ᠭᠡᠷᠡᠴᠢ ᠦᠨᠡᠮᠯᠡᠯ ᠦᠭᠡᠢ ᠡᠮ ᠤᠨ ᠵᠦᠢᠯᠡᠰ ᠢ ᠬᠤᠳᠠᠯᠳᠤᠨ ᠠᠪᠬᠤ ᠳᠠᠭᠠᠨ ᠬᠢᠴᠢᠶᠡᠭᠡᠷᠠᠢ
ᠨᠡᠶᠢᠲᠡᠯᠡᠭᠰᠡᠨ ᠴᠠᠭ᠄
2018-06-27
     ᠤᠢᠢᠷ᠎ᠠ ᠳᠤ ᠨᠢᠭᠡᠨ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠬᠢ ᠶᠢᠨ ᠬᠢᠨ ᠬᠠᠤᠯᠢ ᠪᠤᠰᠤ ᠪᠠᠷ ᠡᠮ ᠤᠨ ᠵᠦᠢᠯᠡᠰ ᠢ ᠪᠤᠷᠤᠯᠠᠭᠤᠯᠵᠦ ᠪᠠᠶᠢᠭᠰᠠᠨ ᠬᠡᠷᠡᠭ ᠢ ᠪᠠᠶᠢᠴᠠᠭᠠᠨ ᠢᠯᠡᠷᠡᠬᠦᠯᠵᠦ᠂ ᠬᠡᠷᠡᠭ ᠤᠨ ᠰᠡᠵᠢᠭᠳᠡᠨ ᠵᠠᠢ ᠤᠪᠤᠭᠳᠤ᠂ ᠸᠧᠢ ᠤᠪᠤᠭᠳᠤ ᠵᠡᠷᠭᠡ 10 ᠬᠦᠮᠦᠨ ᠢ ᠬᠠᠤᠯᠢ ᠪᠤᠰᠤ ᠡᠵᠡᠩᠨᠡᠯᠳᠡ ᠬᠢᠭᠰᠡᠨ ᠶᠠᠯ᠎ᠠ ᠪᠠᠷ ᠲᠦᠷ ᠬᠤᠷᠢᠬᠰᠠᠨ ᠪᠠᠶᠢᠨ᠎ᠠ᠃      ᠠᠮᠤᠷ ᠢ ᠬᠠᠮᠠᠭᠠᠯᠠᠬᠤ ᠶᠡᠭᠡ ᠠᠩᠬᠢ ᠶᠢᠨ ᠬᠢᠨ ︽ᠤᠢᠢᠷ᠎ᠠ ᠶᠢᠨ ᠨᠢᠭᠡ ᠭᠠᠷᠠᠭ ᠨᠢᠭᠡ ᠪᠦᠯᠦᠭ ᠬᠦᠮᠦᠰ ᠦᠷᠯᠦᠭᠡ ᠪᠤᠯᠭᠠᠨ 500 ᠭᠠᠷᠤᠢ ᠨᠠᠰᠤᠳᠠᠨ ᠢ ᠴᠤᠭᠯᠠᠭᠤᠯᠤᠨ᠂ ᠬᠢᠴᠢᠶᠡᠯ ᠣᠷᠣᠬᠤ ᠬᠡᠯᠪᠡᠷᠢ ᠪᠠᠷ ᠡᠮ ᠤᠨ ᠵᠦᠢᠯᠡᠰ ᠢᠶᠠᠨ ᠶᠡᠬᠡᠪᠡᠷ ᠤᠬᠠᠭᠤᠯᠬᠤ ᠶᠢᠨ ᠬᠠᠮᠳᠤ ᠳᠡᠳᠡᠨ ᠳᠤ ᠬᠤᠳᠠᠯᠳᠤᠵᠤ ᠪᠤᠢ᠂ ᠡᠮ ᠤᠨ ᠵᠦᠢᠯᠡᠰ ᠨᠢ ᠬᠠᠭᠤᠷᠮᠠᠭ ᠴᠤ ᠪᠠᠶᠢᠵᠦ ᠮᠡᠳᠡᠨ᠎ᠠ ︾ ᠭᠡᠰᠡᠨ ᠬᠡᠷᠡᠭ ᠤᠨ ᠮᠡᠳᠡᠬᠦᠯᠤᠯᠳᠡ ᠶᠢ ᠳᠤᠰᠤᠭᠰᠠᠨ ᠤ ᠳᠠᠷᠠᠭ᠎ᠠ᠂ ᠳᠡᠷᠡ ᠳᠠᠷᠤᠢ ᠳᠤᠨᠢ ᠺᠠᠳ᠋ᠷ ᠴᠠᠭᠳᠠᠭ᠎ᠠ ᠪᠠᠨ ᠵᠤᠬᠢᠶᠠᠨ ᠪᠠᠶᠢᠭᠤᠯᠤᠨ ᠨᠠᠷᠢᠨ ᠨᠢᠭᠳᠠ ᠪᠦᠭᠬᠦᠯᠳᠡ ᠬᠢᠵᠦ᠂ ᠬᠠᠤᠯᠢ ᠪᠤᠰᠤ ᠡᠳᠡᠭᠡᠳ ᠤᠨ ᠳᠤᠬᠠᠢ ᠳᠠᠩᠨᠠᠨ ᠪᠠᠶᠢᠴᠠᠭᠠᠵᠦ ᠬᠡᠷᠡᠴᠢ ᠪᠠᠷᠢᠮᠳᠠ ᠴᠤᠭᠯᠠᠭᠤᠯᠤᠭᠰᠠᠨ ᠪᠠᠶᠢᠨ᠎ᠠ᠃ 9 ᠰᠠᠷ᠎ᠠ ᠶᠢᠨ 18 ᠤ ᠦᠷᠯᠦᠭᠡ ᠶᠢᠨ 5 ᠴᠠᠭ ᠲᠤ ᠠᠮᠤᠷ ᠢ ᠬᠠᠮᠠᠭᠠᠯᠠᠬᠤ ᠶᠡᠭᠡ ᠠᠩᠬᠢ ᠶᠢᠨ ᠬᠢᠨ ᠬᠤᠰᠢᠭᠤᠨ ᠤ ᠲᠦᠪ ᠤᠨ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠬᠦᠷ ᠲᠤ ᠪᠠᠶᠢᠷᠢᠯᠠᠭ᠎ᠠ ᠠᠷᠢᠬᠢᠨ ᠮᠤᠬᠤᠯᠠᠭ ᠲᠤ 500 ᠭᠠᠷᠤᠢ ᠨᠠᠰᠤᠳᠠᠶᠢᠴᠤᠳ ᠢ ᠴᠤᠭᠯᠠᠭᠤᠯᠤᠨ ᠬᠢᠴᠢᠶᠡᠯ ᠣᠷᠣᠬᠤ ᠶᠢᠨ ᠬᠠᠮᠳᠤ᠂ ᠡᠮ ᠤᠨ ᠵᠦᠢᠯᠡᠰ ᠢ ᠪᠤᠷᠤᠯᠠᠭᠤᠯᠬᠤ ᠡᠵᠡᠩᠨᠡᠯᠳᠡ ᠶᠢᠨ ᠭᠡᠷᠡᠴᠢ ᠦᠨᠡᠮᠯᠡᠯ ᠦᠭᠡᠢ ᠪᠠᠷ ᠬᠠᠤᠯᠢ ᠪᠤᠰᠤ ᠪᠠᠷ ︽ᠰᠢᠶᠦ᠋ᠩ ᠳ᠋ᠠᠨ ᠵᠢᠷᠤᠬᠡᠨ ᠳᠠᠮᠢᠷᠵᠢᠯ ᠤᠨ ᠦᠷᠡᠯ ︾᠂ ︽ᠰᠢᠶᠦ᠋ᠩ ᠳ᠋ᠠᠨ ᠳ᠋ᠢ ᠨᠡᠷᠡᠮᠵᠢᠳᠤ ᠨᠢᠳᠤᠨ ᠡᠮ ︾ ᠵᠡᠷᠬᠡ ᠡᠮ ᠤᠨ ᠵᠦᠢᠯᠡᠰ ᠢ ᠪᠤᠷᠤᠯᠠᠭᠤᠯᠵᠦ ᠪᠠᠶᠢᠭᠰᠠᠨ 10 ᠶᠠᠯ᠎ᠠ ᠶᠢᠨ ᠰᠡᠵᠢᠭᠳᠡᠨ ᠢ ᠪᠦᠬᠦᠨ ᠢ ᠪᠠᠷᠢᠪᠴᠢᠯᠡᠵᠤ᠂ ᠬᠡᠰᠡᠭ ᠦᠯᠦ ᠪᠤᠷᠤᠯᠠᠭᠤᠯᠤᠭ᠎ᠠ ᠦᠭᠡᠢ ᠡᠮ ᠤᠨ ᠵᠦᠢᠯᠡᠰ᠂ ᠤᠬᠠᠭᠤᠯᠭ᠎ᠠ ᠶᠢᠨ ᠬᠠᠭᠤᠳᠠᠰᠤ ᠵᠡᠷᠭᠡ ᠶᠠᠯ᠎ᠠ ᠬᠢᠭᠰᠡᠨ ᠭᠡᠷᠡᠴᠢ ᠪᠠᠷᠢᠮᠳᠠ ᠶᠢ ᠬᠤᠷᠢᠶᠠᠮᠵᠢᠯᠠᠨ ᠠᠪᠤᠪᠠ᠃ ᠳᠤᠬᠠᠢ ᠶᠢᠨ ᠳᠠᠯᠠᠪᠤᠷ ᠲᠤ ᠬᠢᠴᠢᠶᠡᠯ ᠰᠤᠨᠤᠰᠴᠤ ᠪᠠᠶᠢᠭᠰᠠᠨ ᠨᠠᠰᠤᠳᠠᠶᠢᠴᠤᠳ ᠤᠨ ᠬᠤᠳᠠᠯᠳᠤᠨ ᠠᠪᠤᠭᠰᠠᠨ ᠡᠮ ᠤᠨ ᠵᠦᠢᠯᠡᠰ ᠤᠨ ᠳᠤᠭ᠎ᠠ ᠬᠡᠮᠵᠢᠶ᠎ᠠ ᠵᠡᠷᠭᠡ ᠪᠠᠶᠢᠳᠠᠯ ᠢ ᠦᠨᠳᠤᠰᠤᠯᠡᠪᠡᠯ᠂ ᠬᠤᠳᠠᠯᠳᠤᠨ ᠠᠪᠤᠭᠰᠠᠨ ᠡᠮ ᠤᠨ ᠵᠦᠢᠯᠡᠰ ᠤᠨ ᠶᠡᠷᠤᠩᠬᠡᠢ ᠦᠨ᠎ᠠ ᠨᠢ ᠨᠢᠭᠡᠨᠳᠡ 15 ᠲᠦᠮᠡᠨ ᠲᠦᠬᠦᠷᠢᠭ ᠲᠤ ᠬᠦᠷᠴᠠᠢ᠃      ᠤᠳᠤᠬᠠᠨ ᠳᠤ ᠳᠤᠰ ᠬᠡᠷᠡᠭ ᠢ ᠴᠢᠨᠠᠭᠰᠢᠲᠠ ᠪᠠᠶᠢᠴᠠᠭᠠᠵᠦ ᠪᠤᠢ᠃ ᠣᠳᠣᠬᠠᠨ ᠳᠤ ᠤᠬᠠᠭᠤᠯᠭ᠎ᠠ ᠰᠤᠷᠳᠠᠯᠴᠢᠯᠠᠭ᠎ᠠ ᠬᠢᠬᠦ᠂ ᠡᠰᠡᠬᠦᠯ᠎ᠠ ᠡᠳ᠋ ᠪᠤᠳᠠᠰ ᠪᠡᠯᠡᠭᠯᠡᠬᠦ ᠵᠡᠷᠭᠡ ᠦᠳᠤᠭᠡᠯᠭᠡ ᠪᠠᠷ ᠡᠯ᠎ᠠ ᠵᠦᠢᠯ ᠤᠨ ᠠᠷᠭ᠎ᠠ ᠪᠠᠰᠢᠷ ᠢ ᠬᠡᠷᠡᠭᠯᠡᠨ᠂ ᠬᠤᠳᠠᠯ ᠬᠠᠭᠤᠷᠮᠠᠭ ᠪᠠᠷᠠᠭ᠎ᠠ ᠳᠠᠸᠠᠷ᠂ ᠡᠮ ᠤᠨ ᠵᠦᠢᠯᠡᠰ ᠵᠡᠷᠭᠡ ᠶᠢ ᠪᠤᠷᠤᠯᠠᠭᠤᠯᠤᠨ᠂ ᠬᠡᠷᠡᠭᠯᠡᠭᠴᠢᠳ ᠤᠨ ᠡᠷᠭᠡ ᠠᠰᠢᠭ ᠢ ᠬᠤᠬᠢᠷᠠᠭᠤᠯᠵᠦ ᠪᠠᠶᠢᠭ᠎ᠠ ᠬᠡᠷᠡᠭ ᠤᠯᠠᠨᠳᠠ ᠡᠬᠦᠰᠴᠤ ᠪᠤᠢ᠃ ᠳᠡᠭᠡᠷᠡᠬᠢ ᠬᠡᠷᠡᠭ ᠪᠤᠯ ᠪᠢᠳᠡᠨ ᠳᠤ ᠰᠢᠭᠤᠳ ᠰᠤᠷᠭᠠᠮᠵᠢ ᠪᠤᠯᠬᠤ ᠶᠤᠮ᠃ ᠬᠠᠤᠯᠢ ᠪᠤᠰᠤ ᠡᠳᠡᠭᠡᠳ ᠬᠡᠷᠡᠭᠯᠡᠭᠴᠢᠳ ᠤᠨ ᠪᠠᠭ᠎ᠠ ᠠᠰᠢᠭ ᠲᠤ ᠳᠤᠷᠠᠯᠠᠬᠤ᠂ ᠡᠰᠡᠬᠦᠯ᠎ᠠ ᠡᠪᠡᠳᠴᠢᠨ ᠵᠤᠪᠠᠯᠠᠩ ᠤᠨ ᠳᠠᠷᠴᠢᠯᠠᠭᠠᠯ ᠳᠤ ᠤᠴᠠᠷᠠᠨ ᠡᠳᠡᠭᠡᠬᠦ ᠳᠤ ᠪᠡᠷᠭᠡᠳᠡᠢ ᠪᠤᠯᠤᠭᠰᠠᠨ ᠵᠡᠷᠭᠡ ᠰᠡᠳᠬᠢᠯ ᠤᠨ ᠭᠠᠴᠢᠭ ᠢ ᠠᠰᠢᠬᠯᠠᠨ᠂ ᠬᠤᠳᠠᠯ ᠬᠠᠭᠤᠷᠮᠠᠭ ᠵᠦᠢᠯᠡᠰ ᠢᠶᠠᠨ ᠪᠤᠷᠤᠯᠠᠭᠤᠯᠬᠤ ᠵᠤᠷᠢᠯᠭ᠎ᠠ ᠳᠠᠭᠠᠨ ᠬᠦᠷᠳᠡᠭ᠂ ᠤᠨᠴᠠᠭᠠᠢᠢᠯᠠᠨ ᠨᠠᠰᠤ ᠠᠬᠢᠵᠦ ᠪᠡᠶ᠎ᠠ ᠮᠠᠬᠠᠪᠤᠳ ᠤᠨ ᠢᠶᠠᠨ ᠡᠷᠡᠬᠦᠯ ᠮᠡᠨᠳᠤ ᠶᠢᠨ ᠲᠦᠯᠦᠭᠡ ᠰᠠᠨᠠᠭᠠᠰᠢᠷᠡᠵᠦ ᠪᠠᠶᠢᠭ᠎ᠠ ᠬᠦᠮᠦᠰ ᠬᠠᠭᠤᠷᠳᠠᠭᠳᠠᠵᠦ ᠪᠠᠶᠢᠭ᠎ᠠ ᠨᠢ ᠤᠯᠠᠨ ᠪᠠᠶᠢᠳᠠᠭ᠃ ᠳᠡᠭᠷᠢ ᠠᠴᠠ ᠱᠠᠯᠪᠢᠩ ᠤᠨᠠᠳᠠᠭ ᠦᠭᠡᠢ ᠭᠡᠳᠡᠭ ᠢ ᠢᠳᠡᠭᠡᠭᠡᠷᠡᠢ᠃ ᠡᠶᠢᠮᠤᠷᠬᠦ ᠬᠠᠤᠯᠢ ᠪᠤᠰᠤ ᠪᠠᠷ ᠡᠮ ᠤᠨ ᠵᠦᠢᠯᠡᠰ ᠢ ᠪᠤᠷᠤᠯᠠᠭᠤᠯᠤᠭᠴᠢᠳ ᠤᠨ ᠤᠯᠠᠩᠬᠢ ᠨᠢ ᠨᠠᠷᠢᠨ ᠨᠢᠭᠳᠠ ᠵᠤᠬᠢᠶᠠᠨ ᠪᠠᠶᠢᠭᠤᠯᠤᠯᠳᠠ ᠪᠠ ᠠᠵᠢᠯ ᠤᠨ ᠬᠤᠪᠢᠶᠠᠷᠢᠯᠡᠯ ᠲᠠᠢ ᠪᠠᠶᠢᠵᠦ᠂ ᠳᠤᠭᠳᠠᠭᠰᠠᠨ ᠠᠯᠪᠠᠨ ᠤ ᠭᠠᠵᠠᠷ ᠳᠠᠯᠠᠪᠤᠷ ᠭᠡᠵᠦ ᠪᠠᠶᠢᠳᠠᠭ ᠦᠭᠡᠢ ᠪᠤᠯᠬᠤᠷ ᠬᠠᠭᠤᠷᠳᠠᠭᠳᠠᠭᠠᠳ ᠳᠤᠬᠠᠢ ᠶᠢᠨ ᠴᠠᠭ ᠲᠤᠨᠢ ᠬᠡᠷᠡᠭ ᠮᠡᠳᠡᠬᠦᠯᠬᠦ ᠦᠭᠡᠢ ᠪᠤᠯ ᠡᠷᠭᠡ ᠠᠰᠢᠭ ᠢᠶᠠᠨ ᠬᠠᠮᠠᠭᠠᠯᠠᠬᠤ ᠳᠤ ᠮᠠᠰᠢ ᠪᠡᠷᠭᠡ ᠶᠤᠮ᠃ ᠡᠶᠢᠮᠤ ᠠᠴᠠ ᠦᠷᠭᠡᠨ ᠤᠯᠠᠨ ᠮᠠᠯᠴᠢᠨ ᠳᠠᠷᠢᠶᠠᠴᠢᠳ ᠮᠠᠨᠢ ᠰᠤᠨᠤᠷ ᠰᠡᠷᠡᠮᠵᠢ ᠪᠠᠨ ᠳᠡᠭᠡᠭᠰᠢᠯᠡᠬᠦᠯᠵᠦ᠂ ᠡᠮ ᠤᠨ ᠵᠦᠢᠯᠡᠰ ᠢ ᠪᠤᠷᠤᠯᠠᠭᠤᠯᠬᠤ ᠵᠠᠷ ᠰᠤᠷᠳᠠᠯᠴᠢᠯᠠᠭ᠎ᠠ ᠵᠡᠷᠭᠡ ᠳᠤ ᠬᠢᠨᠠᠮᠠᠭᠠᠢ ᠬᠠᠨᠳᠤᠵᠦ᠂ ᠡᠵᠡᠩᠨᠡᠯᠳᠡ ᠶᠢᠨ ᠦᠨᠡᠮᠯᠡᠯ ᠵᠡᠷᠭᠡ ᠭᠡᠷᠡᠴᠢ ᠦᠨᠡᠮᠯᠡᠯ ᠪᠦᠷᠢᠨ ᠪᠠᠶᠢᠬᠤ ᠡᠰᠡᠬᠦ ᠶᠢ ᠬᠦᠢᠴᠡᠳ ᠠᠩᠬᠠᠷᠴᠤ᠂ ᠬᠠᠭᠤᠷᠳᠠᠭᠳᠠᠵᠦ ᠮᠡᠭᠡᠯᠡᠭᠳᠡᠬᠦ ᠠᠴᠠ ᠬᠢᠴᠢᠶᠡᠭᠡᠷᠡᠢ ︕      ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠠᠴᠠ ᠰᠢᠯᠵᠢᠭᠦᠯᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号