2019 ᠣᠨ ᠬᠠᠪᠤᠷ ᠤᠯᠠᠷᠢᠯ ᠤᠨ ᠬᠡᠭᠡᠷ᠎ᠡ ᠭᠠᠳᠠᠨ᠎ᠠ ᠬᠤᠯᠤᠭᠠᠨ᠎ᠠ ᠤᠰᠠᠳᠬᠠᠬᠤ ᠠᠵᠢᠯ ᠢ ᠳᠠᠷᠤᠮᠠᠯᠯᠠᠨ ᠲᠠᠷᠬᠠᠭᠠᠬᠤ ᠲᠤᠬᠠᠶ ᠲᠦᠴᠢᠦᠸᠠᠨ ᠰᠢᠶᠠᠨ ᠤ ᠠᠷᠠᠳ ᠤᠨ ᠵᠠᠰᠠᠭ ᠣᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ
ᠨᠡᠶᠢᠲᠡᠯᠡᠭᠰᠡᠨ ᠴᠠᠭ᠄
2019-12-11
        ᠲᠦᠴᠢᠦᠸᠠᠨ ᠵᠠᠰᠠᠭ ᠠᠯᠪᠠᠨ ᠲᠠᠷᠬᠠᠭᠠᠭᠰᠠᠨ ﹇2019﹈ 47 ᠳ᠋ᠤᠭᠠᠷ ᠲᠣᠭᠠᠲᠤ      ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠣᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ︽ᠲᠦᠴᠢᠦᠸᠠᠨ ᠰᠢᠶᠠᠨ ᠤ 2019 ᠣᠨ ᠬᠠᠪᠤᠷ ᠤᠯᠠᠷᠢᠯ ᠤᠨ ᠬᠡᠭᠡᠷ᠎ᠡ ᠭᠠᠳᠠᠭ᠎ᠠ ᠬᠤᠯᠤᠭᠠᠨ᠎ᠠ ᠤᠰᠠᠳᠬᠠᠬᠤ ᠠᠵᠢᠯ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃      ᠬᠤᠯᠤᠭᠠᠨ᠎ᠠ ᠶᠢᠨ ᠬᠢᠵᠢᠭ ᠪᠣᠯ ᠮᠠᠨ ᠤ ᠤᠯᠤᠰ ᠠᠴᠠ ᠭᠤᠤᠯᠳᠠᠯᠭ᠎ᠠ ᠲᠠᠢ ᠰᠡᠷᠭᠡᠶᠢᠯᠡᠨ ᠬᠢᠵᠠᠭᠠᠷᠯᠠᠬᠤ ᠲᠦᠷᠭᠡᠨ ᠴᠢᠨᠠᠷᠲᠠᠶ ᠬᠦᠨᠳᠦ ᠶᠡᠭᠡ ᠬᠠᠯᠳᠠᠪᠤᠷᠢᠲᠤ ᠡᠪᠡᠳᠴᠢᠨ ᠮᠥᠨ᠂ ᠲᠡᠷᠡ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠰᠦᠷᠳᠡᠭᠦᠯᠵᠦ ᠪᠠᠶᠢᠨ᠎ᠠ᠃ ᠬᠠᠪᠤᠷ ᠤᠯᠠᠷᠢᠯ ᠪᠣᠯ ᠬᠤᠯᠤᠭᠠᠨ᠎ᠠ ᠬᠢᠵᠢᠭ ᠠᠷᠪᠢᠨ ᠭᠠᠷᠳᠠᠭ ᠤᠯᠠᠷᠢᠯ ᠪᠣᠯᠤᠨ᠎ᠠ᠂ ᠬᠠᠪᠤᠷ ᠤᠯᠠᠷᠢᠯ ᠤᠨ ᠬᠡᠭᠡᠷ᠎ᠡ ᠭᠠᠳᠠᠨ᠎ᠠ ᠬᠤᠯᠤᠭᠠᠨ᠎ᠠ ᠤᠰᠠᠳᠬᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠡᠭᠡᠷ᠎ᠡ ᠭᠠᠳᠠᠨ᠎ᠠ ᠬᠤᠯᠤᠭᠠᠨ᠎ᠠ ᠲᠠᠷᠢᠬᠤ ᠨᠢᠭᠲᠠᠴᠠ ᠶᠢ ᠪᠠᠭᠤᠷᠠᠭᠤᠯᠤᠨ᠂ ᠬᠤᠯᠤᠭᠠᠨ᠎ᠠ ᠬᠠᠯᠳᠠᠪᠤᠷᠢᠯᠠᠬᠤ ᠡᠪᠡᠳᠴᠢᠨ ᠡᠮᠭᠡᠭ ᠢ ᠪᠦᠲᠦᠮᠵᠢᠲᠡᠶ ᠬᠢᠵᠠᠭᠠᠷᠯᠠᠵᠤ᠂ ᠬᠡᠪ ᠤᠨ ᠦᠶᠯᠡᠳᠪᠦᠷᠢᠯᠡᠯ᠂ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    《 ᠵᠠᠰᠠᠭ ᠣᠨ ᠣᠷᠳᠣᠨ ᠤᠳᠤᠷᠢᠳᠴᠤ᠂ ᠰᠠᠯᠠᠭ᠎ᠠ ᠮᠥᠴᠢᠷ ᠬᠠᠮᠵᠢᠯᠴᠠᠨ᠂ ᠬᠡᠰᠡᠭ ᠬᠤᠪᠢᠶᠠᠨ ᠬᠠᠷᠢᠭᠤᠴᠠᠬᠤ 》 ᠶᠢ ᠬᠠᠷᠢᠯᠴᠠᠨ ᠤᠶᠠᠯᠳᠤᠭᠤᠯᠤᠭᠰᠠᠨ ᠬᠤᠯᠤᠭᠠᠨ᠎ᠠ ᠤᠰᠠᠳᠬᠠᠬᠤ ᠵᠠᠷᠴᠢᠮ ᠢ ᠪᠠᠷᠢᠮᠲᠠᠯᠠᠨ᠂ 《 ᠨᠢᠭᠡᠳᠦᠯᠲᠡᠶ ᠴᠠᠭ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠠᠷᠭ᠎ᠠ᠂ ᠨᠢᠭᠡᠳᠦᠯᠲᠡᠶ ᠰᠢᠯᠭᠠᠨ ᠠᠪᠬᠤ 》 ᠠᠵᠢᠯᠯᠠᠬᠤ ᠠᠷᠭ᠎ᠠ ᠶᠢ ᠪᠠᠷᠢᠮᠲᠠᠯᠠᠵᠤ᠂ ᠬᠡᠭᠡᠷ᠎ᠡ ᠭᠠᠳᠠᠨ᠎ᠠ ᠬᠤᠯᠤᠭᠠᠨ᠎ᠠ ᠤᠰᠠᠳᠬᠠᠬᠤ ᠪᠠᠷ ᠭᠤᠤᠯ ᠪᠣᠯᠭᠠᠨ᠂ ᠬᠢᠵᠢᠭ  ᠤᠨ ᠪᠠᠶᠢᠳᠠᠯ ᠢ ᠬᠢᠨᠠᠨ ᠬᠡᠮᠵᠢᠬᠦ ᠪᠠᠷ ᠭᠤᠤᠯᠳᠠᠯᠭ᠎ᠠ ᠪᠣᠯᠭᠠᠵᠤ᠂ ᠬᠤᠯᠤᠭᠠᠨ᠎ᠠ ᠶᠢᠨ ᠬᠤᠭᠤᠷᠣᠨᠳᠣᠬᠢ ᠬᠢᠨᠠᠨ ᠬᠡᠮᠵᠢᠬᠦ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠨ᠂ ᠬᠠᠪᠤᠷ ᠤᠯᠠᠷᠢᠯ ᠳᠤ ᠬᠤᠯᠤᠭᠠᠨ᠎ᠠ ᠤᠰᠠᠳᠬᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠰᠠᠶᠢᠨ ᠰᠠᠶᠢᠬᠠᠨ ᠠᠵᠢᠯ ᠪᠠ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃    ᠬᠤᠶᠠᠷ᠂ ᠠᠵᠢᠯ ᠤᠨ ᠬᠠᠷᠠᠯᠲᠠ    ᠬᠠᠪᠤᠷ ᠤᠯᠠᠷᠢᠯ ᠳᠤ ᠬᠡᠭᠡᠷ᠎ᠡ ᠭᠠᠳᠠᠭ᠎ᠠ ᠬᠤᠯᠤᠭᠠᠨ᠎ᠠ ᠤᠰᠠᠳᠬᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠬᠡᠭᠡᠷ᠎ᠡ ᠭᠠᠳᠠᠭ᠎ᠠ ᠬᠤᠯᠤᠭᠠᠨ᠎ᠠ ᠶᠢᠨ ᠨᠢᠭᠲᠠᠴᠠ ᠶᠢ ᠲᠣᠭᠲᠠᠭᠤᠨ ᠢᠶᠠᠷ ᠡᠵᠡᠮᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃    1 / 10 ᠾᠧᠺᠲ᠋ᠠᠷ ᠠᠴᠠ ᠳᠣᠷᠣᠭᠰᠢ ᠪᠣᠯ ᠬᠤᠯᠤᠭᠠᠨ᠎ᠠ ᠬᠢᠵᠢᠭ ᠡᠭᠦᠰᠬᠦ ᠶᠢ ᠰᠡᠷᠭᠡᠶᠢᠯᠡᠨ᠎ᠡ᠃    ᠭᠤᠷᠪᠠ᠂ ᠬᠤᠯᠤᠭᠠᠨ᠎ᠠ ᠤᠰᠠᠳᠬᠠᠬᠤ ᠠᠷᠭ᠎ᠠ    ᠰᠢᠶᠠᠩ ᠪᠠᠯᠭᠠᠰᠤ ᠪᠠᠷ ᠨᠢᠭᠡᠴᠡ ᠪᠣᠯᠭᠠᠨ᠂ ᠵᠠᠰᠠᠮᠠᠯ ᠵᠠᠮ ᠳᠠᠭᠠᠤ᠂ ᠬᠠᠳᠤᠯᠠᠩ ᠪᠡᠯᠴᠢᠭᠡᠷ᠂ ᠲᠠᠷᠢᠶᠠᠨ ᠭᠠᠵᠠᠷ  ᠤᠨ ᠲᠦᠷᠦᠭᠦᠦ ᠵᠡᠷᠭᠡ ᠭᠤᠤᠯᠳᠠᠯᠭ᠎ᠠ ᠲᠠᠢ ᠭᠠᠵᠠᠷ ᠢᠶᠠᠷ ᠭᠤᠤᠯ ᠪᠣᠯᠭᠠᠨ᠂ ᠡᠮ ᠢ ᠤᠰᠠᠳᠬᠠᠬᠤ ᠪᠠᠷ ᠭᠤᠤᠯ ᠪᠣᠯᠭᠠᠵᠤ᠂ ᠪᠦᠬᠦ ᠲᠠᠯ᠎ᠠ ᠪᠠᠷ ᠪᠠᠶᠢᠴᠠᠭᠠᠯᠲᠠ ᠬᠢᠬᠦ ᠪᠠᠷ ᠬᠠᠪᠰᠤᠷᠤᠮᠵᠢ ᠪᠣᠯᠭᠠᠵᠤ᠂ ᠲᠤᠰᠬᠠᠶ ᠠᠵᠢᠯᠲᠠᠨ ᠪᠣᠯᠤᠨ ᠣᠯᠠᠨ ᠲᠦᠮᠡᠨ ᠬᠠᠮᠲᠤ ᠪᠠᠷ ᠣᠷᠣᠯᠴᠠᠬᠤ ᠠᠷᠭ᠎ᠠ ᠪᠠᠷ ᠬᠤᠯᠤᠭᠠᠨ᠎ᠠ ᠤᠰᠠᠳᠬᠠᠬᠤ ᠬᠡᠷᠡᠭᠲᠡᠶ᠃ ᠬᠤᠯᠤᠭᠠᠨ᠎ᠠ ᠤᠰᠠᠳᠬᠠᠬᠤ ᠟ ᠲᠤ ᠪᠷᠤᠮ ᠳ᠋ᠢ ᠯᠦᠩ ᠟ ᠢ ᠨᠢᠭᠡᠳᠦᠯᠲᠡᠢ ᠳᠤ ᠬᠡᠷᠡᠭᠯᠡᠵᠦ᠂ ᠥᠭᠶᠥᠭᠡ ᠠᠮᠤ ᠪᠤᠳᠠᠭᠠᠨ ᠳᠤ ᠡᠷᠳᠡᠨᠢ ᠰᠢᠰᠢ ᠰᠣᠩᠭᠤᠨ ᠬᠡᠷᠡᠭᠯᠡᠨ᠎ᠡ᠃    ᠳᠥᠷᠪᠡᠨ᠂ ᠴᠠᠭ ᠬᠤᠭᠤᠴᠠᠭᠠᠨ ᠤ ᠲᠣᠬᠢᠷᠠᠭᠤᠯᠤᠯᠲᠠ    ( ᠨᠢᠭᠡ ) ᠤᠬᠠᠭᠤᠯᠤᠨ ᠳᠠᠶᠢᠴᠢᠯᠠᠬᠤ ᠱᠠᠲᠤ ᠦᠶ᠎ᠡ ( 3 ᠳ᠋ᠤᠭᠠᠷ ᠰᠠᠷ᠎ᠠ ᠶᠢᠨ 29 ᠤ ᠡᠳᠦᠷ — 4 ᠳ᠋ᠦ᠋ᠭᠡᠷ ᠰᠠᠷ᠎ᠠ ᠶᠢᠨ 8 ᠤ ᠡᠳᠦᠷ )᠃ ᠡᠯ᠎ᠡ ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ ᠡᠯ᠎ᠡ ᠲᠣᠰᠬᠤᠨ ᠤ ᠭᠤᠤᠯᠳᠠᠯᠭ᠎ᠠ ᠲᠠᠢ ᠭᠠᠵᠠᠷ ᠤᠨ ᠬᠤᠯᠤᠭᠠᠨ᠎ᠠ ᠶᠢᠨ ᠨᠢᠭᠲᠠᠴᠠ ᠶᠢᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠬᠤᠯᠤᠭᠠᠨ᠎ᠠ ᠶᠢᠨ ᠡᠪᠡᠳᠴᠢᠨ ᠤ ᠪᠠᠶᠢᠳᠠᠯ ᠢ ᠣᠶᠢᠯᠭᠠᠨ ᠡᠵᠡᠮᠰᠢᠵᠦ᠂ ᠬᠤᠯᠤᠭᠠᠨ᠎ᠠ ᠤᠰᠠᠳᠬᠠᠬᠤ ᠠᠵᠢᠯ ᠤᠨ ᠲᠥᠯᠥᠪᠯᠡᠭᠡ ᠲᠣᠭᠲᠠᠭᠠᠬᠤ ᠬᠡᠷᠡᠭᠲᠡᠶ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠬᠡᠭᠡᠷ᠎ᠡ ᠭᠠᠳᠠᠨ᠎ᠠ ᠬᠤᠯᠤᠭᠠᠨ᠎ᠠ ᠤᠰᠠᠳᠬᠠᠬᠤ ᠡᠮ ᠨᠠᠶᠢᠷᠠᠭᠤᠯᠬᠤ᠂ ᠬᠤᠪᠢᠶᠠᠨ ᠲᠠᠷᠬᠠᠭᠠᠬᠤ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃    ( ᠬᠤᠶᠠᠷ ) ᠲᠥᠪᠯᠡᠷᠡᠭᠦᠯᠦᠨ ᠬᠡᠷᠡᠭᠵᠢᠭᠦᠯᠬᠦ ᠱᠠᠲᠤ ᠦᠶ᠎ᠡ ( 4 ᠳ᠋ᠦ᠋ᠭᠡᠷ ᠰᠠᠷ᠎ᠠ ᠶᠢᠨ 9 ᠤ ᠡᠳᠦᠷ — 4 ᠳ᠋ᠦ᠋ᠭᠡᠷ ᠰᠠᠷ᠎ᠠ ᠶᠢᠨ 20 ᠤ ᠡᠳᠦᠷ )᠃ ᠰᠢᠶᠠᠩ ᠪᠠᠯᠭᠠᠰᠤ ᠪᠠᠷ ᠨᠢᠭᠡᠴᠢ ᠪᠣᠯᠭᠠᠨ ᠬᠡᠭᠡᠷ᠎ᠡ ᠭᠠᠳᠠᠨ᠎ᠠ ᠬᠤᠯᠤᠭᠠᠨ᠎ᠠ ᠤᠰᠠᠳᠬᠠᠬᠤ ᠶᠢ ᠲᠥᠪᠯᠡᠷᠡᠭᠦᠯᠦᠨ ᠥᠷᠨᠢᠭᠦᠯᠵᠦ᠂ ᠲᠠᠪᠤᠨ 《 ᠨᠢᠭᠡᠳᠬᠡᠬᠦ 》 ᠶᠢ ᠪᠡᠶᠡᠯᠡᠭᠦᠯᠦᠨ᠂ ᠲᠥᠪᠯᠡᠷᠡᠭᠦᠯᠦᠨ ᠬᠤᠯᠤᠭᠠᠨ᠎ᠠ ᠤᠰᠠᠳᠬᠠᠵᠤ᠂ ᠬᠤᠯᠤᠭᠠᠨ᠎ᠠ ᠶᠢᠨ ᠨᠢᠭᠲᠠᠴᠠ ᠶᠢ ᠪᠠᠭᠤᠷᠠᠭᠤᠯᠤᠨ᠂ ᠬᠤᠯᠤᠭᠠᠨ᠎ᠠ ᠶᠢᠨ ᠬᠥᠨᠥᠭᠡᠯ ᠢ ᠪᠠᠭᠠᠰᠬᠠᠵᠤ᠂ ᠨᠡᠯᠢᠶᠡᠳ ᠣᠬᠤᠷ ᠬᠤᠭᠤᠴᠠᠭᠠᠨ ᠳᠣᠲᠣᠷ᠎ᠠ ᠨᠡᠯᠢᠶᠡᠳ ᠬᠠᠩᠭᠠᠮᠵᠢᠲᠠᠶ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃    ( ᠭᠤᠷᠪᠠ ) ᠳ᠋ᠦᠩᠨᠡᠵᠦ ᠰᠢᠯᠭᠠᠨ ᠠᠪᠬᠤ ᠱᠠᠲᠤ ᠦᠶ᠎ᠡ ( 4 ᠳ᠋ᠦ᠋ᠭᠡᠷ ᠰᠠᠷ᠎ᠠ ᠶᠢᠨ 21 ᠤ ᠡᠳᠦᠷ — 4 ᠳ᠋ᠦ᠋ᠭᠡᠷ ᠰᠠᠷ᠎ᠠ ᠶᠢᠨ 25 ᠤ ᠡᠳᠦᠷ )᠃ ᠬᠤᠯᠤᠭᠠᠨ᠎ᠠ ᠤᠰᠠᠳᠬᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠰᠢᠶᠠᠩ ᠪᠠᠯᠭᠠᠰᠤ ᠠᠴᠠ ᠲᠣᠰ ᠤᠳᠠᠭᠠᠨ ᠤ ᠬᠤᠯᠤᠭᠠᠨ᠎ᠠ ᠤᠰᠠᠳᠬᠠᠭᠰᠠᠨ ᠪᠠᠢᠳᠠᠯ ᠳᠤ ᠬᠢᠨᠠᠮᠠᠭᠠᠶ ᠵᠠᠳᠠᠯᠤᠯᠲᠠ ᠬᠢᠵᠦ ᠂ ᠣᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ᠂ ᠣᠷᠣᠰᠢᠵᠤ ᠪᠠᠶᠭ᠎ᠠ ᠬᠦᠷᠦᠯᠴᠡᠬᠦ ᠦᠭᠡᠢ ᠲᠠᠯ᠎ᠠ ᠪᠣᠯᠤᠨ ᠠᠰᠠᠭᠤᠳᠠᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠬᠦ ᠶᠢᠨ ᠬᠠᠮᠲᠤ ᠪᠢᠴᠢᠭᠯᠡᠭᠰᠡᠨ ᠮᠠᠲ᠋ᠧᠷᠢᠶᠠᠯ ᠢᠶᠠᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ  ᠲᠤ ᠮᠡᠳᠡᠭᠦᠯᠬᠦ ᠬᠡᠷᠡᠭᠲᠡᠶ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ( ᠨᠢᠭᠡ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠤᠯᠤᠭᠠᠨ᠎ᠠ ᠤᠰᠠᠳᠬᠠᠬᠤ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠬᠤᠯᠤᠭᠠᠨ᠎ᠠ ᠤᠰᠠᠳᠬᠠᠬᠤ ᠠᠵᠢᠯ ᠢ ᠴᠢᠬᠤᠯᠠ ᠠᠵᠢᠯ ᠤᠨ ᠵᠥᠪᠯᠡᠬᠦ ᠵᠦᠶᠯ ᠳᠡᠭᠡᠨ ᠣᠷᠣᠭᠤᠯᠵᠤ᠂ ᠲᠤᠰᠬᠠᠶ ᠠᠵᠢᠯ ᠤᠨ ᠪᠠᠶᠢᠭᠤᠯᠤᠮᠵᠢ ᠪᠠᠶᠢᠭᠤᠯᠤᠨ᠂ ᠲᠤᠰᠬᠠᠶ ᠠᠵᠢᠯᠲᠠᠨ ᠲᠣᠬᠢᠷᠠᠭᠤᠯᠵᠤ᠂ ᠬᠤᠯᠤᠭᠠᠨ᠎ᠠ ᠤᠰᠠᠳᠬᠠᠬᠤ ᠡᠭᠦᠷᠭᠡ ᠪᠠᠨ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃    ( ᠬᠤᠶᠠᠷ ) ᠤᠬᠠᠭᠤᠯᠭ᠎ᠠ ᠪᠠᠨ ᠴᠢᠩᠭᠠᠳᠬᠠᠵᠤ᠂ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠵᠡᠷᠭᠡ ᠵᠠᠭᠤᠴᠢ ᠶᠢ ᠭᠦᠶᠴᠡᠳ ᠠᠰᠢᠭᠯᠠ᠂ ᠰᠢᠨᠵᠢᠯᠡᠬᠦ ᠤᠬᠠᠭᠠᠨᠴᠢ ᠪᠠᠷ ᠬᠤᠯᠤᠭᠠᠨ᠎ᠠ ᠤᠰᠠᠳᠬᠠᠬᠤ ᠮᠡᠳᠡᠯᠭᠡ ᠶᠢᠨ ᠤᠬᠠᠭᠤᠯᠭ᠎ᠠ ᠪᠠᠨ ᠨᠡᠮᠡᠭᠳᠡᠭᠦᠯᠵᠦ᠂ ᠥᠷᠭᠡᠨ ᠣᠯᠠᠨ ᠲᠦᠮᠡᠨ ᠬᠤᠯᠤᠭᠠᠨ᠎ᠠ ᠶᠢᠨ ᠡᠮ ᠢ ᠴᠢᠩᠭ᠎ᠠ ᠵᠢᠷᠤᠮᠯᠠᠨ ᠬᠤᠯᠤᠭᠠᠨ᠎ᠠ ᠤᠰᠠᠳᠬᠠᠬᠤ ᠡᠮ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ( ᠭᠤᠷᠪᠠ ) ᠲᠦᠷᠭᠡᠨ ᠪᠠᠶᠢᠴᠠᠭᠠᠬᠤ᠃ ᠰᠢᠶᠠᠨ ᠟ ᠤ ᠵᠠᠰᠠᠭ ᠟ ᠣᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠟ ᠢ ᠵᠣᠬᠢᠶᠠᠨ ᠪᠠᠶᠢᠭᠤᠯᠤᠨ ᠲᠤᠰᠬᠠᠢ ᠵᠦᠢᠯ  ᠣᠨ ᠬᠠᠶᠢᠳᠠᠭ ᠪᠠᠶᠢᠭᠤᠯᠵᠤ᠂ ᠡᠯ᠎ᠡ ᠰᠢᠶᠠᠩ ᠪᠠᠯᠭᠠᠰᠤ ᠶᠢᠨ ᠬᠤᠯᠤᠭᠠᠨ᠎ᠠ ᠤᠰᠠᠳᠬᠠᠬᠤ ᠠᠵᠢᠯ ᠟ ᠢ ᠥᠷᠨᠢᠭᠦᠯᠵᠦ ᠪᠠᠶᠭ᠎ᠠ ᠪᠠᠢᠳᠠᠯ ᠟ ᠲᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠵᠢᠯ ᠟ ᠣᠨ ᠳᠤᠮᠳᠠ ᠲᠠᠨᠢᠯᠲᠠ ᠬᠦᠷᠦᠯᠴᠡᠬᠦ ᠥᠬᠡᠶ᠂ ᠵᠣᠬᠢᠶᠠᠨ ᠪᠠᠶᠢᠭᠤᠯᠤᠯᠲᠠ ᠨᠢ ᠬᠦᠴᠦᠨ ᠥᠬᠡᠶ᠂ ᠠᠷᠭ᠎ᠠ ᠬᠡᠮᠵᠢᠶ᠎ᠡ ᠨᠢ ᠬᠦᠷᠦᠯᠴᠡᠬᠦ ᠥᠬᠡᠶ ᠰᠢᠶᠠᠩ ᠪᠠᠯᠭᠠᠰᠤ ᠶᠢ ᠨᠡᠪᠲᠡᠷᠡᠭᠦᠯᠦᠨ ᠰᠢᠭᠦᠮᠵᠢᠯᠡᠨ᠎ᠡ᠃             ᠲᠦᠴᠢᠦᠸᠠᠨ ᠰᠢᠶᠠᠨ ᠤ ᠠᠷᠠᠳ ᠤᠨ ᠵᠠᠰᠠᠭ ᠣᠨ ᠣᠷᠳᠣᠨ ᠤ ᠠᠯᠪᠠᠨ ᠭᠡᠷ 2019 ᠣᠨ 4 ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号