ᠵᠠᠩ ᠡᠸ᠋ᠨ ᠬᠤᠢ ᠲᠤᠮᠳᠠᠳᠦ ᠤᠯᠤᠰ ᠲᠡᠮᠦᠷ ᠤᠨ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠪᠠᠷ ᠬᠦᠷᠴᠦ ᠰᠤᠷᠪᠤᠯᠵᠢᠯᠠᠬᠤ ᠶᠢᠨ ᠬᠠᠮᠳᠦ ᠰᠠᠭᠤᠳᠠᠯ ᠤᠨ ᠬᠤᠷᠠᠯ ᠬᠤᠷᠠᠯᠳᠤᠭᠤᠯᠵᠦ ᠴᠢᠩᠭᠠᠳᠬᠠᠭᠰᠠᠨ ᠨᠢ ᠲᠡᠮᠦᠷ ᠵᠠᠮ ᠪᠤᠯᠤᠨ ᠲᠤᠬᠠᠢ ᠶᠢᠨ ᠭᠠᠵᠠᠷ ᠤᠷᠤᠨ ᠤ ᠬᠠᠮᠳᠤᠷᠠᠯᠴᠠᠭ᠎ᠠ ᠶᠢ ᠴᠢᠩᠭᠠᠳᠬᠠᠵᠦ ᠬᠢᠩᠭᠠᠨ ᠠᠶᠢᠮᠠᠭ ᠤᠨ ᠲᠡᠮᠦᠷ ᠵᠠᠮ ᠤᠨ ᠪᠠᠶᠢᠭᠤᠯᠤᠯᠳᠠ ᠶᠢᠨ ᠰᠢᠨ᠎ᠡ ᠲᠠᠪᠠᠯᠳᠠᠳᠦ ᠬᠦᠭᠵᠢᠯᠳᠡ ᠲᠠᠢ ᠪᠤᠯᠬᠤ ᠶᠢ ᠬᠦᠴᠦᠯᠡᠨ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018/6/27
      6 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠪᠠᠷ ᠬᠦᠷᠴᠦ ᠰᠤᠷᠪᠤᠯᠵᠢᠯᠠᠬᠤ ᠶᠢᠨ ᠬᠠᠮᠳᠦ ᠰᠠᠭᠤᠳᠠᠯ ᠤᠨ ᠬᠤᠷᠠᠯ ᠬᠤᠷᠠᠯᠳᠤᠭᠤᠯᠵᠦ᠂ ᠲᠡᠮᠦᠷ ᠤᠨ ᠵᠠᠮ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠲᠡᠮᠦᠷ ᠵᠠᠮ ᠤᠨ ᠲᠦᠷᠦᠯ ᠵᠦᠢᠯ ᠢ ᠶᠠᠪᠤᠭᠳᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ ᠢᠶᠠᠨ ᠬᠦᠨᠵᠡᠭᠡᠢ ᠰᠤᠯᠢᠯᠴᠠᠪᠠ᠃      ᠰᠠᠭᠤᠳᠠᠯ ᠤᠨ ᠬᠤᠷᠠᠯ ᠲᠡᠭᠡᠷ᠎ᠠ᠂ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠳ᠋ᠠᠨ ᠯᠢ ᠵᠢᠶᠦ᠋ᠨ ᠪᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠲᠤᠰ ᠪᠦᠷᠢ ᠶᠠᠷᠢᠶ᠎ᠠ ᠲᠠᠯᠪᠢᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠲᠡᠳ᠋ ᠲᠠᠷᠤᠭ᠎ᠠ ᠭᠤᠤ ᠱᠢ ᠴᠢᠨ ᠠᠶᠢᠮᠠᠭ ᠤᠨ ᠨᠠᠮ ᠤᠨ ᠬᠤᠷᠢᠶ᠎ᠠ ᠪᠠ ᠠᠶᠢᠮᠠᠭ ᠤᠨ ᠵᠠᠬᠢᠷᠭ᠎ᠠ ᠶᠢ ᠲᠦᠯᠦᠭᠡᠯᠡᠨ ᠲᠡᠭᠡᠷ᠎ᠠ ᠤᠳᠠᠭ᠎ᠠ ᠶᠢᠨ ᠬᠡᠯᠡᠯᠴᠡᠭᠡ ᠬᠢᠵᠦ ᠵᠦᠪᠯᠡᠨ ᠲᠤᠭᠳᠠᠭᠰᠠᠨ ᠬᠡᠷᠡᠭ ᠤᠴᠢᠷ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠠᠴᠠ ᠬᠠᠪᠰᠤᠷᠤᠨ ᠰᠢᠢᠳᠪᠦᠷᠢᠯᠡᠬᠦ ᠪᠤᠳᠠᠳᠠᠢ ᠬᠡᠷᠡᠭ ᠤᠴᠢᠷ ᠤᠨ ᠭᠤᠶᠤᠴᠢᠯᠠᠯ ᠤᠨ ᠮᠡᠳᠡᠬᠦᠯᠦᠯᠳᠡ ᠬᠢᠪᠡ᠃ ᠳ᠋ᠠᠨ ᠯᠢ ᠵᠢᠶᠦ᠋ᠨ ᠠᠴᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠲᠡᠮᠦᠷ ᠵᠠᠮ ᠤᠨ ᠬᠦᠭᠵᠢᠯᠳᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠠᠶᠢᠭ᠎ᠠ ᠲᠤᠬᠠᠢ ᠲᠠᠯᠠᠷᠬᠠᠯᠠᠯ ᠢᠶᠠᠨ ᠢᠯᠡᠳᠭᠡᠪᠡ᠃ ᠲᠡᠷᠡ ᠴᠢᠩᠭᠠᠳᠬᠠᠭᠰᠠᠨ ᠨᠢ᠂ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠠᠴᠠ ᠠᠵᠢᠯ ᠦᠢᠯᠡᠰ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠬᠢᠩᠭᠠᠨ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢ ᠬᠦᠴᠦᠯᠡᠨ ᠲᠡᠮᠵᠢᠵᠦ᠂ ᠤᠨᠴᠠᠭᠠᠢᠢᠯᠠᠨ ᠬᠢᠩᠭᠠᠨ ᠠᠶᠢᠮᠠᠭ ᠤᠨ ᠲᠤᠷᠠᠳᠤᠭᠰᠠᠨ ᠬᠠᠮᠢᠶ᠎ᠡ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠬᠠᠨᠳᠤᠵᠦ ᠂ ᠬᠦᠨᠵᠡᠭᠡᠢ ᠰᠤᠳᠤᠯᠤᠨ᠂ ᠠᠰᠠᠭᠤᠳᠠᠯ ᠢ ᠬᠦᠴᠦ ᠪᠠᠨ ᠬᠠᠮᠳᠤᠳᠬᠠᠨ ᠰᠢᠢᠳᠪᠦᠷᠢᠯᠡᠨ᠂ ᠬᠢᠯᠢ ᠬᠢᠵᠠᠭᠠᠷ ᠤᠷᠤᠨ ᠤ ᠴᠦᠭᠡᠨ ᠲᠤᠭᠠᠳᠦ ᠦᠨᠳᠦᠰᠦᠳᠡᠨ ᠤ ᠭᠠᠵᠠᠷ ᠤᠷᠤᠨ ᠤ ᠴᠡᠴᠡᠭᠯᠡᠨ ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠬᠦᠯᠦᠨ᠎ᠠ ᠭᠡᠪᠡ᠃      ᠵᠠᠩ ᠡᠸ᠋ᠨ ᠬᠤᠢ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠤᠷᠳᠦ ᠬᠤᠭᠤᠴᠠᠭ᠎ᠠ ᠪᠠᠷ ᠬᠢᠩᠭᠠᠨ ᠠᠶᠢᠮᠠᠭ ᠤᠨ ᠬᠦᠭᠵᠢᠯᠳᠡ ᠶᠢ ᠲᠡᠮᠵᠢᠨ ᠬᠠᠪᠰᠤᠷᠴᠦ ᠪᠠᠶᠢᠭ᠎ᠠ ᠳᠤ ᠲᠠᠯᠠᠷᠬᠠᠯᠠᠯ ᠤᠨ ᠰᠡᠳᠬᠢᠯ ᠢᠶᠠᠨ ᠢᠯᠡᠳᠭᠡᠪᠡ᠃ ᠲᠡᠷᠡ᠂ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠠᠴᠠ ᠲᠡᠮᠦᠷ ᠵᠠᠮ ᠤᠨ ᠪᠠᠶᠢᠭᠤᠯᠤᠯᠳᠠ ᠪᠤᠯᠤᠨ ᠦᠭᠡᠷᠡᠴᠢᠯᠡᠯᠳᠡ᠂ ᠵᠦᠭᠡᠭᠡᠪᠦᠷᠢ ᠶᠢᠨ ᠲᠤᠬᠢᠷᠠᠭᠤᠯᠤᠯᠳᠠ ᠵᠡᠷᠭᠡ ᠲᠠᠯ᠎ᠠ ᠪᠠᠷ ᠨᠡᠩ ᠤᠯᠠᠨ ᠬᠠᠪᠰᠤᠷᠤᠨ ᠲᠡᠮᠵᠢᠯᠭᠡ ᠦᠵᠡᠬᠦᠯᠦᠨ᠂ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠮᠠᠨ ᠤ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠲᠤᠯᠭᠠᠭᠤᠷᠢᠯᠠᠬᠤ ᠬᠦᠴᠦᠨ ᠪᠠ ᠪᠠᠳᠤᠯᠠᠭ᠎ᠠ ᠬᠠᠩᠭᠠᠬᠤ ᠴᠢᠳᠠᠪᠤᠷᠢ ᠶᠢ ᠦᠨᠡᠨᠬᠦ ᠴᠢᠩᠭᠠᠷᠠᠭᠤᠯᠬᠤ ᠶᠢ ᠬᠦᠰᠡᠭᠰᠡᠨ ᠪᠠᠶᠢᠨ᠎ᠠ᠃ ᠬᠢᠩᠭᠠᠨ ᠠᠶᠢᠮᠠᠭ ᠲᠤᠮᠳᠠᠳᠦ ᠤᠯᠤᠰ ᠤᠨ ᠲᠡᠮᠦᠷ ᠵᠠᠮ ᠤᠨ ᠱᠧᠨᠶᠠᠩ ᠲᠤᠪᠴᠢᠶ᠎ᠡ ᠪᠦᠯᠦᠭᠯᠡᠯ ᠤᠨ ᠬᠢᠵᠠᠭᠠᠷᠳᠦ ᠺᠤᠮᠫᠠᠨᠢ ᠲᠠᠢ ᠪᠤᠯᠤᠭᠰᠠᠨ ᠬᠠᠮᠳᠦ ᠶᠢᠨ ᠲᠠᠨᠢᠯᠳᠠ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠵᠦ᠂ ᠬᠡᠯᠡᠯᠴᠡᠨ ᠲᠤᠭᠳᠠᠭᠰᠠᠨ ᠲᠦᠷᠦᠯ ᠵᠦᠢᠯ ᠨᠢᠭᠡ ᠪᠦᠷᠢ ᠶᠢ ᠬᠠᠮᠳᠤᠪᠡᠷ ᠰᠠᠶᠢᠳᠤᠷ ᠶᠠᠪᠤᠭᠳᠠᠭᠤᠯᠵᠦ᠂ ᠬᠢᠩᠭᠠᠨ ᠠᠶᠢᠮᠠᠭ ᠤᠨ ᠲᠡᠮᠦᠷ ᠵᠠᠮ ᠤᠨ ᠪᠠᠶᠢᠭᠤᠯᠤᠯᠳᠠ ᠶᠢᠨ ᠰᠢᠨ᠎ᠡ ᠲᠠᠪᠠᠯᠳᠠᠳᠦ ᠬᠦᠭᠵᠢᠯᠳᠡ ᠶᠢ ᠪᠡᠶᠡᠯᠡᠬᠦᠯᠦᠨ᠂ ᠰᠢᠨ᠎ᠡ ᠱᠠᠳᠤᠨ ᠳᠤ ᠭᠠᠷᠭᠠᠬᠤ ᠪᠠᠷ ᠬᠦᠴᠦᠯᠡᠨ ᠴᠢᠷᠮᠠᠶᠢᠨ᠎ᠠ ᠭᠡᠪᠡ᠃ ︵ᠰᠢᠨ ᠸᠧᠨ ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号