︽ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ︾ ᠶᠢᠨ ᠬᠤᠷᠢᠨ ᠵᠢᠷᠭᠤᠳᠤᠭᠠᠷ | ᠵᠦᠢᠯ ᠳᠤ᠂ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠨᠢ | ᠨᠡᠶᠢᠭᠡᠮ ᠵᠢᠷᠤᠮ ᠤᠨ ᠵᠠᠷᠴᠢᠮ ᠢ ᠪᠠᠷᠢᠮᠲᠠᠯᠠᠬᠤ ᠤᠷᠢᠳᠠᠯ ᠳᠤᠤᠷ᠎ᠠ᠂ ᠬᠠᠤᠯᠢ ᠴᠠᠭᠠᠵᠠ ᠳᠦᠷᠢᠮ ᠲᠤᠭᠲᠠᠭᠠᠯ ᠪᠠ | ᠲᠤᠰ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ ᠶᠢᠨ ᠤᠨᠴᠠᠯᠢᠭ ᠢ ᠦᠨᠳᠦᠰᠦᠯᠡᠨ᠂ ᠦᠢᠯᠡᠳᠪᠦᠷᠢᠯᠡᠯ ᠤᠨ | ᠬᠠᠷᠢᠴᠠᠭ᠎ᠠ ᠪᠠ ᠠᠵᠤ ᠠᠬᠤᠢ ᠶᠢᠨ ᠪᠦᠲᠦᠴᠡ ᠶᠢ ᠵᠤᠬᠢᠰᠲᠠᠢ ᠲᠤᠬᠢᠷᠠᠭᠤᠯᠵᠤ᠂ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢ ᠴᠢᠷᠮᠠᠶᠢᠨ ᠬᠦᠭᠵᠢᠭᠦᠯᠦᠨ᠎ᠠ᠃ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ | ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠨᠢ ᠨᠡᠶᠢᠲᠡ ᠶᠢᠨ ᠦᠮᠴᠢᠯᠡᠯ ᠢᠶᠠᠷ ᠭᠤᠤᠯ ᠴᠤᠭᠴᠠ ᠪᠤᠯᠭᠠᠵᠤ᠂ | ᠤᠯᠠᠨ ᠲᠦᠷᠦᠯ ᠤᠨ ᠦᠮᠴᠢᠯᠡᠯ ᠤᠨ ᠠᠵᠤ ᠠᠬᠤᠢ ᠶᠢ ᠵᠡᠷᠭᠡ ᠪᠠᠷ ᠬᠦᠭᠵᠢᠭᠦᠯᠭᠦ ᠦᠨᠳᠦᠰᠦᠨ ᠠᠵᠤ ᠠᠬᠤᠢ ᠶᠢᠨ | ᠳᠦᠷᠢᠮ ᠢ ᠪᠠᠷᠢᠮᠲᠠᠯᠠᠵᠤ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠤᠷᠮᠠᠰᠢᠭᠤᠯᠤᠨ ᠭᠦᠭᠵᠢᠭᠦᠯᠦᠨ᠎ᠠ | ᠭᠡᠵᠤ ᠲᠤᠭᠲᠠᠭᠠᠵᠠᠢ᠃ | ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠠᠴᠠ ᠰᠢᠯᠵᠢᠭᠦᠯᠪᠡ | | |