ᠵᠠᠩ ᠡᠸ᠋ᠨ ᠬᠦᠢ ᠲᠦᠴᠢᠤᠸᠠᠨ ᠰᠢᠶᠠᠨ ᠳᠤ ᠰᠢᠨᠵᠢᠯᠠᠨ ᠪᠠᠶᠢᠴᠠᠭᠠᠯᠳᠠ ᠬᠢᠬᠦ ᠳᠡᠭᠡᠨ ᠴᠢᠩᠭᠠᠳᠬᠠᠭᠰᠠᠨ ᠨᠢ ᠯᠠᠪᠳᠠᠭᠤᠨ ᠪᠠᠳᠤᠳᠠᠢ ᠤᠪᠤᠷ ᠰᠤᠷᠳᠠᠯ ᠢᠶᠠᠷ ᠭᠤᠷᠪᠠᠨ ᠶᠡᠭᠡ ᠲᠠᠶᠢᠯᠠᠯᠳᠤᠭᠠᠨ ᠢ ᠰᠠᠶᠢᠳᠤᠷ ᠬᠢᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠲᠦᠯᠬᠢᠨ ᠠᠬᠢᠭᠤᠯᠬᠤ ᠳᠤ ᠬᠦᠴᠤᠳᠠᠢ ᠪᠠᠳᠤᠯᠠᠭ᠎ᠠ ᠬᠠᠩᠭᠠᠬᠤ ᠬᠡᠷᠡᠭᠳᠠᠢ
ᠨᠡᠶᠢᠲᠡᠯᠡᠭᠰᠡᠨ ᠴᠠᠭ᠄
2018-06-28
  6 ᠰᠠᠷ᠎ᠠ ᠶᠢᠨ 19 ᠤ ᠡᠳᠤᠷ ᠠᠴᠠ 20 ᠤ ᠡᠳᠤᠷ ᠪᠤᠯᠳᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠡᠸ᠋ᠨ ᠬᠤᠢ ᠠᠶᠢᠮᠠᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ ᠬᠡᠯᠳᠡᠰ᠂ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠠᠷ ᠢ ᠲᠠᠭᠠᠭᠤᠯᠤᠨ᠂ ᠲᠦᠴᠢᠤᠸᠠᠨ ᠰᠢᠶᠠᠨ ᠳᠤ ᠬᠦᠨᠵᠡᠭᠡᠶᠢᠷᠠᠵᠤ᠂ ᠢᠯᠠ ᠪᠠᠷ ᠪᠠᠶᠢᠴᠠᠭᠠᠨ ᠨᠢᠭᠤᠴᠠ ᠪᠠᠷ ᠰᠤᠷᠪᠤᠯᠵᠢᠯᠠᠬᠤ ᠲᠠᠰᠢᠷᠠᠮ ᠢᠶᠠᠷ ᠶᠠᠪᠤᠨ ᠰᠤᠷᠪᠤᠯᠵᠢᠯᠠᠬᠤ ᠵᠡᠷᠭᠡ ᠬᠡᠯᠪᠡᠷᠢ ᠪᠠᠷ ᠭᠤᠷᠪᠠᠨ ᠶᠡᠭᠡ ᠲᠠᠶᠢᠯᠠᠯᠳᠤᠭᠠᠨ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠵᠤ ᠵᠢᠯᠤᠭᠤᠳᠤᠯᠭ᠎ᠠ ᠬᠢᠵᠤ᠂ ᠯᠠᠪᠳᠠᠭᠤᠨ ᠪᠠᠳᠤᠳᠠᠢ ᠤᠪᠤᠷ ᠰᠤᠷᠳᠠᠯ ᠢᠶᠠᠷ ᠭᠤᠷᠪᠠᠨ ᠶᠡᠭᠡ ᠲᠠᠶᠢᠯᠠᠯᠳᠤᠭᠠᠨ ᠢ ᠰᠠᠶᠢᠳᠤᠷ ᠬᠢᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠲᠦᠯᠬᠢᠨ ᠠᠬᠢᠭᠤᠯᠬᠤ᠋ ᠳᠤ ᠬᠦᠴᠤᠳᠠᠢ ᠪᠠᠳᠤᠯᠠᠭ᠎ᠠ ᠬᠠᠩᠭᠠᠬᠤ ᠬᠡᠷᠡᠭᠳᠠᠢ ᠭᠡᠪᠡ᠃ ᠵᠠᠩ ᠡᠸ᠋ᠨ ᠬᠤᠢ ᠤᠷᠢᠳ ᠬᠤᠵᠢᠳ ᠯᠢᠥ ᠬᠤ᠋ ᠪᠠᠯᠭᠠᠰᠤ᠂ ᠲᠠᠢ ᠫᠢᠩ ᠰᠢᠶᠠᠩ᠂ ᠲᠥᠴᠢᠥᠸᠠᠨ ᠪᠠᠯᠭᠠᠰᠤᠨ ᠤ ᠱᠤᠸᠠᠩ ᠰᠢᠩ᠂ ᠡᠥ ᠰᠠᠨ᠂ ᠯᠢᠥ ᠡᡁᠧ᠂ ᠶᠦᠩ ᠪᠤᠥ ᠵᠡᠷᠭᠡ 4 ᠶᠠᠳᠠᠭᠤ ᠬᠦᠴᠢᠷᠳᠠᠯᠳᠠᠢ ᠲᠤᠰᠬᠤᠨ ᠳᠤ ᠬᠦᠨᠵᠡᠭᠡᠶᠢᠷᠡᠵᠠᠢ᠃     ᠵᠠᠩ ᠡᠸ᠋ᠨ ᠬᠤᠢ ᠴᠢᠩᠭᠠᠳᠬᠠᠭᠰᠠᠨ ᠨᠢ᠂ ᠭᠤᠷᠪᠠᠨ ᠶᠡᠭᠡ ᠲᠠᠶᠢᠯᠠᠯᠳᠤᠭᠠᠨ ᠢ ᠰᠠᠶᠢᠳᠤᠷ ᠬᠢᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠲᠦᠯᠬᠢᠨ ᠠᠬᠢᠭᠤᠯᠬᠤ ᠳᠤ ᠬᠦᠮᠤᠨ ᠪᠤᠯ ᠵᠠᠩᠬᠢᠯᠠᠭ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ᠂ ᠤᠪᠤᠷ ᠰᠤᠷᠳᠠᠯ ᠤᠨ ᠪᠦᠳᠤᠭᠡᠨ ᠪᠠᠶᠢᠭᠤᠯᠤᠯᠳᠠ ᠪᠠᠨ ᠴᠢᠩᠭᠠᠳᠬᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠤᠯᠭᠡ ᠪᠠᠷ ᠵᠢᠯᠤᠭᠤᠳᠤᠭᠤᠯᠵᠤ᠂ ᠠᠵᠢᠯ ᠢᠶᠠᠨ ᠲᠦᠯᠬᠢᠨ ᠠᠬᠢᠭᠤᠯᠬᠤ ᠬᠡᠷᠡᠭᠳᠠᠢ᠃ ᠠᠷᠠᠳ ᠲᠦᠮᠡᠨ ᠢᠶᠠᠷ ᠭᠤᠥᠯ ᠪᠤᠯᠭᠠᠭᠰᠠᠨ ᠬᠦᠭᠵᠢᠯᠳᠠ ᠶᠢᠨ ᠦᠵᠡᠯ ᠰᠠᠨᠠᠭ᠎ᠠ ᠶᠢ ᠪᠠᠳᠤᠳᠠᠢ ᠪᠤᠢ ᠪᠤᠯᠭᠠᠬᠤ ᠪᠠ ᠦᠢᠯᠡᠳᠤᠯᠭᠡᠵᠢᠬᠦᠯᠤᠨ᠂ ᠲᠠᠰᠢᠷᠠᠮ ᠢᠶᠠᠷ ᠪᠠᠶᠢᠴᠠᠭᠠᠬᠤ᠂ ᠢᠯᠠ ᠪᠠᠷ ᠪᠠᠶᠢᠴᠠᠭᠠᠨ ᠨᠢᠭᠤᠴᠠ ᠪᠠᠷ ᠰᠤᠷᠪᠤᠯᠵᠢᠯᠠᠵᠤ ᠰᠢᠨᠵᠢᠯᠡᠨ ᠪᠠᠶᠢᠴᠠᠭᠠᠬᠤ ᠶᠢ ᠤᠯᠠᠨ ᠦᠷᠨᠢᠬᠦᠯᠵᠤ᠂ ᠪᠠᠶᠢᠳᠠᠯ ᠢ ᠨᠢ ᠤᠢᠢᠯᠠᠭᠠᠨ᠂ ᠦᠨᠡᠨᠬᠦ ᠪᠤᠳᠠᠳᠠᠢ ᠳᠤ ᠦᠢᠯᠡᠳᠤᠯᠭᠡᠵᠢᠬᠦᠯᠬᠦ ᠳᠤ ᠬᠦᠴᠤ ᠲᠠᠯᠪᠢᠬᠤ ᠬᠡᠷᠡᠭᠳᠠᠢ᠃ ᠰᠢ ᠶᠢᠨ ᠫᠢᠩ ᠶᠡᠷᠤᠩᠬᠡᠢ ᠱᠦᠵᠢ ᠶᠢᠨ ︽ᠲᠦᠷᠪᠡᠨ ᠰᠤᠷᠳᠠᠯ︾ ᠢ ᠵᠠᠰᠠᠪᠤᠷᠢᠯᠠᠬᠤ ᠲᠤᠬᠠᠢ᠂ ᠤᠪᠤᠷ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠴᠢᠩᠭᠠᠳᠬᠬᠤ ᠶᠢ ᠤᠯᠠᠮ ᠨᠢᠭᠡ ᠠᠯᠬᠤᠮ ᠲᠤᠥᠱᠯᠠᠭᠤᠯᠵᠤ᠂ ᠲᠦᠪ ᠤᠨ ᠨᠠᠢᠮᠠᠨ ᠲᠤᠭᠳᠠᠭᠠᠯ ᠵᠢᠴᠢ ᠲᠡᠬᠦᠨ ᠤ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠠᠨ ᠰᠤᠷᠳᠠᠯ︾ ᠤᠨ ᠠᠰᠠᠭᠤᠳᠠᠯ ᠤᠨ ᠭᠡᠳᠡᠷᠬᠦ ᠡᠬᠦᠰᠬᠦ ᠶᠢ ᠡᠷᠡᠰ ᠲᠡᠪᠴᠢᠬᠦ ᠬᠡᠷᠡᠭᠳᠠᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号