ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠠᠬᠠᠢ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-08-16
         ᠲᠦᠴᠢᠤᠸᠠᠨ ᠵᠠᠰᠠᠭ ᠠᠯᠪᠠᠨ ᠲᠠᠷᠬᠠᠭᠠᠭᠰᠠᠨ〔2018〕147 ᠳ᠋ᠤᠭᠠᠷ ᠲᠤᠭᠠᠲᠦᠡᠯ᠎ᠡ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠰᠢᠶᠠᠨ ᠤ ᠰᠢᠭᠤᠳ ᠬᠠᠷᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠵᠤ ᠠᠬᠤᠶᠢᠯᠡᠯ ᠠᠵᠢᠯ ᠦᠢᠯᠡᠰ ᠤᠨ ᠨᠢᠭᠡᠴᠢ᠂ ᠡᠯ᠎ᠡ ᠰᠢᠰᠲ᠋ᠧᠮ ᠤᠨ ᠬᠠᠮᠢᠶᠠᠷᠤᠯᠲᠠ ᠶᠢᠨ ᠨᠢᠭᠡᠴᠢ᠄     ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠦᠯᠦᠭᠡ᠂ 《 ᠲᠦᠷᠦ ᠶᠢᠨ ᠶᠠᠪᠤᠳᠠᠯ ᠤᠨ ᠬᠤᠷᠢᠶᠠᠨ ᠤ  ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠭᠳᠡᠯ 》 ︵ᠤᠯᠤᠰ ᠤᠨ ᠲᠠᠷᠬᠠᠭᠠᠭᠰᠠᠨ 〔2017〕53 ᠳ᠋ᠤᠭᠠᠷ ᠲᠤᠭᠠᠲᠦ︶᠂ 《 ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠤᠯᠠᠮᠵᠢᠯᠡᠨ ᠶᠠᠪᠤᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠮᠡᠳᠡᠭᠳᠡᠯ 》 ︵ᠤᠯᠤᠰ ᠤᠨ ᠲᠠᠷᠬᠠᠭᠠᠭᠰᠠᠨ 〔2018〕8 ᠳ᠋ᠤᠭᠠᠷ ᠲᠤᠭᠠᠲᠦ︶ ᠬᠢᠭᠡᠳ 《 ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠠᠯᠪᠠᠨ ᠭᠡᠷ ᠤᠨ  ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠲᠤᠠᠬᠠᠢ ᠮᠡᠳᠡᠭᠳᠡᠯ 》 ︵ᠬᠢᠩᠭᠠᠨ ᠵᠠᠬᠢᠷᠭ᠎ᠠ ᠠᠯᠪᠠᠨ ᠴᠠᠬᠢᠯᠭᠠᠨ 〔2018〕19 ᠳ᠋ᠤᠭᠠᠷ ᠲᠤᠭᠠᠲᠦ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠤᠯᠪᠤᠭᠳᠡᠯ ᠵᠦᠢᠯ ᠢ ᠳᠣᠣᠷᠠᠬᠢ ᠮᠡᠲᠦ ᠮᠡᠳᠡᠭᠳᠡᠪᠡ᠄     ᠨᠢᠭᠡ᠂ ᠤᠯᠤᠰ ᠲᠦᠷᠦ ᠶᠢᠨ ᠲᠠᠨᠢᠯᠲᠠ ᠪᠠᠨ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ᠂ ᠡᠭᠦᠷᠭᠡ ᠲᠤᠰᠢᠶᠠᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ     ᠳᠦᠷᠪᠡᠳᠦᠭᠡᠷ ᠣᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠨᠢᠭᠡ ᠤᠳᠠᠭᠠᠨ ᠤ ᠬᠥᠨᠳᠦ ᠴᠢᠬᠤᠯᠠ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠮᠠᠨ ᠤ ᠰᠢᠶᠠᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠯᠠᠭᠤᠯᠤᠯᠲᠠ ᠪᠣᠯᠤᠨ ᠦᠷ᠎ᠡ ᠠᠰᠢᠭ ᠤᠨ ᠪᠠᠶᠢᠳᠠᠯ ᠢ ᠪᠦᠷᠢᠨ ᠣᠶᠢᠯᠠᠭᠠᠬᠤ᠂ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠬᠤᠷᠸ᠎ᠠ ᠲᠣᠬᠢᠷᠠᠭᠤᠯᠭ᠎ᠠ ᠶᠢᠨ ᠲᠦᠷᠦ ᠶᠢᠨ ᠪᠣᠳᠤᠯᠭ᠎ᠠ ᠶᠢ ᠰᠢᠯᠢᠳᠡᠭᠵᠢᠭᠦᠯᠬᠦ ᠳᠤ ᠮᠠᠰᠢ ᠴᠢᠬᠤᠯᠠ ᠠᠴᠢ ᠬᠤᠯᠪᠤᠭᠳᠠᠯ ᠲᠠᠢ᠃ ᠡᠯ᠎ᠡ ᠰᠢᠶᠠᠩ ᠪᠠᠯᠭᠠᠰᠦ᠂ ᠡᠯ᠎ᠡ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠬᠥᠨᠳᠦ ᠴᠢᠬᠤᠯᠠ ᠬᠡᠷᠡᠭ ᠵᠥᠪᠯᠡᠬᠦ ᠬᠦᠲᠦᠯᠪᠦᠷᠢ ᠳᠤ ᠣᠷᠤᠭᠤᠯᠤᠨ᠂ ᠨᠠᠷᠢᠨ ᠬᠢᠨᠠᠮᠠᠭᠠᠢ ᠠᠵᠢᠯ ᠤᠨ ᠲᠦᠯᠦᠪᠯᠡᠭᠡ ᠲᠣᠭᠲᠠᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠣᠳᠤᠯᠤᠨ ᠶᠠᠷᠢᠯᠴᠠᠨ ᠲᠤᠰ ᠠᠵᠢᠯ ᠢ ᠲᠦᠯᠬᠢᠨ ᠠᠬᠢᠭᠤᠯᠵᠤ᠂ ᠠᠰᠢᠭᠲᠠᠢ ᠠᠷᠭ᠎ᠠ ᠠᠪᠴᠢᠯ ᠢ ᠬᠡᠷᠡᠭᠯᠡᠨ᠂ ᠡᠯ᠎ᠡ ᠲᠦᠷᠦᠯ ᠤᠨ ᠪᠠᠶᠢᠴᠠᠭᠠᠯᠲᠠ ᠶᠢᠨ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠴᠢᠨᠠᠷ ᠲᠠᠢ ᠪᠡᠶᠡᠯᠡᠭᠦᠯᠬᠦ ᠬᠡᠷᠡᠭᠲᠡᠢ᠃     ᠬᠤᠶᠠᠷ᠂ ᠠᠵᠢᠯ ᠤᠨ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠮᠵᠢᠯᠴᠠᠬᠤ ᠬᠦᠴᠦᠨ ᠢ ᠪᠦᠷᠢᠯᠳᠦᠭᠦᠯᠬᠦ ᠬᠡᠷᠡᠭᠲᠡᠢ     ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨᠬᠦ ᠴᠢᠩᠭᠠᠳᠬᠠᠬᠤ ᠶᠢᠨ ᠲᠦᠯᠦᠭᠡ᠂ ᠪᠦᠬᠦ ᠬᠤᠰᠢᠭᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠦᠴᠢᠤᠸᠠᠨ ᠰᠢᠶᠠᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠲᠦᠯᠲᠡᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠲᠦᠴᠢᠤᠸᠠᠨ ᠰᠢᠶᠠᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ‍ᠤᠨ‌ᠤᠳᠤᠷᠢᠳᠬᠤ ᠳᠤᠭᠤᠶᠢᠯᠠᠩ ᠤᠨ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠢ ᠰᠢᠶᠠᠨ ᠤ ᠲᠤᠭ᠎ᠠ ᠪᠦᠷᠢᠳᠭᠡᠯ ᠤᠨ ᠲᠣᠪᠴᠢᠶᠠᠨ ᠳᠤ ᠪᠠᠶᠢᠭᠤᠯᠵᠤ᠂ ᠪᠦᠬᠦ ᠰᠢᠶᠠᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠳᠣᠲᠤᠮ ᠤᠨ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠭᠡᠰᠢᠭᠦᠨ ᠪᠠᠶᠢᠭᠤᠯᠤᠯᠭ᠎ᠠ ᠠᠴᠠ ᠲᠤᠰ ᠲᠤᠰ ᠤᠨ ᠲᠤᠰᠢᠶᠠᠯ ᠢᠶᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ᠂ ᠪᠠᠯᠭᠠᠰᠤ᠂ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠵᠥᠪᠯᠡᠯ 8 ᠰᠠᠷ᠎ᠠ ᠶᠢᠨ 20 ᠤ ᠡᠳᠦᠷ ᠠᠴᠠ ᠡᠮᠦᠨ᠎ᠡ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠠᠵᠢᠯ ᠢ ᠪᠡᠶᠡᠯᠡᠭᠦᠯᠦᠨ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠭᠡᠰᠢᠭᠦᠨ ᠤ ᠨᠡᠷᠡᠰ᠂ ᠡᠭᠦᠷᠭᠡ ᠬᠠᠷᠢᠭᠤᠴᠠᠯᠭ᠎ᠠ᠂ ᠬᠠᠷᠢᠯᠴᠠᠬᠤ ᠠᠷᠭ᠎ᠠ ᠵᠡᠷᠭᠡ ᠶᠢ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠲᠦᠴᠢᠤᠸᠠᠨ ᠰᠢᠶᠠᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ᠬᠠᠷᠢᠯᠴᠠᠬᠤ ᠬᠦᠮᠦᠨ᠄ ᠵᠠᠩ ᠯᠢ ᠯᠢ᠂ ᠬᠠᠷᠢᠯᠴᠠᠬᠤ ᠤᠲᠠᠰᠤ᠄ 517800᠂ ᠰᠢᠤᠳᠠᠨ ᠬᠠᠶᠢᠷᠴᠠᠭ᠄ tqjj@163.com     ᠭᠤᠷᠪᠠ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ     ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠶᠢᠳᠡᠮ ᠪᠠᠶᠢᠴᠠᠭᠠᠯᠲᠠ ᠶᠢᠨ ᠲᠦᠰᠦᠯ ᠶᠣᠰᠤᠭᠠᠷ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠪᠠᠶᠢᠭᠤᠯᠤᠯᠭ᠎ᠠ ᠶᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠠᠳᠬᠤᠨ᠂ ᠨᠡᠶᠢᠳᠡᠮ ᠪᠠᠶᠢᠴᠠᠭᠠᠯᠲᠠ ᠶᠢᠨ ᠵᠢᠯᠤᠭᠤᠳᠤᠭᠴᠢ ᠪᠠ ᠨᠡᠶᠢᠳᠡᠮ ᠪᠠᠶᠢᠴᠠᠭᠠᠭᠴᠢ ᠶᠢ ᠰᠤᠩᠭᠤᠬᠤ᠂ ᠪᠣᠯᠪᠠᠰᠤᠷᠠᠯ ᠬᠦᠷᠲᠡᠭᠡᠬᠦ ᠪᠠ ᠬᠦᠰᠦᠨᠦᠭᠲᠦ ᠲᠠᠭᠯᠠᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠰᠢᠯᠭᠠᠬᠤ᠂ ᠺᠣᠮᠫᠢᠦ᠋ᠲ᠋ᠧᠷ ᠲᠤ ᠣᠷᠤᠭᠤᠯᠬᠤ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ ᠵᠢᠴᠢ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ ᠨᠡᠭᠡᠬᠡᠨ ᠠᠰᠢᠭᠯᠠᠯᠲᠠ ᠵᠡᠷᠭᠡ ᠭᠤᠭᠴᠤᠭᠠᠨ ᠤ ᠠᠵᠢᠯ ᠢ ᠥᠨᠳᠦᠷ ᠴᠢᠨᠠᠷ ᠴᠢᠨᠰᠠᠭ᠎ᠠ ᠲᠠᠢ ᠪᠡᠶᠡᠯᠡᠭᠦᠯᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢᠨ ᠡᠵᠡᠮᠰᠢᠯ ᠤᠨ ᠠᠷᠭ᠎ᠠ ᠶᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠡᠯ᠎ᠡ ᠱᠠᠲᠤᠨ ᠳᠤ ᠪᠦᠬᠦ ᠲᠠᠯ᠎ᠠ ᠶᠢᠨ ᠴᠢᠨᠠᠷ ᠴᠢᠨᠰᠠᠭ᠎ᠠ ᠶᠢᠨ ᠬᠠᠮᠢᠶᠠᠷᠤᠯᠲᠠ ᠬᠡᠷᠡᠭᠵᠢᠭᠦᠯᠦᠨ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠦᠨᠡᠨ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃     ᠲᠠᠪᠤ᠂ ᠬᠠᠤᠯᠢ ᠪᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠲᠡᠭᠦᠰ ᠠᠮᠵᠢᠯᠲᠠ ᠣᠯᠬᠤ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ     ᠡᠯ᠎ᠡ  ᠰᠢᠶᠠᠩ ᠪᠠᠯᠭᠠᠰᠦ᠂ ᠡᠯ᠎ᠡ ᠰᠠᠯᠠᠭ᠎ᠠ ᠮᠦᠴᠢᠷ ᠠᠴᠠ《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠠᠷᠭ᠎ᠠ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠠᠷᠭ᠎ᠠ ᠶᠢ ᠬᠡᠷᠡᠭᠵᠢᠭᠦᠯᠬᠦ ᠳᠦᠷᠢᠮ 》ᠪᠠ 《 ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ 》 ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠦᠨᠳᠦᠰᠦᠯᠡᠨ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭ ᠢ ᠴᠠᠭ ᠲᠤᠬᠠᠢ ᠳᠤᠨᠢ᠂ ᠦᠨᠡᠨ ᠪᠣᠳᠠᠲᠠᠢ ᠪᠠᠷ ᠲᠠᠭᠯᠠᠬᠤ ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠦᠮᠦᠨ ᠬᠠᠭᠤᠷᠮᠠᠭ ᠮᠡᠳᠡᠭᠦᠯᠦᠨ᠂ ᠮᠡᠳᠡᠭᠦᠯᠬᠦ ᠦᠭᠡᠢ ᠨᠢᠭᠤᠵᠤ᠂ ᠮᠡᠳᠡᠭᠦᠯᠬᠦ ᠶᠢ ᠲᠡᠪᠴᠢᠨ᠂ ᠣᠷᠤᠢ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠨᠮᠠᠭ ᠵᠤᠬᠢᠶᠠᠨ᠂ ᠥᠭᠡᠷᠡᠲᠦᠭᠦᠯᠦᠨ ᠬᠤᠪᠢᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠨ ᠠᠴᠠ ᠨᠡᠶᠢᠳᠡᠮ ᠪᠠᠶᠢᠴᠠᠭᠠᠯᠲᠠ ᠶᠢᠨ ᠳᠤᠮᠳᠠ ᠮᠡᠳᠡᠭᠰᠡᠨ ᠤᠯᠤᠰ ᠤᠨ ᠨᠢᠭᠤᠴᠠ ᠪᠣᠯᠤᠨ ᠨᠡᠶᠢᠳᠡᠮ ᠪᠠᠶᠢᠴᠠᠭᠠᠬᠤ ᠡᠲᠡᠭᠡᠳ ᠤᠨ ᠬᠤᠳᠠᠯᠳᠤᠭᠠᠨ ᠤ ᠨᠢᠭᠤᠴᠠ ᠳᠤ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠰᠠᠬᠢᠯᠭ᠎ᠠ ᠪᠠᠲᠤ ᠶᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠣᠰᠤᠭᠠᠷ ᠲᠥᠪ ᠴᠢᠩᠭ᠎ᠠ ᠰᠢᠢᠳᠪᠦᠷᠢᠯᠡᠨ ᠂ ᠨᠡᠶᠢᠳᠡᠮ ᠪᠠᠶᠢᠴᠠᠭᠠᠬᠤ ᠠᠵᠢᠯ ᠤᠨ ᠳᠤᠮᠳᠠᠬᠢ ᠵᠣᠷᠢᠭᠤᠳᠠ ᠶᠢᠨ ᠬᠠᠷᠰᠢᠯᠠᠯ ᠡᠭᠦᠰᠬᠦ ᠶᠢ ᠡᠷᠡᠰ ᠲᠡᠪᠴᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号