ᠡᠷᠡᠬᠦᠯ ᠴᠢᠬᠢᠷᠠᠭ ᠠᠮᠢᠳᠤᠷᠠᠯ ᠢ ᠬᠦᠭᠡᠭᠡᠴᠡᠯᠳᠥᠨ ᠬᠤᠤᠷᠠᠳᠤᠯ ᠦᠬᠡᠢ ᠤᠷᠴᠢᠨ ᠢ ᠪᠦᠷᠢᠯᠳᠥᠬᠦᠯᠬᠦ ᠪᠠᠷ ᠮᠠᠨ ᠤ ᠠᠶᠢᠮᠠᠭ ︽6 · 26︾ ᠤ ᠤᠯᠠᠨ ᠤᠯᠤᠰ ᠤᠨ ᠬᠤᠤᠷ᠎ᠠ ᠴᠠᠭᠠᠵᠠᠯᠠᠬᠤ ᠡᠳᠥᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2018-06-27
      ᠪᠦᠬᠦ ᠨᠡᠶᠢᠭᠡᠮ ᠢᠶᠠᠷ ᠢᠶᠠᠨ ᠬᠤᠤᠷ᠎ᠠ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠯᠡᠨ ᠤᠷᠤᠯᠴᠠᠵᠤ᠂ ᠤᠯᠠᠨ ᠲᠦᠮᠡᠨ ᠬᠠᠮᠳᠥᠪᠠᠷ ᠬᠤᠤᠷᠠᠳᠥ ᠡᠳ᠋ ᠠᠴᠠ ᠵᠠᠶᠢᠯᠠᠵᠤ᠂ ᠬᠤᠤᠷ᠎ᠠ ᠳᠠᠳᠠᠬᠤ ᠶᠢᠨ ᠬᠤᠤᠷ ᠨᠦᠯᠥᠭᠡ ᠶᠢ ᠳᠤᠳᠤᠷᠬᠠᠢ ᠳᠠᠨᠢᠵᠤ᠂ ᠡᠷᠡᠬᠦᠯ ᠴᠢᠬᠢᠷᠠᠭ ᠠᠮᠢᠳᠤᠷᠠᠯ ᠢ ᠬᠦᠭᠡᠭᠡᠴᠡᠯᠳᠥᠬᠦ ᠶᠢ ᠤᠷᠢᠶᠠᠯᠠᠬᠤ ᠶᠢᠨ ᠲᠦᠯᠥᠭᠡ᠂ ᠮᠠᠨ ᠤ ᠠᠶᠢᠮᠠᠭ 6 ᠰᠠᠷ᠎ᠠ ᠶᠢᠨ 24 ᠠᠴᠠ 26 ᠤ ᠡᠳᠥᠷ ᠪᠤᠯᠳᠠᠯ᠎ᠠ᠂ ︽ᠡᠷᠡᠬᠦᠯ ᠴᠢᠬᠢᠷᠠᠭ ᠠᠮᠢᠳᠤᠷᠠᠯ ᠢ ᠬᠦᠭᠡᠭᠡᠴᠡᠯᠳᠥᠨ ᠬᠤᠤᠷᠠᠳᠤᠯ ᠦᠬᠡᠢ ᠤᠷᠴᠢᠨ ᠢ ᠪᠦᠷᠢᠯᠳᠥᠬᠦᠯᠬᠦ ︾ ᠭᠤᠤᠯ ᠰᠡᠳᠥᠪᠳᠥ ᠬᠤᠤᠷ᠎ᠠ ᠴᠠᠭᠠᠵᠠᠯᠠᠬᠤ ᠡᠳᠥᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃       ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠠᠶᠢᠮᠠᠭ ᠤᠨ ᠬᠤᠤᠷ᠎ᠠ ᠴᠠᠭᠠᠵᠠᠯᠠᠬᠤ ᠵᠦᠪᠯᠡᠯ᠂ ᠠᠶᠢᠮᠠᠭ ᠤᠨ ᠤᠶᠤᠨ ᠤ ᠪᠤᠯᠪᠠᠰᠥᠨ ᠤ ᠠᠯᠪᠠᠨ ᠭᠡᠷ᠂ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ᠂ ᠠᠶᠢᠮᠠᠭ ᠤᠨ ᠡᠮᠡᠭᠳᠡᠶᠢᠴᠤᠳ ᠤᠨ ᠬᠤᠯᠪᠤᠭ᠎ᠠ ᠵᠡᠷᠭᠡ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠭᠤᠤᠯᠯᠠᠨ ᠡᠷᠬᠢᠯᠡᠵᠤ᠂ ᠤᠯᠠᠭᠠᠨᠬᠤᠳᠠ ᠶᠢᠨ ᠬᠤᠤᠷ᠎ᠠ ᠴᠠᠭᠠᠵᠠᠯᠠᠬᠤ ᠠᠯᠪᠠᠨ ᠭᠡᠷ ᠵᠢᠴᠢ ᠡᠯ᠎ᠡ ᠵᠡᠭᠡᠯᠢ ᠬᠡᠷᠡᠭ ᠡᠷᠬᠢᠯᠡᠬᠦ ᠭᠠᠵᠠᠷ ᠳᠠᠭᠠᠭᠠᠴᠢᠯᠠᠨ ᠡᠷᠬᠢᠯᠡᠵᠤ᠂ ᠬᠤᠤᠷ᠎ᠠ ᠴᠠᠭᠠᠵᠠᠯᠠᠬᠤ ᠰᠠᠶᠢᠨ ᠳᠤᠷᠠᠴᠤᠤᠯ ᠨᠡᠶᠢᠭᠡᠮ ᠳᠤᠭᠤᠷᠢᠭ᠂ ᠠᠵᠤ ᠠᠬᠤᠢᠢᠯᠠᠯ᠂ ᠬᠤᠪᠢ ᠶᠢᠨ ᠡᠷᠥᠭᠡ ᠶᠢᠨ ᠬᠤᠳᠠᠯᠳᠤᠭ᠎ᠠ ᠳᠡᠯᠭᠡᠬᠦᠷ ᠢᠶᠠᠷ ᠬᠦᠨᠵᠡᠬᠡᠶᠢᠷᠡᠨ ᠬᠤᠤᠷ᠎ᠠ ᠴᠠᠭᠠᠵᠠᠯᠠᠬᠤ ᠤᠬᠠᠭᠤᠯᠭ᠎ᠠ ᠬᠢᠵᠡᠢ᠃ 6 ᠰᠠᠷ᠎ᠠ ᠶᠢᠨ 25 ᠤ ᠡᠳᠥᠷ᠂ ᠮᠠᠨ ᠤ ᠠᠶᠢᠮᠠᠭ ᠤᠨ 100 ᠭᠠᠷᠤᠢ ᠬᠤᠤᠷ ᠎ᠠ ᠴᠠᠭᠠᠵᠠᠯᠠᠬᠤ ᠰᠠᠶᠢᠨ ᠳᠤᠷᠠᠴᠤᠤᠯ ᠡᠷᠥᠭᠡ ᠪᠠᠷ ᠬᠦᠨᠵᠡᠬᠡᠶᠢᠷᠡᠨ᠂ ︽ᠬᠦᠮᠥᠨ ᠪᠦᠬᠦᠨ ᠬᠤᠤᠷ᠎ᠠ ᠴᠠᠭᠠᠵᠠᠯᠠᠬᠤ ᠠᠵᠢᠯᠯᠠᠭ᠎ᠠ ᠳᠤ ᠤᠷᠤᠯᠴᠠᠵᠤ᠂ ᠡᠶ᠎ᠡ ᠨᠠᠶᠢᠷᠠᠮᠳᠠᠭᠤ ᠨᠡᠶᠢᠭᠡᠮ ᠢ ᠪᠦᠳᠥᠭᠡᠨ ᠪᠠᠶᠢᠭᠤᠯᠬᠤ ︾ ᠠᠭᠤᠯᠭ᠎ᠠ ᠪᠦᠬᠦᠢ ᠤᠬᠠᠭᠤᠯᠭ᠎ᠠ ᠶᠢᠨ ᠬᠠᠭᠤᠳᠠᠰᠥ᠂ ︽ ᠬᠤᠤᠷ᠎ᠠ ᠳᠠᠳᠠᠬᠤ ᠶᠢᠨ ᠬᠤᠤᠷ ᠨᠦᠯᠥᠭᠡ ᠶᠢ ᠲᠠᠨᠢᠬᠤ ︾ ᠤᠬᠠᠭᠤᠯᠭ᠎ᠠ ᠶᠢᠨ ᠭᠠᠷ ᠳᠡᠪᠳᠡᠷ ᠪᠠ ᠬᠦᠵᠥᠷ ᠫᠠᠢ᠂ ᠰᠢᠨ᠎ᠡ ᠬᠡᠯᠪᠡᠷᠢ ᠶᠢᠨ ᠬᠤᠤᠷᠠᠳᠥ ᠡᠳ᠋ ᠢ ᠰᠡᠷᠬᠡᠶᠢᠯᠡᠬᠦ ᠭᠠᠷ ᠳᠠᠪᠳᠡᠷ ᠵᠡᠷᠭᠡ ᠶᠢ ᠰᠠᠭᠤᠭᠠᠯᠢ ᠠᠷᠠᠳ ᠲᠤ ᠳᠠᠷᠬᠠᠭᠠᠬᠤ ᠶᠢᠨ ᠬᠠᠮᠳᠥ᠂ ᠬᠤᠤᠷ᠎ᠠ ᠳᠠᠳᠠᠬᠤ ᠶᠢᠨ ᠬᠤᠤᠷ ᠨᠦᠯᠥᠭᠡ ᠶᠢ ᠳᠠᠶᠢᠯᠪᠤᠷᠢᠯᠡᠨ ᠦᠭᠬᠦᠭᠰᠡᠨ ᠪᠠᠶᠢᠨ᠎ᠠ᠃      6 ᠰᠠᠷ᠎ᠠ ᠶᠢᠨ 26 ᠤ ᠡᠳᠥᠷ᠂ ᠠᠶᠢᠮᠠᠭ ᠤᠨ ᠬᠤᠤᠷ᠎ᠠ ᠴᠠᠭᠠᠵᠠᠯᠠᠬᠤ ᠵᠦᠪᠯᠡᠯ ᠤᠨ ᠬᠡᠰᠢᠬᠦᠨ ᠪᠠᠶᠢᠭᠤᠯᠤᠯᠭ᠎ᠠ ᠨᠢᠭᠡᠴᠡ ᠬᠠᠮᠳᠤᠪᠠᠷ ᠤᠯᠠᠭᠠᠨᠬᠤᠳᠠ ᠶᠢᠨ ︽5 · 1︾ ᠠᠭᠤᠳᠠᠮ ᠳᠠᠯᠠᠪᠠᠢ ᠳᠤ ᠬᠤᠤᠷ᠎ᠠ ᠴᠠᠭᠠᠵᠠᠯᠠᠬᠤ ᠰᠠᠮᠪᠠᠷ᠎ᠠ᠂ ᠠᠰᠠᠭᠤᠨ ᠯᠠᠪᠯᠠᠬᠤ ᠳᠠᠪᠴᠠᠩ ᠭᠠᠷᠭᠠᠬᠤ ᠶᠢᠨ ᠬᠠᠮᠳᠥ ᠬᠤᠤᠷᠠᠳᠥ ᠡᠳ᠋ ᠢ ᠴᠠᠭᠠᠵᠠᠯᠠᠬᠤ ᠠᠭᠤᠯᠭ᠎ᠠ ᠶᠢ ᠬᠠᠮᠤᠷᠤᠭᠰᠠᠨ ᠠᠭᠤᠳᠠᠮ ᠳᠠᠯᠠᠪᠠᠢ ᠶᠢᠨ ᠪᠦᠵᠢᠭ᠂ ᠤᠷᠠᠨ ᠰᠠᠶᠢᠬᠠᠨ ᠤ ᠲᠤᠭᠯᠠᠯᠳᠠ ᠭᠠᠷᠭᠠᠬᠤ ᠵᠡᠷᠭᠡ ᠬᠡᠯᠪᠡᠷᠢ ᠪᠠᠷ ᠳᠠᠮᠵᠢᠨ ︽ ᠡᠷᠡᠬᠦᠯ ᠴᠢᠬᠢᠷᠠᠭ ᠠᠮᠢᠳᠤᠷᠠᠯ ᠢ ᠬᠦᠭᠡᠭᠡᠴᠡᠯᠳᠥᠨ ᠬᠤᠤᠷᠠᠳᠤᠯ ᠦᠬᠡᠢ ᠤᠷᠴᠢᠨ ᠢ ᠪᠦᠷᠢᠯᠳᠥᠬᠦᠯᠬᠦ ︾ ᠭᠤᠤᠯ ᠰᠡᠳᠥᠪ ᠢᠶᠠᠨ ᠳᠤᠪᠤᠶᠢᠯᠭᠠᠵᠤ᠂ ᠤᠯᠠᠨ ᠲᠦᠮᠡᠨ ᠤ ᠬᠤᠤᠷ᠎ᠠ ᠴᠠᠭᠠᠵᠠᠯᠠᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠦᠵᠡᠯ ᠤᠬᠠᠮᠰᠠᠷ ᠢ ᠳᠡᠭᠡᠭᠰᠢᠯᠡᠬᠦᠯᠥᠭᠰᠡᠨ ᠪᠠᠶᠢᠨ᠎ᠠ᠃       ᠵᠢᠷᠤᠭ ᠲᠤ᠂ ᠬᠤᠤᠷ᠎ᠠ ᠴᠠᠭᠠᠵᠠᠯᠠᠬᠤ ᠰᠠᠶᠢᠨ ᠳᠤᠷᠠᠴᠤᠤᠯ ᠤᠬᠠᠭᠤᠯᠭ᠎ᠠ ᠶᠢᠨ ᠬᠠᠭᠤᠳᠠᠰᠥ ᠳᠠᠷᠬᠠᠭᠠᠵᠤ ᠪᠤᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号