ᠥᠪᠥᠷ ᠮᠣᠩᠭᠤᠯ 36 ᠵᠦᠢᠯ ᠤᠨ ᠡᠪᠡᠳᠴᠢᠨ ᠢ ᠤᠷᠤᠨ ᠤ ᠱᠠᠳᠣᠨ ᠤ ᠡᠬᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2018-06-28
    ᠨᠡᠶᠢᠭᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠡᠨ ᠤ ᠲᠤᠰ ᠪᠡᠶ᠎ᠡ ᠶᠢᠨ ᠠᠰᠢᠭ ᠲᠤᠰᠠ ᠶᠢ ᠴᠢᠨᠠᠭᠰᠢᠳᠠ ᠪᠠᠲᠤᠯᠠᠵᠦ᠂ ᠨᠡᠶᠢᠭᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠡᠨ ᠤ ᠠᠵᠦ ᠠᠬᠤᠢ ᠶᠢᠨ ᠳᠠᠷᠤᠭᠠᠰᠦ ᠶᠢ ᠦᠨᠡᠨᠬᠦ ᠬᠦᠩᠭᠡᠷᠡᠬᠦᠯᠬᠦ ᠶᠢᠨ ᠲᠦᠯᠦᠭᠡ᠂ ᠤᠢᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠡᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠲᠢᠩᠬᠢᠮ ᠤᠨ ᠵᠦᠪᠰᠢᠶᠠᠷᠠᠯ ᠢᠶᠠᠷ᠂ ᠮᠡᠨᠡᠭ ᠡᠪᠡᠳᠴᠢᠨ ᠵᠡᠷᠭᠡ 15 ᠵᠦᠢᠯ ᠤᠨ ᠡᠪᠡᠳᠴᠢᠨ ᠢ ᠦᠪᠡᠷᠲᠡᠭᠡᠨ ᠵᠠᠰᠠᠬᠤ ᠤᠷᠤᠨ ᠤ ᠱᠠᠳᠣᠨ ᠤ ᠡᠬᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠬᠡᠪᠴᠢᠶᠡᠨ ᠳᠤ ᠤᠷᠤᠭᠤᠯᠪᠡ᠃ ᠤᠳᠤ ᠪᠤᠯᠲᠠᠯ᠎ᠠ᠂ ᠮᠠᠨ ᠤ ᠣᠷᠣᠨ ᠨᠢᠬᠡᠨᠲᠡ 36 ᠵᠦᠢᠯ ᠤᠨ ᠡᠪᠡᠳᠴᠢᠨ ᠢ ᠦᠪᠡᠷᠲᠡᠭᠡᠨ ᠵᠠᠰᠠᠬᠤ ᠤᠷᠤᠨ ᠤ ᠱᠠᠳᠣᠨ ᠤ ᠡᠬᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠣᠭᠰᠠᠨ ᠪᠠᠶᠢᠨ᠎ᠠ᠃ ᠡᠭᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠭᠡᠳᠡᠭ ᠨᠢ ᠤᠷᠳᠦ ᠬᠤᠭᠤᠴᠠᠭ᠎ᠠ ᠪᠠᠷ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠪᠠᠴᠣ ᠡᠮᠨᠡᠯᠭᠡ ᠳᠤ ᠰᠠᠭᠤᠵᠦ ᠡᠮᠨᠡᠬᠦᠯᠬᠦ ᠴᠢᠬᠤᠯᠠ ᠦᠬᠡᠢ ᠨᠡᠶᠢᠬᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠠᠨ ᠳᠤ ᠬᠠᠩᠭᠠᠬᠤ ᠡᠬᠦᠳᠡᠨ ᠡᠮᠨᠡᠯᠭᠡ ᠳᠤ ᠡᠮᠴᠢᠯᠡᠭᠡ ᠬᠢᠯᠭᠡᠬᠦ‍ ᠨᠢᠬᠡ ᠵᠦᠢᠯ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠠᠷᠭ᠎ᠠ ᠬᠡᠮᠵᠢᠶ᠎ᠡ ᠪᠤᠯᠤᠨ᠎ᠠ᠃ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠨᠡᠶᠢᠬᠡᠮ ᠤᠨ ᠳᠠᠭᠠᠳᠬᠠᠯ ᠳᠤ ᠤᠷᠤᠬᠰᠠᠨ ᠬᠦᠮᠦᠨ ᠤ ᠲᠤᠭ᠎ᠠ ᠨᠡᠮᠡᠭᠳᠡᠬᠦ ᠪᠤᠯᠤᠨ ᠤᠳᠠᠭᠠᠨ ᠴᠢᠨᠠᠷᠲᠠᠢ ᠡᠪᠡᠳᠴᠢᠨ ᠤ ᠲᠦᠷᠦᠯ ᠵᠦᠢᠯ ᠤᠨ ᠤᠯᠠᠨ ᠲᠦᠷᠦᠯᠵᠢᠬᠦ ᠶᠢ ᠳᠠᠭᠠᠯᠳᠤᠨ᠂ ᠨᠡᠶᠢᠭᠡᠮ ᠤᠨ ᠳᠠᠭᠠᠳᠬᠠᠯ ᠳᠤ ᠤᠷᠤᠬᠰᠠᠨ ᠡᠪᠡᠳᠴᠢᠲᠠᠨ ᠤ ᠰᠠᠨᠠᠯ ᠢ ᠦᠷᠭᠡᠨ ᠢᠶᠠᠷ ᠰᠤᠨᠤᠰᠴᠦ᠂ ᠰᠠᠭᠤᠷᠢ ᠮᠦᠩᠬᠦᠨ ᠤ ᠡᠷᠬᠢᠯᠲᠡ ᠶᠢᠨ ᠪᠠᠶᠢᠳᠠᠯ ᠢ ᠰᠢᠨᠵᠢᠯᠡᠬᠦ ᠣᠬᠠᠭᠠᠨᠴᠢ ᠪᠠᠷ ᠵᠠᠳᠠᠯᠵᠣ ᠨᠤᠲᠠᠯᠠᠭᠰᠡᠨ ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠲᠢᠩᠬᠢᠮ ᠠᠴᠠ ᠵᠢᠷᠦᠭᠡ ᠰᠢᠯᠵᠢᠬᠦᠯᠬᠦ ᠮᠡᠰᠡ ᠵᠠᠰᠠᠯ᠂ ᠠᠭᠤᠰᠬᠢ ᠰᠢᠯᠵᠢᠬᠦᠯᠬᠦ ᠮᠡᠰᠡ ᠵᠠᠰᠠᠯ᠂ ᠡᠯᠢᠭᠡ ᠰᠢᠯᠵᠢᠬᠦᠯᠬᠦ ᠮᠡᠰᠡ ᠵᠠᠰᠠᠯ᠂ ᠴᠢᠮᠦᠬᠡ ᠰᠢᠯᠵᠢᠬᠦᠯᠬᠦ ᠮᠡᠰᠡ ᠵᠠᠰᠠᠯ ᠤᠨ ᠳᠠᠷᠠᠭᠠᠬᠢ ᠪᠣᠰᠣᠳ ᠬᠦᠮᠦᠨ ᠤ ᠡᠷᠬᠡᠳᠡᠨ ᠢ ᠭᠠᠳᠠᠭᠤᠷᠴᠢᠯᠠᠬᠤ ᠶᠢ ᠡᠰᠡᠷᠬᠦᠴᠡᠬᠦ ᠡᠮᠴᠢᠯᠡᠭᠡ ᠪᠤᠯᠤᠨ ᠮᠡᠨᠡᠭ ᠡᠪᠡᠳᠴᠢᠨ᠂ ᠵᠢᠷᠦᠬᠡᠨ ᠡᠪᠡᠳᠴᠢᠨ ᠤ ᠬᠠᠪᠬᠠᠭ ᠪᠦᠷᠭᠦᠪᠴᠢ ᠰᠤᠯᠢᠬᠰᠠᠨ ᠮᠡᠰᠡ ᠵᠠᠰᠠᠯ ᠤᠨ ᠳᠠᠷᠠᠭᠠᠬᠢ ᠡᠮᠴᠢᠯᠡᠭᠡ᠂ ᠵᠢᠷᠦᠬᠡᠨ ᠤ ᠴᠤᠬᠢᠯᠲᠠ ᠬᠡᠪ ᠤᠨ ᠪᠤᠰᠤ ᠠᠴᠠ ᠪᠤᠯᠤᠬᠰᠠᠨ ᠮᠡᠰᠡ ᠵᠠᠰᠠᠯ ᠤᠨ ᠳᠠᠷᠠᠭᠠᠬᠢ ᠡᠮᠴᠢᠯᠡᠭᠡ᠂ ᠲᠠᠷᠢᠬᠢ ᠴᠢᠰᠣᠨ ᠰᠤᠳᠠᠯ ᠤᠨ ᠡᠪᠡᠳᠴᠢᠨ ᠠᠴᠠ ᠪᠤᠯᠤᠬᠰᠠᠨ ᠮᠡᠰᠡ ᠵᠠᠰᠠᠯ ᠤᠨ ᠳᠠᠷᠠᠭᠠᠬᠢ ᠡᠮᠴᠢᠯᠡᠭᠡ ᠵᠡᠷᠭᠡ 15 ᠵᠦᠢᠯ ᠤᠨ ᠡᠪᠡᠳᠴᠢᠨ ᠢ ᠦᠪᠡᠷᠲᠡᠭᠡᠨ ᠵᠠᠰᠠᠬᠤ ᠤᠷᠤᠨ ᠤ ᠱᠠᠳᠣᠨ ᠤ ᠡᠬᠦᠳᠡᠨ ᠡᠮᠨᠡᠯᠭᠡ ᠶᠢᠨ ᠤᠨᠴᠠ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠳᠤ ᠤᠷᠤᠭᠤᠯᠬᠤ ᠪᠠᠷ ᠳᠣᠭᠳᠠᠵᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号