ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠦᠨ ᠦᠢᠯᠡᠰ ᠤᠨ ᠵᠠᠮ ᠢᠶᠠᠨ ᠰᠠᠷᠠᠭᠤᠯᠵᠢᠭᠤᠯᠤᠨ᠎ᠠ
ᠨᠡᠶᠢᠲᠡᠯᠡᠭᠰᠡᠨ ᠴᠠᠭ᠄
2018-06-28
    — ᠤᠯᠠᠭᠠᠨᠬᠤᠳᠠ ᠶᠢᠨ ᠵᠢᠶᠠ ᠾᠧ ᠮᠠᠯ ᠠᠵᠦ ᠠᠬᠤᠢ ᠶᠢᠨ ᠬᠢᠵᠠᠭᠠᠷᠳᠦ ᠺᠤᠮᠫᠠᠨᠢ ᠶᠢᠨ ᠲᠠᠭᠠᠭᠠᠮᠠᠯ ᠵᠤᠤ ᠬᠠᠢ ᠱᠠᠨ ᠢ ᠲᠡᠮᠳᠡᠭᠯᠡᠪᠡ     ᠵᠤᠤ ᠬᠠᠢ ᠱᠠᠨ᠂ ᠠᠶᠢᠮᠠᠭ ᠤᠨ ᠮᠠᠯ ᠠᠵᠦ ᠠᠬᠤᠢ ᠶᠢᠨ ᠠᠵᠢᠯ ᠤᠨ ᠹᠷᠤᠨᠲ ᠲᠤ 30 ᠭᠠᠷᠤᠢ ᠵᠢᠯ ᠠᠵᠢᠯᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ᠃ ᠤᠯᠠᠨ ᠵᠢᠯ ᠤᠨ ᠲᠤᠷᠰᠢ ᠮᠠᠯ ᠠᠵᠦ ᠠᠬᠤᠢ ᠶᠢᠨ ᠠᠵᠢᠯ ᠤᠨ ᠡᠮᠦᠨ᠎ᠡ ᠹᠷᠤᠨᠲ ᠲᠤ ᠠᠵᠢᠯᠯᠠᠭᠠᠳ᠂ ᠬᠢᠩᠭᠠᠨ ᠠᠶᠢᠮᠠᠭ ᠤᠨ ᠮᠠᠯ ᠠᠵᠦ ᠠᠬᠤᠢ ᠶᠢᠨ ᠠᠵᠢᠯ ᠳᠤ ᠶᠡᠭᠡ ᠬᠤᠪᠢ ᠨᠡᠮᠡᠷᠢ ᠦᠵᠡᠬᠦᠯᠦᠭᠰᠡᠨ ᠶᠤᠮ᠃    2005 ᠤᠨ ᠳᠤ᠂ ᠵᠤᠤ ᠬᠠᠢ ᠱᠠᠨ ᠲᠤᠮᠳᠠᠳᠦ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠤᠳᠤᠯᠬᠤ ᠰᠤᠷᠤᠭᠴᠢ ᠪᠠᠷ ᠲᠡᠬᠦᠰᠦᠭᠰᠡᠨ ᠤ ᠰᠡᠬᠦᠯᠡᠷ ᠨᠤᠳᠤᠭ ᠲᠠᠭᠠᠨ ᠢᠷᠡᠵᠦ ᠦᠢᠯᠡᠰ ᠪᠤᠰᠬᠠᠭᠰᠠᠨ ᠤ ᠬᠠᠮᠳᠦ ᠤᠯᠠᠭᠠᠨᠬᠤᠳᠠ ᠶᠢᠨ ᠵᠢᠶᠠ ᠾᠧ ᠮᠠᠯ ᠠᠵᠦ ᠠᠬᠤᠢ ᠶᠢᠨ ᠦᠢᠯᠡᠰ ᠢᠶᠠᠨ ᠠᠭᠠᠵᠢᠮ ᠢᠶᠠᠷ ᠬᠦᠭᠵᠢᠬᠦᠯᠦᠨ ᠬᠡᠪᠴᠢᠶᠡᠵᠢᠬᠦᠯᠵᠦ᠂ ᠬᠠᠮᠤᠭ ᠠᠩᠬᠠᠨ ᠤ ᠲᠠᠬᠢᠶ᠎ᠡ ᠲᠡᠵᠢᠭᠡᠨ ᠦᠷᠡᠵᠢᠬᠦᠯᠵᠦ ᠪᠠᠶᠢᠭᠰᠠᠨ ᠠᠴᠠ ᠤᠳᠤᠬᠢ ᠮᠠᠯ ᠤᠨᠤᠭ᠎ᠠ ᠶᠢᠨ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ᠂ ᠡᠪᠡᠰᠦ ᠪᠤᠷᠳᠤᠭ᠎ᠠ ᠪᠤᠯᠪᠠᠰᠤᠷᠠᠭᠤᠯᠬᠤ᠂ ᠲᠠᠬᠢᠶᠠᠨ ᠴᠤᠷᠪᠠᠭ᠎ᠠ ᠨᠡᠪᠴᠢᠬᠦᠯᠬᠦ᠂ ᠮᠠᠯ ᠠᠵᠦ ᠠᠬᠤᠢ ᠶᠢᠨ ᠲᠡᠵᠢᠭᠡᠨ ᠦᠷᠡᠵᠢᠬᠦᠯᠬᠦ ᠲᠤᠨᠤᠭ ᠲᠦᠬᠦᠭᠡᠷᠦᠮᠵᠢ᠂ ᠡᠮ ᠤᠨ ᠵᠦᠢᠯᠡᠰ ᠦᠢᠯᠡᠳᠪᠦᠷᠢᠯᠡᠬᠦ ᠵᠡᠷᠭᠡ ᠬᠡᠪᠴᠢᠶᠡᠵᠢᠯ ᠲᠠᠢ ᠪᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰᠵᠢᠯᠳᠡ ᠶᠢᠨ ᠵᠠᠮ ᠢᠶᠠᠷ ᠵᠠᠮᠨᠠᠭᠰᠠᠨ ᠪᠠᠶᠢᠨ᠎ᠠ᠃ 2009 ᠤᠨ ᠤ 9 ᠰᠠᠷ᠎ᠠ ᠳᠤ᠂ ᠲᠡᠷᠡ ᠤᠯᠠᠭᠠᠨᠬᠤᠳᠠ ᠶᠢᠨ ᠵᠢᠶᠠ ᠾᠧ ᠮᠠᠯ ᠠᠵᠦ ᠠᠬᠤᠢ ᠶᠢᠨ ᠬᠢᠵᠠᠭᠠᠷᠳᠦ ᠺᠤᠮᠫᠠᠨᠢ ᠪᠠᠨ ᠪᠠᠶᠢᠭᠤᠯᠵᠦ᠂ ᠺᠤᠮᠫᠠᠨᠢ ᠶᠢᠨ ᠲᠠᠭᠠᠭᠠᠮᠠᠯ ᠵᠢᠴᠢ ᠮᠡᠷᠭᠡᠵᠢᠯ ᠤᠨ ᠶᠡᠷᠦᠩᠭᠡᠢ ᠬᠢᠨᠠᠭᠴᠢ ᠶᠢᠨ ᠲᠤᠰᠢᠶᠠᠯ ᠢ ᠬᠠᠷᠢᠭᠤᠴᠠᠭᠰᠠᠨ ᠪᠠᠶᠢᠨ᠎ᠠ᠃ ᠲᠤᠰ ᠺᠤᠮᠫᠠᠨᠢ ᠨᠢ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ ᠪᠠᠷ ᠭᠤᠤᠯ ᠪᠤᠯᠭᠠᠨ᠂ ᠰᠢᠨᠵᠢᠯᠡᠬᠦ ᠤᠬᠠᠭᠠᠨᠴᠢ ᠪᠠᠷ ᠮᠠᠯ ᠤᠨᠤᠭ᠎ᠠ ᠲᠡᠵᠢᠭᠡᠨ ᠦᠷᠡᠵᠢᠬᠦᠯᠬᠦ ᠮᠡᠷᠭᠡᠵᠢᠯ ᠢ ᠲᠦᠭᠡᠮᠡᠯᠵᠢᠬᠦᠯᠦᠨ ᠲᠡᠯᠭᠡᠷᠡᠬᠦᠯᠬᠦ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠵᠦ᠂ ᠮᠠᠯᠴᠢᠨ ᠲᠠᠷᠢᠶᠠᠴᠢᠨ ᠢ ᠵᠠᠮᠴᠢᠯᠠᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠦᠢᠯᠡᠰ ᠢ ᠡᠷᠬᠢᠯᠡᠬᠦᠯᠦᠨ᠂ ᠬᠠᠮᠳᠦ ᠪᠠᠷ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠬᠤ ᠶᠢ ᠵᠤᠷᠢᠭᠰᠠᠨ ᠪᠠᠶᠢᠳᠠᠭ᠃ ᠺᠤᠮᠫᠠᠨᠢ ᠶᠢᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠢ ᠲᠡᠭᠡᠭᠰᠢᠯᠡᠬᠦᠯᠬᠦ ᠪᠠᠷ᠂ ᠵᠤᠤ ᠬᠠᠢ ᠱᠠᠨ ᠲᠤᠮᠳᠠᠳᠦ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠭᠧ ᠰᠢᠶᠠᠩ ᠳ᠋ᠤᠺᠲ᠋ᠤᠷ ᠢᠶᠠᠷ ᠮᠡᠷᠭᠡᠵᠢᠯ ᠤᠨ ᠦᠢᠯᠡᠴᠢᠯᠡᠭᠡ ᠶᠢᠨ ᠠᠬᠠᠯᠠᠭᠴᠢ ᠪᠤᠯᠭᠠᠭᠰᠠᠨ ᠲᠤᠰᠬᠠᠢ ᠮᠡᠷᠭᠡᠵᠢᠯᠳᠡᠨ ᠤ ᠡᠩᠨᠡᠭᠡ ᠶᠢ ᠵᠠᠯᠠᠵᠦ᠂ ᠦᠢᠯᠡᠳᠪᠦᠷᠢᠯᠡᠭᠰᠡᠨ ᠲᠡᠵᠢᠭᠡᠯ ᠪᠤᠷᠳᠤᠭ᠎ᠠ ᠶᠢᠨ ᠰᠢᠮ᠎ᠡ ᠲᠡᠵᠢᠭᠡᠯ ᠢ ᠲᠡᠭᠡᠭᠰᠢᠯᠡᠬᠦᠯᠦᠨ᠂ ᠦᠢᠯᠡᠴᠢᠯᠡᠭᠡ ᠪᠠᠨ ᠰᠠᠶᠢᠵᠢᠷᠠᠭᠤᠯᠵᠦ᠂ ᠬᠠᠮᠢᠶᠠᠷᠤᠯᠳᠠ ᠪᠠᠨ ᠰᠢᠨᠵᠢᠯᠡᠬᠦ ᠤᠬᠠᠭᠠᠨᠴᠢᠯᠡᠵᠦ᠂ ᠵᠠᠬ᠎ᠠ ᠲᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠡᠭᠡᠭᠰᠢᠯᠡᠬᠦᠯᠦᠭᠰᠡᠨ ᠠᠴᠠ ᠨᠡᠶᠢᠭᠡᠮ ᠲᠡᠭᠡᠷ᠎ᠠ ᠨᠢᠭᠡᠨ ᠢᠳᠡᠭᠡᠯ ᠬᠦᠨᠳᠦ ᠲᠠᠢ ᠮᠠᠯ ᠠᠵᠦ ᠠᠬᠤᠢ ᠶᠢᠨ ᠺᠤᠮᠫᠠᠨᠢ ᠪᠤᠯᠤᠭᠰᠠᠨ ᠪᠠᠶᠢᠨ᠎ᠠ᠃ ᠡᠭᠦᠨ ᠤ ᠬᠠᠮᠳᠦ᠂ ᠲᠡᠷᠡ ᠮᠠᠯᠴᠢᠨ ᠲᠠᠷᠢᠶᠠᠴᠢᠳ ᠲᠤ ᠰᠦᠢᠳᠭᠡᠯ ᠬᠤᠷᠢᠶᠠᠬᠤ ᠦᠭᠡᠢ ᠪᠠᠷ ᠲᠠᠷᠢᠶᠠᠯᠠᠩ ᠮᠠᠯ ᠠᠵᠦ ᠠᠬᠤᠢ ᠶᠢᠨ ᠮᠡᠷᠭᠡᠵᠢᠯ ᠤᠨ ᠵᠢᠯᠤᠭᠤᠳᠤᠯᠭ᠎ᠠ᠂ ᠮᠠᠯ ᠤᠨᠤᠭ᠎ᠠ ᠲᠡᠵᠢᠭᠡᠨ ᠦᠷᠡᠵᠢᠬᠦᠯᠬᠦ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠶᠢᠨ ᠬᠠᠮᠳᠦ ᠮᠠᠯ ᠠᠵᠦ ᠠᠬᠤᠢ ᠶᠢᠨ ᠮᠡᠷᠭᠡᠵᠢᠯ ᠤᠨ ᠪᠤᠯᠪᠠᠰᠤᠷᠠᠯ ᠬᠦᠷᠳᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠬᠢᠷᠢ ᠲᠦᠪᠰᠢᠨ ᠢ ᠲᠡᠭᠡᠭᠰᠢᠯᠡᠬᠦᠯᠦᠨ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠶᠢ ᠲᠠᠶᠢᠴᠢᠯᠠᠨ ᠲᠠᠭᠠᠭᠤᠯᠤᠭᠰᠠᠨ ᠪᠠᠶᠢᠨ᠎ᠠ᠃     ᠠᠷᠠᠳ ᠤᠯᠠᠨ ᠳᠤ ᠨᠡᠩ ᠰᠠᠶᠢᠨ ᠢᠶᠠᠷ ᠦᠢᠯᠡᠴᠢᠯᠡᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠮᠡᠷᠭᠡᠵᠢᠯ ᠢ ᠤᠯᠠᠮ ᠢᠶᠠᠷ ᠲᠦᠭᠡᠮᠡᠯᠵᠢᠬᠦᠯᠬᠦ ᠪᠠᠷ᠂ ᠵᠢᠶᠠ ᠾᠧ ᠮᠠᠯ ᠠᠵᠦ ᠠᠬᠤᠢ ᠶᠢᠨ ᠺᠤᠮᠫᠠᠨᠢ ᠠᠴᠠ ᠤᠯᠠᠭᠠᠨᠬᠤᠳᠠ ᠶᠢᠨ ᠬᠦᠭᠵᠢᠶᠡᠨᠳᠡᠢ ᠭᠠᠵᠠᠷ ᠤᠷᠤᠨ ᠢᠶᠠᠷ ᠡᠵᠡᠩᠨᠡᠨ ᠪᠤᠷᠤᠯᠠᠭᠤᠯᠬᠤ ᠦᠢᠯᠡᠴᠢᠯᠡᠭᠡᠨ ᠤ ᠲᠦᠪ ᠪᠠᠶᠢᠭᠤᠯᠵᠦ᠂ ᠲᠠᠬᠢᠶ᠎ᠡ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠢᠶᠠᠷ ᠤᠷᠤᠯᠠᠭᠴᠢ ᠦᠢᠯᠡᠴᠢᠯᠡᠭᠡᠨ ᠤ ᠬᠡᠯᠳᠡᠰ ᠭᠠᠷᠭᠠᠵᠦ᠂ ᠴᠤᠷᠪᠠᠭ᠎ᠠ ᠬᠦᠷᠭᠡᠬᠦ᠂ ᠲᠡᠵᠢᠭᠡᠯ ᠪᠤᠷᠳᠤᠭ᠎ᠠ ᠬᠦᠷᠭᠡᠬᠦ᠂ ᠡᠮ ᠤᠨ ᠵᠦᠢᠯᠡᠰ ᠬᠦᠷᠭᠡᠬᠦ ᠦᠢᠯᠡᠴᠢᠯᠡᠭᠡᠨ ᠤ ᠲᠡᠷᠭᠡ ᠪᠠ ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠳᠠᠰᠦ ᠲᠤᠬᠢᠷᠠᠭᠤᠯᠵᠦ᠂ ᠺᠤᠮᠫᠠᠨᠢ ᠶᠢᠨ ᠬᠠᠷᠢᠴᠠᠭᠠᠨ ᠤ ᠡᠷᠦᠭᠡ ᠳᠤ ᠪᠦᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠵᠠᠢ᠃ ᠡᠭᠦᠨ ᠤ ᠬᠠᠮᠳᠦ᠂ ᠵᠤᠤ ᠬᠠᠢ ᠱᠠᠨ ᠠᠴᠠ ᠦᠪᠡᠷ ᠤᠨ ᠺᠤᠮᠫᠠᠨᠢ ᠶᠢᠨ ᠬᠠᠮᠢᠶ᠎ᠡ ᠪᠦᠬᠦᠢ ᠬᠦᠮᠦᠰ ᠢ ᠲᠠᠭᠠᠭᠤᠯᠤᠨ᠂ ᠬᠠᠷᠢᠴᠠᠭᠠᠨ ᠤ ᠡᠷᠦᠭᠡ ᠪᠠᠷ ᠬᠦᠨᠵᠡᠭᠡᠶᠢᠷᠡᠨ ᠰᠠᠨᠠᠯ ᠰᠠᠨᠠᠭᠤᠯᠭ᠎ᠠ ᠬᠤᠷᠢᠶᠠᠵᠦ᠂ ᠬᠠᠷᠢᠴᠠᠭᠠᠨ ᠤ ᠡᠷᠦᠭᠡ ᠶᠢᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠵᠠᠬ᠎ᠠ ᠲᠡᠯᠭᠡᠭᠦᠷ ᠤᠨ ᠰᠤᠷᠠᠭ ᠵᠠᠩᠬᠢ ᠬᠠᠩᠭᠠᠵᠦ ᠦᠭᠪᠡ᠃     ᠪᠤᠳᠠᠳᠠᠢ ᠠᠵᠢᠯ ᠤᠨ ᠲᠤᠮᠳᠠ᠂ ᠵᠤᠤ ᠬᠠᠢ ᠱᠠᠨ ᠤ ᠵᠢᠶᠠ ᠾᠧ ᠮᠠᠯ ᠠᠵᠦ ᠠᠬᠤᠢ ᠶᠢᠨ ᠺᠤᠮᠫᠠᠨᠢ ᠨᠢ ᠮᠠᠨ ᠤ ᠠᠶᠢᠮᠠᠭ ᠤᠨ ᠪᠠᠶᠢᠭᠠᠯᠢ ᠶᠢᠨ ᠲᠠᠪᠠᠭᠤᠯᠢᠭ ᠢ ᠬᠦᠢᠴᠡᠳ ᠠᠰᠢᠭᠯᠠᠵᠦ᠂ ᠰᠢᠯᠢᠳᠡᠭ ᠡᠭᠦᠯᠳᠡᠷ ᠤᠨ ᠠᠯᠠᠰᠢᠨ ᠲᠠᠬᠢᠶ᠎ᠡ ᠶᠢᠨ ᠲᠦᠷᠦᠯ ᠵᠦᠢᠯ ᠢ ᠰᠤᠳᠤᠯᠤᠨ ᠦᠢᠯᠡᠳᠴᠦ᠂ ᠪᠦᠳᠦᠭᠡᠭᠳᠡᠬᠦᠨ ᠤ ᠨᠡᠮᠡᠯᠳᠡ ᠦᠷᠳᠡᠭ ᠢ ᠲᠡᠭᠡᠭᠰᠢᠯᠡᠬᠦᠯᠬᠦ ᠶᠢᠨ ᠬᠠᠮᠳᠦ ᠪᠦᠳᠦᠭᠡᠭᠳᠡᠬᠦᠨ ᠢᠶᠠᠨ ᠲᠡᠯᠭᠡᠭᠦᠷ ᠢᠶᠠᠷ ᠪᠤᠷᠤᠯᠠᠭᠤᠯᠬᠤ ᠪᠠ ᠰᠦᠯᠵᠢᠶᠡᠨ ᠲᠡᠭᠡᠷ᠎ᠠ ᠪᠤᠷᠤᠯᠠᠭᠤᠯᠬᠤ ᠶᠢ ᠤᠶᠠᠯᠳᠤᠭᠤᠯᠵᠦ ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠤᠯᠠᠨ ᠡᠰᠢᠴᠢᠯᠡᠭᠰᠡᠨ ᠪᠠᠶᠢᠨ᠎ᠠ᠃ ᠲᠡᠷᠡ ᠪᠠᠰᠠ ᠤᠯᠠᠭᠠᠨᠬᠤᠳᠠ ᠶᠢᠨ ᠵᠢᠶᠠ ᠾᠧ ᠠᠯᠠᠰᠢᠨ ᠲᠠᠬᠢᠶ᠎ᠡ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠲᠠᠢ ᠬᠠᠮᠳᠤᠷᠠᠨ ᠤᠨᠴᠠᠯᠢᠬᠳᠦ ᠲᠠᠬᠢᠶ᠎ᠡ ᠲᠡᠵᠢᠭᠡᠨ ᠦᠷᠡᠵᠢᠬᠦᠯᠬᠦ ᠠᠷᠭ᠎ᠠ ᠬᠡᠯᠪᠡᠷᠢ — ᠲᠠᠬᠢᠶ᠎ᠡ ᠶᠢ ᠰᠤᠯᠠ ᠪᠠᠷ ᠲᠡᠵᠢᠭᠡᠬᠦ ᠲᠦᠷᠦᠯ ᠵᠦᠢᠯ ᠢ ᠬᠡᠷᠡᠭᠵᠢᠬᠦᠯᠵᠦ᠂ ᠵᠢᠶᠠ ᠾᠧ ᠮᠠᠯ ᠠᠵᠦ ᠠᠬᠤᠢ ᠶᠢᠨ ᠺᠤᠮᠫᠠᠨᠢ ᠶᠢᠨ ᠨᠡᠪᠴᠢᠬᠦᠯᠦᠭᠰᠡᠨ ᠲᠠᠬᠢᠶᠠᠨ ᠴᠤᠷᠪᠠᠭ᠎ᠠ ᠶᠢ ᠲᠤᠰᠬᠠᠢ ᠬᠤᠷᠰᠢᠶᠠᠵᠢᠯ ᠤᠨ ᠭᠡᠰᠢᠬᠦᠨ ᠡᠷᠦᠭᠡ ᠳᠤ ᠰᠤᠯᠠ ᠪᠠᠷ ᠲᠡᠵᠢᠭᠡᠯᠭᠡᠵᠦ᠂ ᠴᠤᠷᠪᠠᠭ᠎ᠠ ᠶᠢ ᠪᠤᠶᠢᠵᠢᠭᠤᠯᠵᠦ ᠲᠠᠭᠤᠰᠬᠠᠭᠰᠠᠨ ᠤ ᠲᠠᠷᠠᠭ᠎ᠠ ᠪᠠᠷᠢᠮᠵᠢᠶᠠᠨ ᠳᠤ ᠬᠦᠷᠦᠭᠰᠡᠨ ᠲᠠᠬᠢᠶ᠎ᠡ ᠳᠤ ᠡᠯᠧᠺᠳ᠋ᠷᠤᠨ ᠪᠦᠭᠡᠵᠢ ᠵᠡᠭᠦᠯᠭᠡᠨ᠂ ᠲᠠᠬᠢᠶ᠎ᠡ ᠪᠦᠷᠢ ᠳᠤ ︽ᠪᠡᠶ᠎ᠡ ᠶᠢᠨ ᠦᠨᠡᠮᠯᠡᠯ ᠤᠨ ᠨᠤᠮᠧᠷ︾ ᠲᠤᠬᠢᠷᠠᠭᠤᠯᠤᠭᠰᠠᠨ ᠪᠠᠶᠢᠳᠠᠭ᠃ ᠲᠤᠰ ᠪᠡᠶ᠎ᠡ ᠶᠢᠨ ᠦᠨᠡᠮᠯᠡᠯ ᠳᠤ᠂ ᠠᠯᠠᠰᠢᠨ ᠲᠠᠬᠢᠶ᠎ᠡ ᠲᠡᠵᠢᠭᠡᠨ ᠦᠷᠡᠵᠢᠬᠦᠯᠦᠭᠰᠡᠨ ᠡᠷᠦᠭᠡ᠂ ᠭᠠᠵᠠᠷ ᠤᠷᠤᠨ᠂ ᠡᠳᠦᠷ ᠬᠤᠭᠤᠴᠠᠭ᠎ᠠ ᠵᠡᠷᠭᠡ ᠶᠢ ᠲᠡᠮᠳᠡᠭᠯᠡᠵᠦ᠂ ᠪᠦᠳᠦᠭᠡᠭᠳᠡᠬᠦᠨ ᠤ ᠤᠤᠯ ᠢᠷᠠᠯᠳᠠ ᠶᠢ ᠪᠠᠳᠤᠯᠠᠨ᠂ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠭᠰᠡᠨ ᠶᠤᠮ᠃ ᠲᠤᠰ ᠲᠦᠷᠦᠯ ᠵᠦᠢᠯ ᠨᠢ ︽ᠺᠤᠮᠫᠠᠨᠢ + ᠰᠠᠭᠤᠷᠢᠨ ᠭᠠᠵᠠᠷ + ᠲᠤᠰᠬᠠᠢ ᠬᠤᠷᠰᠢᠶᠠᠵᠢᠯ + ᠲᠠᠷᠢᠶᠠᠴᠢᠨ ᠡᠷᠦᠭᠡ︾ ᠶᠢᠨ ᠠᠷᠭ᠎ᠠ ᠬᠡᠯᠪᠡᠷᠢ ᠶᠢ ᠬᠡᠷᠡᠭᠯᠡᠵᠦ᠂ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠡᠢ ᠲᠠᠷᠢᠶᠠᠴᠢᠨ ᠡᠷᠦᠭᠡ ᠶᠢ ᠲᠠᠬᠢᠶ᠎ᠡ ᠲᠡᠵᠢᠭᠡᠨ ᠦᠷᠡᠵᠢᠬᠦᠯᠬᠦ ᠬᠦᠷᠢᠶ᠎ᠡ ᠬᠠᠰᠢᠶ᠎ᠡ ᠶᠢᠨ ᠠᠵᠦ ᠠᠬᠤᠢ ᠬᠦᠭᠵᠢᠬᠦᠯᠬᠦ ᠶᠢ ᠶᠡᠭᠡᠪᠡᠷ ᠲᠡᠮᠵᠢᠵᠦ᠂ ᠬᠠᠮᠳᠦᠪᠡᠷ ᠪᠠᠶᠠᠵᠢᠨ ᠴᠢᠨᠡᠭᠡᠯᠢᠭᠵᠢᠬᠦ ᠶᠢ ᠲᠦᠷᠭᠡᠳᠭᠡᠭᠰᠡᠨ ᠪᠠᠶᠢᠨ᠎ᠠ᠃ ·
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号