ᠪᠦ᠋ ᠰᠢᠶᠤᠤ ᠯᠢᠨ ᠬᠢᠩᠭᠠᠨ ᠠᠶᠢᠮᠠᠭ ᠲᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠢᠨᠵᠢᠯᠠᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠪᠦᠳᠤᠮᠵᠢᠳᠠᠢ ᠲᠤᠭᠳᠠᠴᠠ ᠶᠢ ᠪᠠᠶᠢᠭᠤᠯᠵᠤ ᠶᠠᠳᠠᠭᠤ ᠬᠦᠴᠢᠷᠳᠠᠯᠳᠠᠢ ᠬᠦᠮᠤᠨ ᠠᠮᠠ ᠪᠤᠯᠤᠨ ᠶᠠᠳᠠᠭᠤ ᠬᠦᠴᠢᠷᠳᠠᠯᠳᠠᠢ ᠭᠠᠵᠠᠷ ᠤᠷᠤᠨ ᠤ ᠲᠤᠭᠳᠠᠭᠤᠨ ᠢᠶᠠᠷ ᠶᠠᠳᠠᠭᠤ ᠠᠴᠠ ᠪᠠᠨ ᠠᠩᠬᠢᠵᠢᠷᠠᠨ ᠴᠢᠨᠡᠭᠡᠯᠢᠭᠵᠢᠬᠦ ᠶᠢ ᠦᠨᠡᠨᠬᠦ ᠪᠠᠳᠤᠯᠠᠬᠤ ᠬᠡᠷᠡᠭᠳᠡᠢ
ᠨᠡᠶᠢᠲᠡᠯᠡᠭᠰᠡᠨ ᠴᠠᠭ᠄
2018-06-27
    5 ᠰᠠᠷ᠎ᠠ ᠶᠢᠨ 17 ᠤ ᠡᠳᠦᠷ ᠠᠴᠠ 18 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠢᠩᠭᠠᠨ ᠠᠶᠢᠮᠠᠭ ᠤᠨ ᠵᠠᠯᠠᠶᠢᠳ ᠬᠤᠰᠢᠭᠤ ᠪᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠢᠨᠵᠢᠯᠠᠨ ᠪᠠᠶᠢᠴᠠᠭᠠᠬᠤ ᠳᠠᠭᠠᠨ᠂ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠪᠤᠯᠤᠠ ᠶᠠᠳᠠᠭᠤ ᠬᠦᠴᠢᠷᠳᠡᠯᠳᠡᠢ ᠭᠠᠵᠠᠷ ᠤᠷᠤᠨ ᠤ ᠲᠤᠬᠳᠠᠭᠤᠨ ᠢᠶᠠᠷ ᠶᠠᠳᠠᠭᠤ ᠠᠴᠠ ᠪᠠᠨ ᠠᠩᠬᠢᠵᠢᠷᠠᠨ ᠴᠢᠨᠡᠭᠡᠯᠢᠭᠵᠢᠭᠦ ᠶᠢ ᠦᠨᠡᠨᠬᠦ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃     ᠪᠦ᠋ ᠰᠢᠶᠤᠤ ᠯᠢᠨ ᠤᠷᠢᠳ ᠬᠤᠵᠢᠳ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠦ ᠶᠢᠨ ᠰᠢᠶᠠᠩ ᠶᠠᠩ ᠲᠤᠰᠬᠤᠨ ᠤ ᠶᠠᠳᠠᠭᠤ ᠠᠴᠠ ᠪᠠᠨ ᠠᠩᠬᠢᠵᠢᠷᠠᠭᠰᠠᠨ ᠡᠷᠦᠭᠡ ᠵᠠᠩ ᠱᠦ ᡁᠢ᠂ ᠰᠢᠤᠢ ᠬᠦᠢ ᠹᠦ᠋ ᠶᠢᠨ ᠬᠢᠨ ᠪᠤᠯᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠡᠷᠬᠢᠳᠦ ᠪᠠᠯᠭᠠᠰᠦᠨ ᠤ ᠯᠢᠦ ᠾᠧ ᠭᠠᠴᠠᠭ᠎ᠠ ᠶᠢᠨ ᠶᠠᠳᠠᠭᠤ ᠠᠴᠠ ᠪᠠᠨ ᠠᠩᠬᠢᠵᠢᠷᠠᠭᠰᠠᠨ ᠡᠷᠦᠭᠡ ᠵᠢᠢ ᠯᠢ ᠰᠢᠤᠸᠠᠢ ᠶᠢᠨ ᠬᠢᠨ ᠳᠤ ᠬᠦᠷᠴᠤ᠂ ᠲᠡᠳᠡᠨ ᠤ ᠤᠷᠤᠯᠭ᠎ᠠ ᠶᠢᠨ ᠢᠷᠠᠯᠳᠠ᠂ ᠡᠪᠡᠳᠴᠢᠨ ᠢᠶᠠᠨ ᠡᠮᠨᠡᠭᠦᠯᠦᠨ ᠵᠠᠰᠠᠭᠤᠯᠵᠣ ᠪᠠᠶᠢᠭ᠎ᠠ ᠵᠡᠷᠭᠡ ᠪᠠᠶᠢᠳᠠᠯ ᠢ ᠨᠢ ᠨᠠᠷᠢᠨ ᠤᠢᠢᠯᠠᠭᠠᠪᠠ᠃ ᠲᠡᠷᠡ ᠪᠠᠰᠠ ᠰᠢᠶᠠᠩ ᠶᠠᠩ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠤᠯᠤᠨ ᠯᠢᠦ ᠾᠧ ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠲᠠᠰᠤᠭ ᠢᠶᠠᠷ ᠬᠦᠷᠴᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠵᠤ ᠪᠠᠶᠢᠭ᠎ᠠ ᠪᠠᠶᠢᠳᠠᠯ ᠢ ᠰᠢᠨᠵᠢᠯᠠᠨ ᠪᠠᠶᠢᠴᠠᠭᠠᠪᠠ᠃   ᠪᠦ᠋ ᠰᠢᠶᠤᠤ ᠯᠢᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠤᠯᠬᠤ ᠵᠠᠩᠬᠢᠯᠠᠭ᠎ᠠ ᠶᠢᠨ ᠲᠠᠶᠢᠯᠠᠯᠳᠤᠭᠠᠨ ᠪᠤᠯᠤᠨ᠎ᠠ᠂ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠦᠨ᠂ ᠦᠨᠳᠦᠰᠦᠨ ᠡᠮ ᠡᠮᠨᠡᠯᠭᠡ ᠪᠠ ᠶᠡᠭᠡ ᠡᠪᠡᠳᠴᠢᠨ ᠢ ᠪᠦᠬᠦᠨ ᠢ ᠪᠠᠳᠤᠯᠠᠬᠤ ᠲᠤᠬᠳᠠᠴᠠ ᠶᠢ ᠴᠢᠨᠠᠬᠰᠢᠳᠠ ᠲᠡᠭᠦᠯᠳᠡᠷᠵᠢᠭᠦᠯᠵᠦ᠂ ᠡᠯ᠎ᠠ ᠵᠦᠢᠯ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠠᠪᠬᠤᠴᠠᠯ ᠤᠨ ᠦᠢᠯᠡᠳᠦᠯ ᠢ ᠪᠠᠳᠠᠷᠠᠭᠤᠯᠦᠨ᠂ ᠡᠮ ᠡᠮᠨᠡᠯᠭᠡ ᠶᠢᠨ ᠪᠠᠳᠤᠯᠠᠭ᠎ᠠ ᠶᠢᠨ ᠲᠤᠤᠷ ᠢ ᠨᠢᠬᠳᠠ ᠪᠦᠭᠡᠳ ᠪᠦᠭᠡᠯᠢᠭ ᠰᠦᠯᠵᠢᠬᠦ ᠬᠡᠷᠡᠭᠳᠡᠢ᠃ ᠰᠡᠷᠬᠡᠶᠢᠯᠡᠭᠦ ᠪᠠᠷ ᠭᠤᠤᠯ ᠪᠤᠯᠭᠠᠬᠤ᠂ ᠰᠡᠷᠬᠡᠶᠢᠯᠡᠭᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠳᠠᠯᠠᠨ᠂ ᠡᠷᠡᠭᠦᠯ ᠮᠡᠨᠳᠦ ᠶᠢᠨ ᠬᠦᠮᠦᠵᠢᠯ ᠢ ᠴᠢᠩᠭᠠᠳᠬᠠᠵᠤ᠂ ᠭᠤᠤᠯᠳᠠᠯᠭ᠎ᠠ ᠲᠠᠢ ᠬᠠᠯᠳᠠᠪᠤᠷᠢᠳᠦ ᠡᠪᠡᠳᠴᠢᠨ ᠪᠠ ᠤᠷᠤᠨ ᠨᠣᠳᠤᠭ ᠤᠨ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠡᠵᠡᠮᠳᠡᠭᠦ ᠡᠷᠴᠢᠮ ᠢᠶᠠᠨ ᠴᠢᠩᠭᠠᠷᠠᠭᠤᠯᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠪᠤᠭᠤᠮᠳᠠ ᠶᠢ ᠡᠮᠦᠨᠡᠰᠢᠯᠡᠭᠦᠯᠭᠦ ᠶᠢ ᠠᠬᠢᠭᠤᠯᠵᠤ᠂ ᠡᠪᠡᠳᠴᠢᠨ ᠠᠴᠠ ᠪᠤᠯᠵᠤ ᠶᠠᠳᠠᠭᠤᠷᠠᠬᠤ ᠪᠠ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠠᠰᠠᠭᠤᠳᠠᠯ ᠢ ᠦᠨᠳᠦᠰᠦᠨ ᠠᠴᠠ ᠨᠢ ᠰᠠᠶᠢᠳᠣᠷ ᠰᠢᠢᠳᠪᠦᠷᠢᠯᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃     ᠪᠦ᠋ ᠰᠢᠶᠤᠤ ᠯᠢᠨ ᠵᠠᠯᠠᠶᠢᠳ ᠬᠤᠰᠢᠭᠤᠨ ᠤ ᠳ᠋ᠦ᠋ ᠮᠸᠢ ᠮᠠᠯ ᠠᠵᠤ ᠠᠬᠤᠢ ᠶᠢᠨ ᠲᠡᠵᠢᠭᠡᠪᠦᠷᠢ ᠶᠢᠨ ᠲᠠᠯᠠᠪᠠᠢ ᠳᠤ ᠬᠦᠷᠴᠤ᠂ ᠠᠵᠤ ᠠᠬᠤᠢᠢᠯᠠᠯ ᠤᠨ ᠬᠡᠷᠡᠭᠵᠢᠭᠦᠯᠵᠦ ᠪᠠᠶᠢᠭ᠎ᠠ ︽ᠬᠦᠳᠦᠯᠦᠨ ᠲᠠᠭᠠᠭᠤᠯᠬᠤ +︾ ᠶᠠᠳᠠᠭᠤ ᠶᠢ ᠲᠡᠳᠭᠦᠭᠦ ᠵᠠᠬᠪᠤᠷ ᠢ ᠨᠢ ᠤᠢᠢᠯᠠᠭᠠᠪᠠ᠃ ᠠᠢ ᠹᠠᠩ ᠮᠦ ︵ᠬᠢᠩᠭᠠᠨ ᠠᠶᠢᠮᠠᠭ ︶ ᠠᠮᠢᠳᠤ ᠪᠤᠳᠠᠰ ᠤᠨ ᠮᠠᠲ᠋ᠧᠷᠢᠶᠠᠯᠳᠣ ᠰᠢᠨ᠎ᠠ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠳᠤ ᠪᠦ᠋ ᠰᠢᠶᠤᠤ ᠯᠢᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠢᠶᠠᠷ ᠶᠠᠳᠠᠭᠤ ᠶᠢ ᠲᠡᠳᠭᠦᠭᠦ ᠦᠢᠯᠡᠳᠪᠦᠷᠢᠯᠡᠯ ᠤᠨ ᠲᠠᠰᠤᠭ ᠲᠤᠨᠢ ᠤᠷᠤᠵᠤ᠂ ᠲᠦᠷᠦᠯ ᠵᠦᠢᠯ ᠤᠨ ᠶᠠᠳᠠᠭᠤ ᠬᠦᠴᠢᠷᠳᠡᠯᠳᠡᠢ ᠡᠷᠦᠭᠡ ᠶᠢ ᠲᠠᠶᠢᠴᠢᠯᠡᠨ ᠤᠷᠤᠯᠭ᠎ᠠ ᠶᠢ ᠨᠢ ᠨᠡᠮᠡᠭᠳᠡᠭᠦᠯᠵᠤ ᠪᠠᠶᠢᠭ᠎ᠠ ᠪᠠᠶᠢᠳᠠᠯ ᠢ ᠤᠢᠢᠯᠠᠭᠠᠪᠠ᠃ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠡᠷᠬᠢᠳᠦ ᠪᠠᠯᠭᠠᠰᠦ ᠶᠢᠨ ᠰᠢᠬᠢᠷ ᠯᠤᠤᠪᠠᠩ ᠤᠨ ᠠᠵᠤ ᠦᠢᠯᠡᠰ ᠤᠨ ᠰᠠᠭᠤᠷᠢᠨ ᠳᠤ᠂ ᠪᠦ᠋ ᠰᠢᠶᠤᠤ ᠯᠢᠨ ᠲᠤᠰ ᠬᠤᠰᠢᠭᠤᠨ ᠤ ︽ᠲᠠᠭᠠᠭᠤᠯᠤᠬᠴᠢ ᠠᠵᠤ ᠠᠬᠤᠢᠢᠯᠡᠯ + ᠬᠤᠷᠰᠢᠶ᠎ᠠ + ᠰᠠᠭᠤᠷᠢᠨ ︾᠂ ︽ᠶᠠᠳᠠᠭᠤ ᠬᠦᠴᠢᠷᠳᠡᠯᠳᠡᠢ ᠡᠷᠦᠭᠡ + ᠬᠤᠷᠰᠢᠶ᠎ᠠ ︾ ᠶᠢᠨ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢᠨ ᠶᠠᠳᠠᠭᠤ ᠬᠦᠴᠢᠷᠳᠡᠯᠳᠡᠢ ᠡᠷᠦᠭᠡ ᠶᠢ ᠲᠠᠶᠢᠴᠢᠯᠡᠨ ᠤᠷᠤᠯᠭ᠎ᠠ ᠶᠢ ᠨᠢ ᠨᠡᠮᠡᠭᠳᠡᠭᠦᠯᠵᠤ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠠᠢ᠃ ᠲᠡᠷᠡ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠲᠠᠭᠠᠭᠤᠯᠤᠬᠴᠢ ᠠᠵᠤ ᠠᠬᠤᠢᠢᠯᠠᠯ᠂ ᠲᠤᠰᠬᠠᠢ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠭᠠᠭᠤᠯᠤᠬᠴᠢ ᠠᠵᠤ ᠠᠬᠤᠢᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢᠨ ᠰᠢᠨ᠎ᠡ ᠶᠢ ᠡᠭᠦᠳᠴᠤ᠂ ᠲᠠᠭᠠᠭᠤᠯᠤᠬᠴᠢ ᠠᠵᠤ ᠠᠬᠤᠢᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠭᠰᠠᠨ ᠵᠤᠬᠢᠶᠠᠨ ᠪᠠᠶᠢᠭᠤᠯᠤᠯᠳᠠ ᠶᠢᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠭᠦ ᠲᠠᠯ᠎ᠠ ᠶᠢᠨ ᠲᠠᠭᠠᠭᠤᠯᠵᠤ ᠲᠠᠶᠢᠴᠢᠯᠠᠬᠤ ᠦᠢᠯᠡᠳᠦᠯ ᠢ ᠬᠦᠢᠴᠡᠳ ᠰᠠᠶᠢᠳᠤᠷ ᠪᠠᠳᠠᠷᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃     ᠪᠦ᠋ ᠰᠢᠶᠤᠤ ᠯᠢᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠭᠤᠬᠴᠤᠭ᠎ᠠ ᠶᠢᠨ ᠠᠵᠢᠯ ᠢ ᠴᠦᠮ ᠲᠦᠪ ᠤᠨ ᠬᠠᠮᠢᠶ᠎ᠠ ᠪᠦᠬᠦᠢ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ᠂ ᠴᠢᠩᠭ᠎ᠠ ᠪᠦᠭᠡᠳ ᠪᠤᠳᠠᠳᠠᠢ ᠪᠠᠶᠢᠬᠤ ᠰᠤᠷᠳᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠠ ᠪᠦᠳᠦᠮᠵᠢ ᠤᠯᠠᠨ ᠲᠦᠮᠡᠨ ᠪᠠ ᠲᠡᠤᠭᠡ ᠶᠢᠨ ᠰᠢᠯᠭᠠᠯᠳᠠ ᠶᠢ ᠳᠠᠭᠠᠭᠠᠵᠣ ᠲᠡᠶᠢᠯᠭᠦ ᠶᠢ ᠦᠨᠡᠨᠬᠦ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠵᠢᠴᠢ ᠬᠢᠩᠭᠠᠨ ᠠᠶᠢᠮᠠᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠰᠢᠨᠵᠢᠯᠠᠨ ᠪᠠᠶᠢᠴᠠᠭᠠᠯᠳᠠ ᠳᠤ ᠤᠷᠤᠯᠴᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号