ ᠭᠦᠨᠵᠡᠬᠡᠢ ᠮᠦᠷᠳᠡᠭᠡᠨ ᠭᠤᠤᠯᠳᠠᠯᠭ᠎ᠠ ᠪᠠᠨ ᠲᠤᠪᠤᠶᠢᠯᠭᠠᠵᠠᠢ᠃ ᠢᠯᠠᠩᠭᠤᠶ᠎ᠠ ᠠᠮᠢᠳᠤ ᠲᠦᠷᠰᠦᠯᠢᠭ ᠦᠨᠡᠨ ᠪᠤᠳᠠᠳᠠᠢ ᠬᠡᠷᠡᠭ ᠢᠶᠠᠷ ᠵᠢᠱᠢᠶ᠎ᠠ ᠲᠠᠳᠠᠵᠤ ᠲᠠᠶᠢᠯᠪᠤᠷᠢᠯᠠᠭᠰᠠᠨ ᠨᠢ ᠮᠠᠨ ᠤ ᠠᠶᠢᠮᠠᠭ ᠤᠨ ᠤᠳᠤᠷᠢᠳᠬᠤ ᠺᠠᠳ᠋ᠷᠴᠤᠳ ᠤᠨ ᠵᠠᠰᠠᠭ ᠪᠠᠷᠢᠬᠤ ᠴᠢᠳᠠᠪᠤᠷᠢ ᠪᠠ ᠭᠦᠢᠴᠡᠳᠭᠡᠬᠦ ᠴᠢᠳᠠᠪᠤᠷᠢ ᠶᠢ ᠲᠡᠭᠡᠭᠰᠢᠯᠡᠬᠦᠯᠬᠦ ᠳᠤ ᠮᠠᠰᠢ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ ᠪᠦᠬᠦ ᠠᠶᠢᠮᠠᠭ ᠤᠨ ᠤᠳᠤᠷᠢᠳᠬᠤ ᠺᠠᠳ᠋ᠷᠴᠤᠳ ᠠᠴᠠ ᠲᠤᠬᠠᠢᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠨ᠂ ᠦᠨᠡᠨ ᠪᠤᠳᠠᠳᠠᠢ ᠠᠵᠢᠯᠯᠠᠵᠤ᠂ ᠯᠠᠪᠳᠠᠭᠤᠨ ᠪᠠᠳᠤᠳᠠᠢ ᠠᠵᠢᠯᠯᠠᠵᠤ᠂ ᠠᠷᠠᠳ ᠪᠠᠶᠠᠨ ᠠᠶᠢᠮᠠᠭ ᠬᠦᠴᠤᠷᠬᠡᠭ ᠲᠠᠪᠠᠯᠳᠠᠳᠤ ᠬᠦᠭᠵᠢᠯᠳᠡ ᠶᠢ ᠪᠡᠶᠡᠯᠡᠬᠦᠯᠬᠦ ᠪᠠᠷ ᠨᠡᠩ ᠢᠯᠡᠬᠦᠤ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠨ᠎ᠠ ᠭᠡᠵᠤ ᠵᠤᠷᠢᠭ ᠢᠶᠠᠨ ᠢᠯᠡᠳᠭᠡᠵᠡᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号