ᠲᠦᠴᠢᠤᠸᠠᠨ ᠵᠠᠰᠠᠭ ᠠᠯᠪᠠᠨ ᠲᠠᠷᠬᠠᠭᠠᠬᠰᠠᠨ ﹇2018﹈ 67 ᠳ᠋ᠤᠭᠠᠷ ᠲᠤᠭᠠᠳᠤ | | ᠦᠷᠭᠡᠨ ᠤᠯᠠᠨ ᠲᠠᠷᠢᠶᠠᠴᠢᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ | ᠰᠠᠶᠢᠵᠢᠷᠠᠭᠤᠯᠵᠦ ᠦᠵᠡᠰᠭᠦᠯᠡᠩᠳᠦ ᠬᠦᠳᠡᠭᠡ ᠲᠤᠰᠬᠤᠨ ᠢ ᠤᠯᠠᠮ ᠨᠢᠭᠡ ᠠᠯᠬᠤᠮ ᠪᠦᠳᠦᠭᠡᠨ ᠪᠠᠶᠢᠭᠤᠯᠬᠤ᠂ | ᠨᠤᠳᠤᠭ ᠤᠨ ᠰᠤᠷᠳᠠᠯ ᠤᠨ ᠪᠤᠯᠪᠠᠰᠤᠨ ᠢ ᠪᠤᠢ ᠪᠤᠯᠭᠠᠬᠤ ᠶᠢᠨ ᠲᠦᠯᠦᠭᠡ ᠰᠢᠶᠠᠨ ᠤ ᠵᠠᠰᠠᠭ ᠤᠨ ᠤᠷᠳᠤᠨ ᠤ | ᠰᠤᠳᠤᠯᠭᠠᠨ ᠢᠶᠠᠷ ᠲᠠᠮᠵᠢᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ | ᠲᠦᠪᠯᠡᠷᠡᠭᠦᠯᠦᠨ ᠵᠠᠰᠠᠬᠤ ᠬᠦᠳᠡᠯᠭᠡᠭᠡᠨ ᠢ ᠦᠷᠨᠢᠬᠦᠯᠬᠦ ᠪᠠᠷ ᠲᠤᠬᠳᠠᠭᠠᠪᠠ᠃ ᠡᠳᠦᠭᠡ ᠬᠠᠮᠢᠶ᠎ᠠ ᠪᠦᠬᠦᠢ ᠬᠦᠳᠡᠯᠭᠡᠭᠡᠨ ᠤ | ᠮᠡᠳᠡᠭᠳᠡᠯ ᠲᠤᠤᠷᠠᠬᠢ ᠮᠡᠳᠦ᠄ | ᠨᠢᠭᠡ᠄ ᠭᠦᠳᠡᠯᠭᠡᠭᠡᠨ ᠤ ᠴᠠᠭ | ᠤᠷᠢᠶᠠᠯᠠᠬᠤ ᠴᠠᠭ᠄ 2018 ᠤᠨ ᠤ 4 ᠰᠠᠷ᠎ᠠ ᠶᠢᠨ 15 ᠤ ᠡᠳᠦᠷ ᠠᠴᠠ | 2018 ᠤᠨ ᠤ 5 ᠰᠠᠷ᠎ᠠ ᠶᠢᠨ 15 ᠤ ᠡᠳᠦᠷ | ᠬᠦᠳᠡᠯᠭᠡᠭᠡᠨ ᠢ ᠵᠤᠬᠢᠶᠠᠨ ᠪᠠᠶᠢᠭᠤᠯᠬᠤ ᠴᠠᠭ᠄ | 2018 ᠤᠨ ᠤ 5 ᠰᠠᠷ᠎ᠠ ᠶᠢᠨ 16 ᠤ ᠡᠳᠦᠷ ᠠᠴᠠ | 2018 ᠤᠨ ᠤ 7 ᠰᠠᠷ᠎ᠠ ᠶᠢᠨ 15 ᠤ ᠡᠳᠦᠷ | ᠰᠢᠯᠭᠠᠨ ᠬᠤᠷᠢᠶᠠᠬᠤ ᠴᠠᠭ᠄ | 2018 ᠤᠨ ᠤ 7 ᠰᠠᠷ᠎ᠠ ᠶᠢᠨ 16 ᠤ ᠡᠳᠦᠷ ᠠᠴᠠ | 2018 ᠤᠨ ᠤ 8 ᠰᠠᠷ᠎ᠠ ᠶᠢᠨ 1 ᠤ ᠡᠳᠦᠷ | ᠬᠤᠶᠠᠷ᠄ ᠭᠤᠤᠯᠳᠠᠯᠭ᠎ᠠ ᠲᠠᠢ ᠡᠭᠦᠷᠭᠡ | ︵1︶ ᠵᠠᠮ ᠲᠠᠭᠠᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠃ ᠭᠤᠤᠯ ᠵᠠᠮ ᠤᠨ ᠬᠤᠶᠠᠷ ᠬᠠᠵᠠᠭᠤ ᠪᠠ | ᠰᠢᠶᠠᠩ ᠪᠠᠯᠭᠠᠰᠤ᠂ ᠲᠤᠰᠬᠤᠨ᠂ ᠠᠶᠢᠯ ᠤᠨ ᠤᠷᠤᠵᠦ ᠭᠠᠷᠬᠤ ᠡᠭᠦᠳᠡ ᠪᠠᠷ ᠭᠤᠤᠯ ᠪᠤᠯᠭᠠᠵᠦ᠂ ᠵᠠᠮ ᠤᠨ | ᠬᠠᠵᠠᠭᠤ ᠳᠠᠬᠢ ᠤᠪᠤᠭᠠᠯᠠᠵᠦ ᠪᠠᠶᠢᠭ᠎ᠠ ᠡᠯ᠎ᠡ ᠵᠦᠢᠯ ᠤᠨ ᠦᠢᠯᠡᠳᠪᠦᠷᠢᠯᠡᠯ ᠤᠨ ᠬᠤᠭ ᠨᠤᠪᠰᠢ᠂ ᠠᠮᠢᠳᠤᠷᠠᠯ ᠤᠨ | ᠬᠤᠭ ᠨᠤᠪᠰᠢ᠂ ᠪᠠᠷᠢᠯᠭ᠎ᠠ ᠶᠢᠨ ᠬᠤᠭ ᠨᠤᠪᠰᠢ ᠵᠢᠴᠢ ᠪᠤᠰᠤᠳ ᠲᠤᠷ᠎ᠠ ᠪᠠᠷ ᠤᠪᠤᠭᠠᠯᠠᠵᠦ ᠪᠠᠶᠢᠭ᠎ᠠ ᠡᠯᠳᠡᠪ ᠡᠳ᠋ ᠶᠢ | ᠲᠦᠪᠡᠯᠷᠡᠭᠦᠯᠦᠨ ᠠᠷᠢᠯᠭᠠᠵᠦ᠂ ᠲᠡᠭᠡᠭᠡᠪᠦᠷᠢᠯᠡᠬᠦ ᠠᠵᠢᠯ ᠢ ᠦᠷᠨᠢᠭᠦᠯᠦᠨ᠂ ᠡᠯ᠎ᠡ ᠵᠦᠢᠯ ᠤᠨ ᠲᠤᠷ᠎ᠠ ᠪᠠᠷ ᠨᠠᠭᠠᠵᠦ᠂ | ᠡᠷᠢᠶᠡᠴᠢᠵᠦ ᠪᠢᠴᠢᠭᠰᠡᠨ ᠪᠠᠶᠢᠳᠠᠯ ᠢ ᠲᠦᠢᠯᠪᠤᠷᠢᠳᠠᠢ ᠠᠷᠢᠯᠭᠠᠵᠦ᠂ ᠵᠠᠮ ᠤᠨ ᠨᠢᠭᠤᠷ ᠤᠨ ᠠᠷᠢᠭᠤᠨ ᠴᠡᠪᠡᠷ᠂ | ᠤᠪᠤᠭᠠᠯᠠᠬᠤ ᠪᠤᠳᠠᠰ ᠠᠯᠠᠭ᠂ ᠠᠰᠬᠠᠵᠦ ᠰᠠᠴᠢᠬᠰᠠᠨ ᠪᠤᠳᠠᠰ ᠦᠭᠡᠢ᠂ ᠤᠰᠤᠨ ᠤ ᠭᠠᠳᠠᠬᠰᠢᠯᠠᠭᠤᠯᠤᠯᠳᠠ ᠪᠠᠷ | ᠰᠠᠶᠢᠨ᠂ ᠵᠠᠮ ᠤᠨ ᠬᠤᠶᠠᠷ ᠬᠠᠵᠠᠭᠤ ᠵᠢᠴᠢ ᠭᠤᠤ ᠰᠤᠪᠠᠭ ᠲᠤᠳᠤᠷᠠᠬᠢ ᠬᠤᠭ ᠤᠷᠭᠤᠮᠠᠯ᠂ ᠬᠤᠭ ᠨᠤᠪᠰᠢ᠂ | ᠮᠤᠳᠤᠨ ᠲᠡᠭᠡᠷᠡᠬᠢ ᠨᠤᠪᠰᠢ ᠶᠢ ᠴᠠᠭ ᠲᠤᠬᠠᠢ ᠳᠤ ᠨᠢ ᠠᠷᠢᠯᠭᠠᠵᠦ᠂ ᠡᠩᠭᠡᠯ ᠲᠤᠩᠬᠤᠯ ᠵᠠᠮ ᠤᠨ ᠭᠠᠳᠠᠷᠭᠤ ᠶᠢ | ᠲᠡᠭᠰᠢᠯᠡᠵᠦ᠂ ᠵᠠᠮ ᠤᠨ ᠮᠦᠷ ᠢ ᠵᠠᠰᠠᠵᠦ ᠬᠠᠮᠠᠭᠠᠯᠠᠨ᠎ᠠ᠃ | ︵2︶ ᠤᠰᠤᠨ ᠵᠠᠮ ᠤᠨ ᠭᠤᠤ ᠵᠢᠯᠠᠭ᠎ᠠ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠃ ᠠᠭᠤᠯᠠᠨ | ᠦᠶᠡᠷ ᠤᠨ ᠭᠤᠤ᠂ ᠤᠰᠤᠨ ᠵᠠᠮ᠂ ᠭᠤᠤ ᠵᠢᠯᠠᠭ᠎ᠠ ᠵᠢᠴᠢ ᠠᠶᠢᠯ ᠲᠤᠰᠬᠤᠨ ᠤ ᠲᠦᠷᠢᠮ ᠤᠷᠴᠢᠮ ᠳᠠᠬᠢ ᠤᠳᠠᠭᠠᠨ | ᠵᠢᠯ ᠤᠨ ᠬᠤᠭ ᠨᠤᠪᠰᠢ ᠶᠢ ᠲᠦᠢᠯᠪᠤᠷᠢᠳᠠᠢ ᠠᠷᠢᠯᠭᠠᠵᠦ᠂ ᠲᠤᠰᠬᠤᠨ ᠤ ᠲᠤᠬᠳᠠᠭᠠᠯ ᠠᠷᠠᠳ ᠤᠨ ᠪᠤᠯᠵᠤᠭ᠎ᠠ ᠪᠠ | ᠬᠢᠨᠠᠯᠳᠠ ᠪᠠᠨ ᠴᠢᠩᠭᠠᠳᠬᠠᠬᠤ ᠵᠡᠷᠭᠡ ᠠᠷᠭ᠎ᠠ ᠪᠠᠷ ᠲᠠᠮᠵᠢᠨ ᠲᠤᠷ᠎ᠠ ᠪᠠᠷ ᠬᠠᠶᠠᠬᠤ ᠦᠵᠡᠭᠳᠡᠯ ᠢ ᠬᠤᠷᠢᠬᠯᠠᠵᠦ᠂ ᠪᠠᠯᠠᠢ | ᠤᠷᠤᠨ ᠪᠤᠯᠤᠩ ᠲᠤᠯᠬᠤᠢ ᠶᠢ ᠲᠦᠪᠯᠡᠷᠡᠭᠦᠯᠦᠨ᠂ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠲᠦᠪᠯᠡᠷᠡᠭᠦᠯᠦᠨ | ᠰᠢᠢᠳᠪᠦᠷᠢᠯᠡᠨ᠎ᠡ᠃ | ︵3︶ ᠭᠡᠷ ᠤᠨ ᠡᠮᠦᠨ᠎ᠡ ᠬᠤᠶᠢᠨᠠᠬᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠃ ᠬᠤᠪᠢ ᠭᠡᠷ ᠤᠨ ᠬᠦᠷᠢᠶ᠎ᠡ | ᠬᠠᠰᠢᠶ᠎ᠠ ᠵᠢᠴᠢ ᠭᠡᠷ ᠤᠨ ᠡᠮᠦᠨ᠎ᠡ ᠬᠤᠶᠢᠨᠠᠬᠢ ᠪᠠᠷ ᠭᠤᠤᠯ ᠪᠤᠯᠭᠠᠵᠦ᠂ ᠲᠤᠰᠬᠤᠨ ᠤ ᠠᠷᠠᠳ ᠢ ᠲᠠᠶᠢᠴᠢᠯᠠᠵᠦ ︽ | ᠭᠡᠷ ᠤᠨ ᠡᠮᠦᠨᠡᠬᠢ ᠲᠦᠷᠪᠡᠨ ᠵᠦᠢᠯ︾ ᠢ ᠲᠤᠤᠱᠯᠠᠭᠤᠯᠵᠦ᠂ ᠬᠦᠷᠢᠶ᠎ᠡ ᠬᠠᠰᠢᠶ᠎ᠠ ᠪᠠ ᠭᠡᠷ ᠤᠨ ᠡᠮᠦᠨ᠎ᠡ ᠬᠤᠶᠢᠨᠠᠬᠢ | ᠬᠤᠭ ᠡᠪᠡᠰᠦ᠂ ᠡᠯᠡᠰᠦᠨ ᠤᠪᠤᠭ᠎ᠠ᠂ ᠲᠤᠷ᠎ᠠ ᠪᠠᠷ ᠪᠤᠰᠬᠠᠬᠰᠠᠨ ᠵᠦᠢᠯ ᠢ ᠰᠠᠨᠠᠭᠠᠴᠢᠯᠠᠭ᠎ᠠ ᠠᠴᠠ ᠪᠠᠨ ᠠᠷᠢᠯᠭᠠᠨ | ᠴᠡᠪᠡᠷᠯᠡᠨ᠎ᠡ᠃ ᠲᠤᠰᠬᠤᠨ ᠤ ᠲᠦᠯᠡᠰᠢ ᠶᠢᠨ ᠤᠪᠤᠭ᠎ᠠ᠂ ᠡᠪᠡᠰᠦᠨ ᠤᠪᠤᠭ᠎ᠠ᠂ ᠪᠠᠭᠠᠰᠤᠨ ᠤᠪᠤᠭ᠎ᠠ᠂ ᠰᠢᠷᠤᠢ ᠶᠢᠨ | ᠤᠪᠤᠭ᠎ᠠ᠂ ᠬᠠᠶᠢᠷ ᠴᠢᠯᠠᠭᠤᠨ ᠤᠪᠤᠭ᠎ᠠ᠂ ᠡᠯᠳᠡᠪ ᠶᠠᠭᠤᠮ᠎ᠠ ᠶᠢᠨ ᠤᠪᠤᠬᠠ ᠵᠡᠷᠭᠡ ᠲᠤᠷ᠎ᠠ ᠪᠠᠷ ᠤᠪᠤᠭᠠᠯᠠᠵᠦ᠂ | ᠲᠤᠷ᠎ᠠ ᠪᠠᠷ ᠲᠠᠯᠪᠢᠵᠦ ᠪᠠᠶᠢᠭ᠎ᠠ ᠦᠵᠡᠭᠳᠡᠯ ᠢ ᠵᠤᠬᠢᠰᠳᠠᠢ ᠰᠢᠢᠳᠪᠦᠷᠢᠯᠡᠵᠦ᠂ ᠲᠤᠰᠬᠤᠨ ᠤ ᠲᠦᠷᠦ ᠳᠦᠷᠢ ᠶᠢᠨ | ᠠᠷᠢᠭᠤᠨ ᠴᠡᠪᠡᠷ ᠪᠠᠢᠬᠤ ᠶᠢ ᠪᠠᠳᠤᠯᠠᠨ᠎ᠠ᠃ | ︵4︶ ᠲᠠᠷᠢᠶᠠᠨ ᠤ ᠡᠰᠢ ᠰᠦᠷᠡᠯ ᠢ ᠠᠷᠢᠯᠭᠠᠨ ᠰᠢᠢᠳᠪᠦᠷᠢᠯᠡᠬᠦ᠃ ᠬᠠᠪᠤᠷ ᠤᠨ ᠬᠠᠭᠠᠯᠪᠤᠷᠢᠯᠠᠬᠤ | ᠦᠢᠯᠡᠳᠪᠦᠷᠢᠯᠡᠯ ᠡᠬᠢᠯᠡᠬᠦ ᠠᠴᠠ ᠡᠮᠦᠨ᠎ᠡ ᠨᠢᠴᠠᠯᠠᠬᠤ᠂ ᠤᠷᠪᠠᠭᠤᠯᠬᠤ᠂ ᠲᠠᠷᠤᠰᠢᠭᠤᠯᠬᠤ᠂ ᠲᠠᠷᠢᠶᠠᠨ ᠳᠤ ᠪᠤᠴᠠᠭᠠᠬᠤ | ᠵᠡᠷᠭᠡ ᠠᠷᠭ᠎ᠠ ᠪᠠᠷ ᠲᠠᠷᠢᠶᠠᠨ ᠦᠵᠦᠭᠦᠷ ᠳᠤ ᠤᠪᠤᠭᠠᠯᠠᠵᠦ ᠲᠠᠯᠪᠢᠬᠰᠠᠨ ᠡᠰᠢ ᠰᠦᠷᠡᠯ ᠢ ᠬᠤᠭᠤᠴᠠᠭ᠎ᠠ ᠲᠠᠢ ᠪᠠᠷ | ᠠᠷᠢᠯᠭᠠᠵᠦ᠂ ᠬᠠᠮᠤᠭ ᠶᠡᠭᠡ ᠭᠢᠵᠠᠭᠠᠷ ᠢᠶᠠᠷ ᠡᠷᠳᠡᠨᠢ ᠶᠢᠨ ᠰᠢᠰᠢ ᠶᠢᠨ ᠬᠤᠷᠤᠬᠠᠢ ᠵᠡᠷᠭᠡ ᠲᠠᠷᠢᠮᠠᠯ ᠤᠨ ᠵᠦᠢᠯ ᠤᠨ | ᠬᠤᠤᠷᠳᠤ ᠬᠤᠷᠤᠬᠠᠢ ᠶᠢᠨ ᠭᠠᠮᠰᠢᠬ ᠤᠨ ᠲᠠᠯᠳᠠ ᠭᠡᠮ ᠪᠤᠯᠤᠨ ᠡᠰᠢ ᠰᠦᠷᠡᠯ ᠢ ᠰᠢᠳᠠᠭᠠᠬᠤ ᠦᠵᠡᠭᠳᠡᠯ ᠢ ᠠᠷᠢᠯᠭᠠᠨ᠎ᠠ | ᠃ | ᠭᠤᠷᠪᠠ᠄ ᠠᠵᠢᠯ ᠤᠨ ᠱᠠᠭᠠᠷᠳᠠᠯᠭ᠎ᠠ | ︵1︶ ᠤᠳᠤᠷᠢᠳᠤᠯᠭ᠎ᠠ ᠵᠤᠬᠢᠶᠠᠨ ᠪᠠᠶᠢᠭᠤᠯᠤᠯᠳᠠ ᠪᠠᠨ ᠴᠢᠩᠭᠠᠳᠬᠠᠬᠤ᠃ ᠡᠯ᠎ᠡ ᠰᠢᠶᠠᠩ ᠪᠠᠯᠭᠠᠰᠤ ᠪᠠ | ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ | ᠲᠦᠪᠯᠡᠷᠡᠭᠦᠯᠦᠨ ᠴᠡᠭᠴᠡᠯᠡᠨ ᠵᠠᠰᠠᠬᠤ ᠬᠦᠳᠡᠯᠭᠡᠭᠡᠨ ᠪᠠ ᠪᠤᠯᠪᠠᠰᠤᠨ ᠨᠤᠳᠤᠭ ᠤᠨ ᠰᠤᠷᠳᠠᠯ ᠢ ᠪᠤᠢ ᠪᠤᠯᠭᠠᠬᠤ ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠠᠵᠢᠯ ᠢ ᠤᠶᠠᠯᠳᠤᠭᠤᠯᠵᠦ ᠦᠨᠳᠦᠰᠦᠨ ᠱᠠᠳᠤᠨ ᠤ | ᠠᠵᠢᠯ ᠤᠨ ᠬᠦᠴᠦ ᠶᠢ ᠬᠦᠢᠴᠡᠳ ᠵᠤᠬᠢᠶᠠᠨ ᠪᠠᠶᠢᠭᠤᠯᠵᠦ᠂ ᠠᠶᠢᠯ ᠲᠤᠰᠬᠤᠨ ᠢᠶᠠᠷ ᠨᠢᠭᠡᠴᠢ ᠪᠤᠯᠭᠠᠵᠦ | ᠲᠠᠷᠢᠶᠠᠨ ᠳᠠᠬᠢ᠂ ᠲᠠᠷᠢᠶᠠᠨ ᠦᠵᠦᠭᠦᠷ ᠢ ᠬᠦᠨᠵᠡᠭᠡᠢ ᠠᠷᠢᠯᠭᠠᠵᠦ᠂ ᠠᠵᠢᠯ ᠬᠤᠪᠢᠶᠠᠬᠤ ᠬᠠᠷᠢᠭᠤᠴᠠᠯᠭ᠎ᠠ ᠶᠢ | ᠨᠠᠷᠢᠯᠢᠬᠵᠢᠭᠤᠯᠬᠤ᠂ ᠬᠠᠷᠢᠭᠤᠴᠠᠯᠭ᠎ᠠ ᠶᠢᠨ ᠤᠷᠤᠨ ᠢ ᠬᠤᠪᠢᠶᠠᠷᠢᠯᠠᠬᠤ ᠵᠡᠷᠭᠡ ᠠᠷᠭ᠎ᠠ ᠪᠠᠷ ᠬᠠᠷᠢᠭᠤᠴᠠᠯᠭ᠎ᠠ ᠶᠢ ᠪᠠᠳᠤ | ᠴᠢᠩᠭ᠎ᠠ ᠨᠡᠶᠢᠳᠡᠪᠦᠷᠢᠵᠢᠭᠤᠯᠵᠦ᠂ ᠠᠵᠢᠯ ᠤᠨ ᠦᠷ᠎ᠡ ᠪᠦᠳᠦᠮᠵᠢ ᠶᠢ ᠪᠠᠳᠤᠯᠠᠨ᠎ᠠ᠃ | ︵2︶ ᠤᠬᠠᠭᠤᠯᠭ᠎ᠠ ᠲᠠᠶᠢᠴᠢᠯᠠᠯᠳᠠ ᠪᠠᠨ ᠴᠢᠩᠭᠠᠳᠬᠠᠬᠤ᠃ ᠵᠠᠭᠤᠴᠢ᠂ ᠲᠤᠤᠷ ᠰᠦᠯᠵᠢᠶ᠎ᠠ ᠵᠡᠷᠭᠡ | ᠤᠷᠢᠶᠠᠯᠠᠬᠤ ᠠᠷᠭ᠎ᠠ ᠵᠠᠮ ᠶᠢ ᠭᠦᠢᠴᠡᠳ ᠠᠰᠢᠬᠯᠠᠨ᠂ ᠡᠷᠦᠭᠡ ᠳᠤ ᠤᠷᠤᠵᠦ ᠨᠡᠪᠳᠡᠷᠡᠭᠦᠯᠬᠦ ᠵᠡᠷᠭᠡ ᠠᠷᠭ᠎ᠠ ᠠᠪᠴᠢᠯ ᠢ | ᠤᠶᠠᠯᠳᠤᠭᠤᠯᠵᠦ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠦᠨ ᠵᠠᠰᠠᠬᠤ | ᠬᠦᠳᠡᠯᠭᠡᠭᠡᠨ ᠤ ᠤᠬᠠᠭᠤᠯᠭ᠎ᠠ ᠶᠢᠨ ᠬᠦᠴᠦᠨ ᠢᠶᠠᠨ ᠴᠢᠩᠭᠠᠳᠬᠠᠵᠦ᠂ ᠬᠦᠮᠦᠨ ᠪᠤᠯᠭᠠᠨ ᠮᠡᠳᠡᠬᠦ ᠶᠢ ᠪᠠᠳᠤᠯᠠᠬᠤ ᠶᠢᠨ | ᠬᠠᠮᠳᠤ ᠲᠠᠶᠢᠴᠢᠯᠠᠯᠳᠠ ᠪᠠᠨ ᠴᠢᠩᠭᠠᠳᠬᠠᠵᠦ ︽ᠭᠡᠷ ᠤᠨ ᠡᠮᠦᠨᠡᠬᠢ ᠲᠦᠷᠪᠡᠨ ᠵᠦᠢᠯ︾ ᠶᠢ ᠪᠦᠬᠦ ᠲᠠᠯ᠎ᠠ ᠪᠠᠷ | ᠲᠤᠤᠱᠯᠠᠭᠤᠯᠵᠦ᠂ ᠤᠯᠠᠨ ᠨᠡᠶᠢᠳᠡ ᠶᠢᠨ ᠬᠦᠴᠦ ᠶᠢ ᠬᠦᠢᠴᠡᠳ ᠪᠠᠳᠠᠷᠠᠭᠤᠯᠤᠨ᠎ᠠ᠃ | ︵3︶ ᠬᠢᠨᠠᠨ ᠪᠠᠶᠢᠴᠠᠭᠠᠯᠳᠠ ᠪᠠᠨ ᠴᠢᠩᠭᠠᠳᠬᠠᠬᠤ᠃ ᠰᠢᠶᠠᠨ ᠤ ᠨᠠᠮ ᠤᠨ ᠬᠤᠷᠢᠶᠠᠨ ᠤ ᠮᠠᠯᠵᠢᠬᠤ | ᠲᠠᠷᠢᠶᠠᠯᠠᠩ ᠤᠨ ᠤᠷᠤᠨ ᠤ ᠠᠵᠢᠯ ᠤᠨ ᠭᠡᠯᠳᠡᠰ ᠠᠴᠠ ᠲᠦᠷᠦᠭᠦᠯᠡᠵᠦ᠂ ᠰᠢᠶᠠᠨ ᠤ ᠨᠠᠮ ᠤᠨ ᠬᠤᠷᠢᠶᠠᠨ ᠤ ᠠᠯᠪᠠᠨ | ᠭᠡᠷ ᠪᠠ ᠵᠠᠰᠠᠭ ᠤᠨ ᠤᠷᠳᠤᠨ ᠤ ᠠᠯᠪᠠᠨ ᠭᠡᠷ ᠤᠨ ᠱᠠᠭᠠᠷᠳᠠᠨ ᠪᠠᠢᠴᠠᠭᠠᠬᠤ ᠲᠠᠰᠤᠭ ᠪᠠ ᠬᠠᠮᠢᠶ᠎ᠠ ᠪᠦᠬᠦᠢ ᠰᠠᠯᠠᠭ᠎ᠠ | ᠮᠦᠴᠢᠷ ᠢᠶᠠᠷ ᠪᠦᠷᠢᠯᠳᠦᠭᠰᠡᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ | ᠲᠦᠪᠯᠡᠷᠡᠭᠦᠯᠦᠨ ᠵᠠᠰᠠᠬᠤ ᠠᠵᠢᠯ ᠤᠨ ᠪᠠᠶᠢᠴᠠᠭᠠᠬᠤ ᠪᠠᠭ᠎ᠠ ᠲᠤᠭᠤᠶᠢᠯᠠᠩ᠂ ᠰᠠᠷ᠎ᠠ ᠶᠢᠨ ᠮᠡᠳᠡᠭᠦᠯᠦᠯᠳᠡ ᠶᠢᠨ | ᠭᠡᠯᠪᠡᠷᠢ ᠶᠢ ᠠᠰᠢᠬᠯᠠᠵᠦ ᠡᠯ᠎ᠡ ᠰᠢᠶᠠᠩ ᠪᠠᠯᠭᠠᠰᠤ᠂ ᠠᠶᠢᠯ ᠲᠤᠰᠬᠤᠨ ᠤ ᠡᠷᠡᠭᠦᠯ ᠬᠠᠮᠠᠭᠠᠯᠠᠯ ᠳᠤ ᠪᠠᠶᠢᠴᠠᠭᠠᠯᠳᠠ | ᠬᠢᠵᠦ᠂ ᠨᠠᠶᠢᠳᠠᠪᠤᠷᠢᠵᠢᠭᠤᠯᠬᠤ ᠨᠢ ᠬᠦᠢᠴᠡᠳ ᠦᠭᠡᠢ᠂ ᠡᠰᠡ ᠦᠢᠯᠡᠳᠦᠭᠰᠡᠨ ᠰᠢᠶᠠᠩ ᠪᠠᠯᠭᠠᠰᠤ ᠵᠢᠴᠢ ᠭᠡᠰᠡᠭ ᠢᠶᠠᠷ | ᠲᠠᠭᠠᠭᠠᠴᠢᠯᠠᠬᠰᠠᠨ ᠺᠠᠳ᠋ᠷ ᠢ ᠵᠠᠷᠯᠠᠬᠤ ᠭᠡᠷᠡᠭᠳᠡᠢ᠃ | | | | |