ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠨᠵᠢᠯᠡᠨ ᠪᠠᠶᠢᠴᠠᠭᠠᠬᠤ ᠲᠤᠭᠤᠢᠢᠯᠠᠩ ᠮᠠᠨ ᠤ ᠠᠶᠢᠮᠠᠭ ᠲᠤ ᠢᠷᠡᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠲᠤᠰᠬᠠᠢ ᠰᠢᠨᠵᠢᠯᠡᠨ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2018-06-27
    5 ᠰᠠᠷ᠎ᠠ ᠶᠢᠨ 9 — 13 ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠦ᠋ ᠲᠤᠸᠠᠨ ᠶᠢᠩ ᠰᠢᠨᠵᠢᠯᠡᠨ ᠪᠠᠶᠢᠴᠠᠭᠠᠬᠤ ᠪᠦᠯᠬᠦᠮ ᠲᠠᠭᠠᠭᠤᠯᠤᠨ ᠮᠠᠨ ᠤ ᠠᠶᠢᠮᠠᠭ ᠲᠤ ᠢᠷᠡᠵᠦ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠳᠤ ᠰᠢᠨᠵᠢᠯᠡᠨ ᠪᠠᠶᠢᠴᠠᠭᠠᠯᠳᠠ ᠬᠢᠭᠰᠡᠨ ᠪᠠᠶᠢᠨ᠎ᠠ᠃     ᠲᠤᠰ ᠤᠳᠠᠭᠠᠨ ᠤ ᠰᠢᠨᠵᠢᠯᠡᠨ ᠪᠠᠶᠢᠴᠠᠭᠠᠯᠳᠠ ᠳᠤ ᠭᠤᠤᠯᠳᠠᠭᠤ ᠮᠠᠨ ᠤ ᠠᠶᠢᠮᠠᠭ ᠤᠨ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ 5 ᠬᠤᠰᠢᠭᠤ ᠰᠢᠶᠠᠨ ᠬᠤᠳᠠ ᠶᠢᠨ 2017 ᠤᠨ ᠠᠴᠠ ᠨᠠᠰᠢᠬᠢ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ᠂ ᠡᠷᠴᠢ ᠵᠤᠷᠢᠭ ᠤᠶᠤᠨ ᠤᠬᠠᠭᠠᠨ ᠢᠶᠠᠷ ᠶᠠᠳᠠᠭᠤ ᠶᠢ ᠲᠡᠳᠬᠦᠬᠦ ᠪᠠ ᠲᠤᠳᠤᠭᠠᠳᠦ ᠠᠮᠢᠵᠢᠷᠠᠯ ᠤᠨ ᠬᠦᠴᠦᠨ ᠢ ᠲᠡᠭᠡᠭᠰᠢᠯᠡᠬᠦᠯᠬᠦ᠂ ᠲᠦᠷᠦ ᠶᠢᠨ ᠪᠤᠳᠤᠯᠭ᠎ᠠ ᠪᠡᠯᠡ ᠮᠦᠩᠬᠦ ᠶᠢᠨ ᠪᠠᠳᠤᠯᠠᠭ᠎ᠠ ᠵᠡᠷᠭᠡ ᠲᠠᠯ᠎ᠠ ᠶᠢᠨ ᠬᠡᠷᠡᠭᠵᠢᠬᠦᠯᠦᠭᠰᠡᠨ ᠠᠷᠭ᠎ᠠ ᠠᠪᠴᠠᠯ᠂ ᠤᠯᠤᠭᠰᠠᠨ ᠦᠷ᠎ᠠ ᠪᠦᠳᠦᠮᠵᠢ᠂ ᠤᠷᠤᠰᠢᠵᠦ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠵᠢᠯ ᠤᠨ ᠰᠡᠳᠬᠢᠴᠠ ᠵᠢᠴᠢ ᠠᠷᠭ᠎ᠠ ᠠᠪᠴᠠᠯ ᠢ ᠤᠢᠢᠯᠠᠭᠠᠭᠰᠠᠨ ᠪᠠᠶᠢᠨ᠎ᠠ᠃     ᠦ᠋ ᠲᠤᠸᠠᠨ ᠶᠢᠩ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤ᠂ ᠲᠦᠴᠢᠤᠸᠠᠨ ᠰᠢᠶᠠᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠪᠠ ᠷᠠᠰᠢᠶᠠᠨ ᠬᠤᠳᠠ ᠪᠠᠷ ᠬᠦᠨᠵᠡᠭᠡᠶᠢᠷᠡᠨ᠂ ᠡᠯ᠎ᠠ ᠬᠤᠰᠢᠭᠤ ᠰᠢᠶᠠᠨ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠶᠠᠪᠤᠭᠳᠠᠭᠤᠯᠤᠭᠰᠠᠨ ᠬᠠᠷᠢᠭᠤ ᠮᠡᠳᠡᠬᠦᠯᠦᠯᠳᠡ ᠶᠢ ᠰᠤᠨᠤᠰᠴᠦ᠂ ᠬᠠᠮᠢᠶ᠎ᠡ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠭᠠᠴᠠᠭ᠎ᠠ ᠲᠤᠰᠬᠤᠨ ᠤ ᠱᠦᠵᠢ᠂ ᠲᠤᠰᠬᠤᠨ ᠳᠤ ᠰᠠᠭᠤᠬᠤ ᠨᠢᠭᠡᠳᠦᠭᠡᠷ ᠱᠦᠵᠢ ᠵᠢᠴᠢ ᠶᠠᠳᠠᠭᠤ ᠬᠦᠴᠢᠷᠳᠡᠯᠳᠡᠢ ᠡᠷᠦᠭᠡ ᠶᠢᠨ ᠲᠦᠯᠦᠭᠡᠯᠡᠭᠴᠢ ᠲᠠᠢ ᠰᠠᠨᠠᠯ ᠢᠶᠠᠨ ᠰᠤᠯᠢᠯᠴᠠᠨ᠂ ᠤᠳᠤᠬᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠮᠳᠠᠬᠢ ᠤᠷᠤᠰᠢᠵᠦ ᠪᠠᠶᠢᠭ᠎ᠠ ᠬᠦᠴᠢᠷᠳᠡᠯ ᠪᠠ ᠲᠠᠷᠠᠭᠠᠴᠢ ᠶᠢᠨ ᠠᠵᠢᠯ ᠤᠨ ᠰᠡᠳᠬᠢᠴᠡ ᠶᠢ ᠤᠢᠢᠯᠠᠭᠠᠪᠠ᠃ ᠪᠤᠳᠠᠳᠦ ᠭᠠᠵᠠᠷ ᠢᠶᠠᠷ ᠰᠢᠨᠵᠢᠯᠡᠨ ᠪᠠᠶᠢᠴᠠᠭᠠᠯᠳᠠ ᠬᠢᠬᠦ ᠶᠠᠪᠤᠴᠠ ᠲᠤᠮᠳᠠ᠂ ᠰᠢᠨᠵᠢᠯᠡᠨ ᠪᠠᠶᠢᠴᠠᠭᠠᠬᠤ ᠲᠤᠭᠤᠢᠢᠯᠠᠩ ᠡᠷᠦᠭᠡ ᠪᠠᠷ ᠬᠦᠨᠵᠡᠭᠡᠶᠢᠷᠡᠨ᠂ ᠠᠵᠦ ᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠠᠷᠭ᠎ᠠ᠂ ᠦᠷ᠎ᠠ ᠪᠦᠳᠦᠮᠵᠢ᠂ ᠠᠰᠠᠭᠤᠳᠠᠯ ᠵᠢᠴᠢ ᠤᠪᠤᠷ ᠰᠤᠷᠳᠠᠯ ᠤᠨ ᠪᠠᠶᠢᠭᠤᠯᠤᠯᠳᠠ᠂ ᠠᠷᠠᠳ ᠤᠨ ᠰᠠᠨᠠᠯ ᠰᠠᠨᠠᠭᠤᠯᠭ᠎ᠠ ᠶᠢᠨ ᠲᠤᠬᠠᠢ ᠬᠦᠨᠵᠡᠭᠡᠢ ᠪᠠᠶᠢᠴᠠᠭᠠᠨ ᠰᠤᠳᠤᠯᠤᠯᠳᠠ ᠬᠢᠪᠡ᠃     ᠦ᠋ ᠲᠤᠸᠠᠨ ᠶᠢᠩ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠦᠨᠳᠦᠷ ᠦᠨᠡᠯᠡᠯᠳᠡ ᠦᠭᠴᠡᠢ᠂ ᠲᠡᠷᠡ ᠵᠢᠭᠠᠨ ᠭᠠᠷᠭᠠᠭᠰᠠᠨ ᠨᠢ᠂ ᠡᠯ᠎ᠠ ᠰᠠᠯᠠᠭ᠎ᠠ ᠮᠦᠴᠢᠷ ᠤᠨ ᠦᠵᠡᠯ ᠰᠠᠨᠠᠭ᠎ᠠ ᠲᠠᠨᠢᠯᠳᠠ ᠲᠤᠳᠦ᠂ ᠠᠵᠢᠯ ᠤᠨ ᠰᠡᠳᠬᠢᠴᠡ ᠰᠢᠨ᠎ᠡ᠂ ᠠᠷᠭ᠎ᠠ ᠠᠪᠴᠠᠯ ᠢᠶᠠᠷ ᠬᠦᠢᠴᠡᠳ ᠪᠠᠶᠢᠬᠤ ᠶᠢ ᠪᠠᠳᠤᠯᠠᠵᠦ᠂ ᠶᠠᠳᠠᠭᠤ ᠶᠢ ᠲᠡᠳᠬᠦᠬᠦ ᠺᠠᠳ᠋ᠷ ᠦᠨᠡᠨ ᠰᠡᠳᠬᠢᠯ ᠪᠦᠬᠦ ᠵᠤᠷᠢᠭ ᠢᠶᠠᠷ ᠶᠠᠳᠠᠭᠤ ᠬᠦᠴᠢᠷᠳᠡᠯᠳᠡᠢ ᠡᠷᠦᠭᠡ ᠶᠢ ᠬᠠᠪᠰᠤᠷᠤᠨ ᠲᠡᠳᠬᠦᠵᠦ᠂ ᠤᠯᠠᠨ ᠲᠦᠮᠡᠨ ᠢ ᠰᠡᠳᠬᠢᠯ ᠬᠠᠨᠤᠮᠵᠢᠳᠠᠢ ᠪᠤᠯᠭᠠᠨ᠂ ᠶᠠᠳᠠᠭᠤ ᠶᠢ ᠲᠡᠳᠬᠦᠬᠦ ᠠᠵᠢᠯ ᠤᠨ ᠦᠷ᠎ᠠ ᠪᠦᠳᠦᠮᠵᠢ ᠶᠢ ᠢᠯᠡᠷᠭᠡᠢ ᠪᠤᠯᠭᠠᠬᠤ ᠬᠡᠷᠡᠭᠳᠡᠢ ᠭᠡᠪᠡ᠃     ᠦ᠋ ᠲᠤᠸᠠᠨ ᠶᠢᠩ ᠤᠯᠤᠰ ᠪᠠ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠠᠵᠦ ᠦᠢᠯᠡᠰ ᠢ ᠪᠠᠳᠤᠯᠠᠬᠤ ᠠᠷᠭ᠎ᠠ ᠪᠤᠳᠤᠯᠭ᠎ᠠ ᠶᠢ ᠤᠨᠢᠨ ᠲᠡᠭᠡᠷ᠎ᠠ ᠨᠢ ᠬᠡᠷᠡᠭᠵᠢᠬᠦᠯᠬᠦ᠂ ᠲᠦᠷᠢᠮᠵᠢᠬᠦᠨ ᠠᠵᠢᠯ ᠢ ᠠᠬᠢᠭᠤᠯᠬᠤ ᠵᠡᠷᠭᠡ ᠲᠠᠯ᠎ᠠ ᠪᠠᠷ ᠵᠢᠯᠤᠭᠤᠳᠬᠤ ᠴᠢᠨᠠᠷᠳᠠᠢ ᠰᠠᠨᠠᠭᠤᠯᠭ᠎ᠠ ᠲᠤᠷᠠᠳᠴᠠᠢ᠃ ᠡᠯ᠎ᠠ ᠱᠠᠳᠤᠨ ᠤ ᠺᠠᠳ᠋ᠷ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠶᠢ ᠲᠤᠭᠳᠠᠭᠠᠬᠤ ᠲᠡᠭᠡᠷ᠎ᠠ ᠬᠦᠴᠦ ᠤᠷᠤᠭᠤᠯᠵᠦ᠂ ᠶᠠᠳᠠᠭᠤ ᠬᠦᠴᠢᠷᠳᠡᠯᠳᠡᠢ ᠡᠷᠦᠭᠡ ᠶᠢᠨ ᠪᠤᠳᠠᠳᠦ ᠪᠠᠶᠢᠳᠠᠯ ᠢ ᠦᠨᠳᠦᠰᠦᠯᠡᠨ ᠴᠢᠭᠯᠡᠯᠳᠦ ᠴᠢᠨᠠᠷᠳᠠᠢ ᠪᠠᠷ ᠬᠠᠪᠰᠤᠷᠤᠨ ᠲᠡᠳᠬᠦᠬᠦ ᠠᠷᠭ᠎ᠠ ᠠᠪᠴᠠᠯ ᠢ ᠬᠡᠷᠡᠭᠵᠢᠬᠦᠯᠵᠦ᠂ ᠲᠤᠳᠤᠭᠠᠳᠦ ᠠᠮᠢᠵᠢᠷᠠᠯ ᠤᠨ ᠬᠦᠴᠦᠨ ᠢ ᠤᠷᠮᠠᠰᠢᠭᠤᠯᠤᠨ᠂ ︽ᠴᠢᠰᠦ ᠪᠦᠳᠦᠭᠡᠬᠦ ︾ ᠴᠢᠳᠠᠮᠵᠢ ᠶᠢ ᠪᠤᠢ ᠪᠤᠯᠭᠠᠨ᠂ ᠬᠠᠪᠰᠤᠷᠤᠨ ᠲᠡᠳᠬᠦᠬᠦ ᠦᠷ᠎ᠠ ᠠᠰᠢᠭ ᠢ ᠲᠡᠭᠡᠭᠰᠢᠯᠡᠬᠦᠯᠦᠨ ᠪᠠᠬᠢᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠳᠡᠮᠡᠴᠡᠨ ᠣᠯᠬᠤ ᠬᠡᠷᠡᠭᠳᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号