ᠵ‍‌ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠦᠴᠢᠦᠸᠠᠨ ᠰᠢᠶᠠᠨ ᠤ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠮᠡᠳᠡᠭᠳᠡᠯ
ᠨᠡᠶᠢᠲᠡᠯᠡᠭᠰᠡᠨ ᠴᠠᠭ᠄
2019-12-11
        ᠲᠦᠴᠢᠦᠸᠠᠨ ᠵᠠᠰᠠᠭ ᠠᠯᠪᠠᠨ ᠲᠠᠷᠬᠠᠭᠠᠭᠰᠠᠨ ﹇2019﹈ 65 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠤ᠄    《 ᠲᠦᠴᠢᠦᠸᠠᠨ ᠰᠢᠶᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ 》 ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠳᠠᠯ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃    2019 ᠣᠨ 5 ᠰᠠᠷ᠎ᠠ ᠶᠢᠨ 7 ᠤ ᠡᠳᠦᠷ    ᠲᠦᠴᠢᠦᠸᠠᠨ ᠰᠢᠶᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ    ︽2019 ᠣᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ ᠣᠨ ᠣᠷᠳᠣᠨ ᠤ ᠠᠯᠪᠠᠨ ᠲᠢᠩᠬᠢᠮ ᠣᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2019﹈ 31 ᠳ᠋ᠦ᠋ᠭᠡᠷ ᠲᠣᠭᠠᠲᠤ︶ ᠵᠢᠴᠢ ︽2019 ᠣᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠬᠢᠩᠭᠠᠨ ᠠᠢᠮᠠᠭ ᠤᠨ ᠵᠠᠬᠢᠷᠭ᠎ᠠ  ᠶᠢᠨ ᠠᠯᠪᠠᠨ ᠭᠡᠷ ᠤᠨ ᠵᠠᠬᠢᠳᠠᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠬᠤ ᠶᠢᠨ ᠲᠤᠰᠠᠳᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠢᠯᠭᠠᠷᠠᠭᠤᠯᠬᠤ ᠬᠡᠪᠴᠢᠶ᠎ᠡ    2017 ᠣᠨ ᠳᠤ ᠪᠥᠬᠦ ᠲᠠᠯ᠎ᠠ ᠪᠠᠷ ᠢᠯᠭᠠᠷᠠᠭᠤᠯᠤᠭᠰᠠᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠭᠠᠷᠴᠠᠭ ᠪᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ᠭᠠᠷᠴᠠᠭ ᠢ ᠳᠠᠬᠢᠵᠤ ᠨᠡᠶᠢᠲᠡᠯᠡᠬᠦ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠵᠢᠴᠢ 2017 ᠣᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2018 ᠣᠨ 12 ᠳ᠋ᠤᠭᠠᠷ ᠰᠠᠷ᠎ᠠ  ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃    ᠬᠤᠶᠠᠷ᠂ ᠭᠤᠤᠯ ᠴᠣᠭᠴᠠ ᠶᠢ ᠢᠯᠭᠠᠷᠠᠭᠤᠯᠤᠨ᠎ᠠ    ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ 《 ᠬᠡᠨ ᠨᠡᠶᠢᠲᠡᠯᠡᠭᠰᠡᠨ ᠪᠣᠯ ᠲᠡᠷᠡ ᠢᠯᠭᠠᠷᠠᠭᠤᠯᠤᠭᠰᠠᠨ ᠪᠣᠯ ᠲᠡᠷᠡ ᠬᠠᠷᠢᠭᠤᠴᠠᠬᠤ 》 ᠵᠠᠷᠴᠢᠮ ᠣᠨ ᠶᠣᠰᠣᠭᠠᠷ ᠥᠷᠨᠢᠭᠦᠯᠬᠦ ᠬᠡᠷᠡᠭᠲᠡᠶ᠃ ᠲᠤᠬᠠᠶᠢᠯᠠᠪᠠᠯ ᠪᠢᠴᠢᠭ ᠮᠠᠲ᠋ᠧᠷᠢᠶᠠᠯ ᠶᠠᠪᠤᠭᠤᠯᠤᠭᠰᠠᠨ ᠪᠠᠶᠢᠭᠤᠯᠤᠯᠭ᠎ᠠ ᠨᠢ ᠲᠣᠰ ᠨᠢᠭᠡᠴᠡ ᠶᠢᠨ ᠢᠶᠠᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠶᠢ ᠬᠠᠷᠢᠭᠤᠴᠠᠨ᠎ᠠ︔ ᠣᠯᠠᠨ ᠪᠠᠶᠢᠭᠤᠯᠤᠯᠭ᠎ᠠ ᠶᠢᠨ ᠬᠠᠮᠲᠤᠷᠠᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠭᠤᠤᠯᠴᠢᠯᠠᠨ ᠡᠷᠬᠢᠯᠡᠭᠰᠡᠨ ᠪᠠᠶᠢᠭᠤᠯᠤᠯᠭ᠎ᠠ ( ᠪᠢᠴᠢᠭ ᠮᠠᠲ᠋ᠧᠷᠢᠶᠠᠯ ᠶᠠᠪᠤᠭᠤᠯᠤᠭᠰᠠᠨ ᠬᠠᠷᠢᠶ᠎ᠠ ᠪᠠᠢᠭᠤᠯᠤᠯᠭ᠎ᠠ ᠪᠠᠷ ᠭᠤᠤᠯ ᠡᠷᠬᠢᠯᠡᠭᠰᠡᠨ ᠪᠠᠶᠢᠭᠤᠯᠤᠯᠭ᠎ᠠ ᠪᠣᠯᠭᠠᠨ᠎ᠠ ) ᠠᠴᠠ ᠬᠠᠷᠢᠭᠤᠴᠠᠨ ᠢᠯᠭᠠᠷᠠᠭᠤᠯᠤᠨ᠎ᠠ᠃    ( ᠨᠢᠭᠡ ) ᠰᠢᠶᠠᠨ ᠤ ᠵᠠᠰᠠᠭ ᠣᠨ ᠣᠷᠳᠣᠨ ᠵᠢᠴᠢ ᠲᠡᠭᠦᠨ ᠤ ᠠᠯᠪᠠᠨ ᠭᠡᠷ ᠤᠨ ᠲᠣᠭᠲᠠᠭᠠᠭᠰᠠᠨ ᠵᠢᠷᠤᠮᠵᠢᠯ  ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠠᠴᠠ ᠲᠦᠷᠦᠭᠦᠯᠡᠨ ᠵᠣᠬᠢᠶᠠᠨ ᠪᠠᠶᠢᠭᠤᠯᠤᠨ ᠢᠯᠭᠠᠷᠠᠭᠤᠯᠵᠤ᠂ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠵᠢᠴᠢ ᠵᠠᠰᠠᠭ ᠣᠨ ᠣᠷᠳᠣᠨ ᠤ ᠬᠠᠷᠢᠶ᠎ᠠ ᠪᠦᠬᠦᠢ ᠠᠵᠢᠯ ᠤᠨ ᠰᠠᠯᠠᠭ᠎ᠠ ᠮᠥᠴᠢᠷ ᠤᠳ ᠬᠠᠮᠵᠢᠯᠴᠠᠬᠤ ᠬᠡᠷᠡᠭᠲᠡᠶ᠃    ( ᠬᠤᠶᠠᠷ ) ᠰᠢᠶᠠᠨ ᠤ ᠵᠠᠰᠠᠭ ᠣᠨ ᠣᠷᠳᠣᠨ ᠤ ᠬᠠᠷᠢᠶ᠎ᠠ ᠪᠦᠬᠦᠢ ᠠᠵᠢᠯ ᠤᠨ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠵᠢᠴᠢ ᠭᠤᠤᠯᠴᠢᠯᠠᠨ ᠬᠠᠮᠢᠶᠠᠷᠴᠤ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠬᠠᠷᠢᠭᠤᠴᠠᠬᠤ ᠬᠡᠷᠡᠭᠲᠡᠶ᠃    ( ᠭᠤᠷᠪᠠ ) ᠡᠯ᠎ᠡ ᠰᠢᠶᠠᠩ ᠪᠠᠯᠭᠠᠰᠤ ᠨᠢ ᠲᠣᠰ ᠰᠢᠶᠠᠩ ᠪᠠᠯᠭᠠᠰᠤ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠬᠠᠷᠢᠭᠤᠴᠠᠬᠤ ᠬᠡᠷᠡᠭᠲᠡᠶ᠃    ᠭᠤᠷᠪᠠ᠂ ᠢᠯᠭᠠᠷᠠᠭᠤᠯᠬᠤ ᠪᠠᠷᠢᠮᠵᠢᠶ᠎ᠠ    ( ᠨᠢᠭᠡ ) ᠭᠤᠤᠯ ᠴᠣᠭᠴᠠ ᠶᠢᠨ ᠬᠢᠷᠢ ᠬᠡᠮ ᠢ ᠪᠦᠷᠢᠯᠳᠦᠭᠦᠯᠦᠭᠡᠳᠦᠶ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠪᠣᠳᠠᠲᠠᠶ ᠪᠠᠭᠲᠠᠬᠤ ᠨᠢ᠄    1᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠵᠠᠰᠠᠭ ᠣᠨ ᠣᠷᠳᠣᠨ ᠤ ᠠᠵᠢᠯ  ᠤᠨ ᠰᠠᠯᠠᠭ᠎ᠠ ᠮᠥᠴᠢᠷ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠷᠬᠡ ᠶᠢᠨ ᠬᠡᠪᠴᠢᠶᠡᠨ ᠠᠴᠠ ᠪᠠᠨ ᠳᠠᠪᠠᠵᠤ ᠲᠣᠭᠲᠠᠭᠠᠭᠰᠠᠨ ;    2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠦᠷ ᠴᠠᠭ ᠣᠨ ᠪᠠᠶᠢᠭᠤᠯᠤᠮᠵᠢ ᠶᠢᠨ ᠲᠣᠭᠲᠠᠭᠠᠭᠰᠠᠨ︔    3᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠵᠠᠰᠠᠭ ᠣᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠠᠴᠠ ᠲᠣᠭᠲᠠᠭᠠᠭᠰᠠᠨ᠃    ( ᠬᠤᠶᠠᠷ ) ᠠᠭᠤᠯᠠᠨ᠎ᠠ ᠨᠢ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠠᠴᠠ ᠳᠠᠪᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠪᠣᠳᠠᠲᠠᠶ ᠪᠠᠭᠲᠠᠬᠤ ᠨᠢ᠄    1᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠴᠠ ᠭᠠᠳᠠᠨᠠᠬᠢ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠨᠡᠮᠡᠭᠳᠡᠭᠦᠯᠬᠦ ᠪᠤᠶᠤ ᠬᠠᠤᠯᠢ ᠪᠠᠷ ᠲᠣᠭᠲᠠᠭᠠᠭᠰᠠᠨ ᠵᠦᠶᠯ ᠢ ᠪᠠᠭᠠᠰᠬᠠᠨ᠎ᠠ    ᠡᠭᠦᠷᠭᠡ ᠬᠠᠷᠢᠭᠤᠴᠠᠯᠭ᠎ᠠ ;    2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠨ ᠬᠡᠷᠡᠭᠯᠡᠯᠲᠡ᠂ ᠵᠠᠰᠠᠭ ᠵᠠᠬᠢᠷᠭᠠᠨ ᠤ ᠰᠢᠢᠳᠬᠡᠯ ᠢ ᠲᠣᠭᠲᠠᠭᠠᠬᠤ    ᠠᠵᠢᠯ ᠦᠢᠯᠡᠰ ᠤᠨ ᠴᠢᠨᠠᠷᠲᠠᠶ ᠰᠦᠶᠳᠬᠡᠯ ᠬᠤᠷᠢᠶᠠᠬᠤ ᠵᠡᠷᠭᠡ ᠵᠦᠶᠯᠡᠰ ᠲᠤ ᠵᠠᠰᠠᠭ ᠵᠠᠬᠢᠷᠭᠠᠨ ᠤ ᠵᠥᠪᠰᠢᠶᠡᠷᠡᠯ  ᠤᠨ ᠵᠦᠶᠯᠡᠰ ᠢ ᠰᠢᠶᠳᠪᠦᠷᠢᠯᠡᠬᠦ ᠨᠥᠬᠦᠴᠡᠯ ᠢ ᠨᠡᠮᠡᠵᠦ᠂ ᠡᠷᠭᠢᠯᠲᠡ ᠶᠢᠨ ᠭᠡᠷᠡᠴᠢ᠂ ᠳᠠᠪᠬᠤᠷᠳᠠᠭᠰᠠᠨ ᠭᠡᠷᠡᠴᠢ᠂ ᠬᠡᠷᠡᠭ ᠥᠬᠡᠶ ᠭᠡᠷᠡᠴᠢ ᠭᠠᠷᠭᠠᠬᠤ ᠪᠠᠷ ᠲᠣᠭᠲᠠᠭᠠᠭᠰᠠᠨ ;    3᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠪᠤᠶᠤ ᠨᠡᠮᠡᠭᠳᠡᠯ ᠢ ᠬᠠᠰᠤᠵᠤ ᠬᠤᠬᠢᠷᠠᠭᠤᠯᠬᠤ    ᠲᠡᠭᠦᠨ ᠤ ᠡᠭᠦᠷᠭᠡ ᠨᠢ ᠠᠷᠠᠳ ᠢᠷᠭᠡᠨ ᠤ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ᠂ ᠨᠡᠷ᠎ᠡ ᠬᠦᠨᠳᠦ  ᠶᠢᠨ ᠡᠷᠬᠡ᠂ ᠬᠥᠳᠡᠯᠮᠦᠷᠢᠯᠡᠬᠦ ᠡᠷᠬᠡ᠂ ᠠᠮᠠᠷᠠᠬᠤ ᠡᠷᠬᠡ ᠵᠡᠷᠭᠡ ᠳᠤ ᠬᠠᠯᠳᠠᠨ᠎ᠠ    ᠦᠨᠳᠦᠰᠦᠨ ᠡᠷᠬᠡ ;    4᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠡᠷᠬᠡ ᠲᠤᠰᠢᠶᠠᠯ ᠤᠨ ᠢᠶᠠᠨ ᠲᠣᠭᠲᠠᠭᠠᠯ ᠠᠴᠠ ᠳᠠᠪᠠᠭᠰᠠᠨ᠂ ᠠᠵᠤ ᠠᠬᠤᠶᠢᠯᠠᠯ ᠪᠠ ᠨᠡᠶᠢᠭᠡᠮ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠨ  ᠤ ᠥᠪᠡᠷ ᠢ ᠪᠠᠨ ᠬᠠᠮᠢᠶᠠᠷᠬᠤ ᠴᠢᠬᠤᠯᠠᠲᠠᠶ ᠵᠦᠶᠯᠡᠰ ;    5᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠭᠤᠣᠯᠴᠢ ᠪᠠᠷ ᠥᠷᠢᠰᠦᠯᠳᠦᠬᠦ ᠶᠢ ᠠᠷᠢᠯᠭᠠᠬᠤ ᠪᠠ ᠬᠢᠵᠠᠭᠠᠷᠯᠠᠬᠤ ᠠᠭᠤᠯᠠᠨ᠎ᠠ ᠪᠦᠬᠦᠢ ᠠᠷᠭ᠎ᠠ ᠬᠡᠮᠵᠢᠶ᠎ᠡ ᠶᠢ ᠬᠠᠤᠯᠢ ᠠᠴᠠ ᠵᠥᠷᠢᠴᠡᠨ ᠲᠣᠭᠲᠠᠭᠠᠵᠤ᠂ ᠬᠠᠤᠯᠢ ᠠᠴᠠ ᠵᠥᠷᠢᠴᠡᠨ ᠬᠢᠬᠦ    ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪ ᠤᠨ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠤᠷᠢᠳᠴᠢᠯᠠᠨ ᠨᠥᠯᠥᠭᠡᠯᠡᠬᠦ ᠪᠠ ᠨᠥᠯᠥᠭᠡᠯᠡᠵᠦ᠂ ᠬᠠᠤᠯᠢ ᠶᠢ ᠵᠥᠷᠢᠴᠡᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ    ᠨᠥᠬᠦᠴᠡᠯ ᠵᠡᠷᠭᠡ᠃    ᠳᠥᠷᠪᠡᠨ᠂ ᠢᠯᠭᠠᠷᠠᠭᠤᠯᠤᠭᠰᠠᠨ ᠦᠷ᠎ᠡ ᠳ᠋ᠦᠩ    ( ᠨᠢᠭᠡ ) ᠠᠭᠤᠯᠠᠨ᠎ᠠ ᠨᠢ ᠣᠳᠣ ᠶᠢᠨ ᠬᠡᠷᠡᠭᠵᠢᠭᠦᠯᠵᠦ ᠪᠠᠶᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠡᠭᠡᠰᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠨᠡᠶᠢᠴᠡᠬᠦ    ᠬᠡᠷᠪᠡ ᠦᠷᠭᠦᠯᠵᠢᠯᠡᠨ ᠬᠦᠴᠦᠨ ᠲᠠᠢ ᠪᠠᠶᠢᠬᠤ ᠶᠢ ᠵᠠᠷᠯᠠᠬᠤ ᠬᠡᠷᠡᠭᠲᠡᠶ᠃    ( ᠬᠤᠶᠠᠷ ) ᠳᠣᠤᠷ᠎ᠠ ᠵᠢᠭᠰᠠᠭᠠᠭᠰᠠᠨ ᠪᠠᠢᠳᠠᠯ ᠤᠨ ᠨᠢᠭᠡ ᠨᠢ ᠪᠠᠶᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠬᠦ ᠬᠡᠷᠡᠭᠲᠡᠶ᠄    1᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠬᠤ ᠪᠡᠶᠡᠴᠢ ᠴᠣᠭᠴᠠ  ᠨᠢ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠠᠴᠠ ᠳᠠᠪᠠᠭᠰᠠᠨ ;    2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠠᠭᠤᠯᠠᠨ᠎ᠠ ᠨᠢ ᠣᠳᠣ ᠶᠢᠨ ᠬᠡᠷᠡᠭᠵᠢᠭᠦᠯᠵᠦ ᠪᠠᠶᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠡᠭᠡᠰᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠨᠡᠶᠢᠴᠡᠬᠦ ᠥᠬᠡᠶ ᠪᠠᠶᠬᠤ︔    3᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠡᠭᠡᠰᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠭᠰᠠᠨ︔    4᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠬᠤ᠃    ( ᠭᠤᠷᠪᠠ ) ᠳᠣᠤᠷᠠᠬᠢ ᠪᠠᠢᠳᠠᠯ ᠤᠨ ᠨᠢᠭᠡ ᠨᠢ ᠪᠠᠶᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠤᠭᠰᠠᠨ ᠢᠶᠠᠷ ᠨᠡᠶᠢᠲᠡᠯᠡᠬᠦ ᠬᠡᠷᠡᠭᠲᠡᠶ᠃    1᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ︽ᠲᠤᠷᠰᠢᠨ ᠬᠡᠷᠡᠭᠵᠢᠭᠦᠯᠬᠦ︾ ᠭᠡᠰᠡᠨ ᠨᠡᠷ᠎ᠡ ᠶᠢ ᠲᠠᠯᠪᠢᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠬᠦ 2 ᠵᠢᠯ    ᠡᠰᠡᠬᠦᠯ᠎ᠡ ᠨᠢᠭᠡᠨᠲᠡ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ ;    2᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠬᠢᠬᠦ ᠳ᠋ᠦᠶᠰᠢᠶᠠᠩ ᠨᠢ ᠨᠢᠭᠡᠨᠲᠡ ᠤᠰᠠᠳᠤᠭᠰᠠᠨ ᠪᠤᠶᠤ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠨᠢᠭᠡᠨᠲᠡ ᠬᠤᠪᠢᠷᠠᠭᠰᠠᠨ ;    3᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠵᠦᠶᠯᠡᠰ ᠤᠨ ᠡᠭᠦᠷᠭᠡ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠬᠡᠷᠡᠭ ᠳᠡᠭᠡᠷ᠎ᠡ ᠪᠠᠨ ᠨᠢᠭᠡᠨᠲᠡ ᠬᠦᠴᠦᠨ ᠦᠭᠡᠢ ᠪᠣᠯᠤᠭᠰᠠᠨ ;    4᠃ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠲᠥᠪ ᠬᠤᠷᠢᠶᠠᠨ ᠤ ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠡᠭᠡᠰᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ    ᠬᠦᠴᠦᠨ ᠦᠭᠡᠢ ᠪᠣᠯᠤᠭᠰᠠᠨ ᠢᠶᠠᠷ ᠵᠠᠷᠯᠠᠭᠳᠠᠭᠰᠠᠨ᠃    ᠲᠠᠪᠤ᠂ ᠢᠯᠭᠠᠷᠠᠭᠤᠯᠬᠤ ᠠᠯᠬᠤᠮ ᠳᠠᠷᠠᠭ᠎ᠠ    ᠲᠣᠰ ᠤᠳᠠᠭᠠᠨ ᠤ ᠢᠯᠭᠠᠷᠠᠭᠤᠯᠬᠤ ᠠᠵᠢᠯ ᠢ ᠭᠤᠷᠪᠠᠨ ᠱᠠᠲᠤ ᠬᠤᠪᠢᠶᠠᠨ᠎ᠠ᠄    ( ᠨᠢᠭᠡ ) ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠣᠰ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠨᠢᠭᠡᠴᠡ ᠶᠢᠨ ᠢᠶᠠᠨ ᠪᠣᠳᠠᠲᠠᠶ ᠢᠯᠭᠠᠷᠠᠭᠤᠯᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠰᠤᠳᠤᠯᠵᠤ᠂ ᠢᠯᠭᠠᠷᠠᠭᠤᠯᠬᠤ ᠠᠵᠢᠯ ᠤᠨ ᠡᠭᠦᠷᠭᠡ ᠶᠢ ᠪᠠᠶᠢᠷᠢᠯᠠᠭᠤᠯᠤᠨ᠂ ᠢᠯᠭᠠᠷᠠᠭᠤᠯᠬᠤ ᠠᠵᠢᠯ ᠤᠨ ᠡᠮᠬᠢ ᠵᠢᠷᠤᠮ  ᠲᠠᠢ᠂ ᠲᠤᠶᠢᠯᠪᠤᠷᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃    ( ᠬᠤᠶᠠᠷ ) ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠤᠨ ᠲᠣᠰ ᠰᠢᠶᠠᠩ ᠪᠠᠯᠭᠠᠰᠤ᠂ ᠲᠣᠰ ᠰᠠᠯᠠᠭ᠎ᠠ ᠮᠥᠴᠢᠷ ᠤᠨ ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠪᠦᠷᠢᠳᠬᠡᠨ ᠢᠯᠭᠠᠷᠠᠭᠤᠯᠵᠤ᠂ ᠳᠠᠭᠠᠯᠳᠤᠭᠤᠯᠤᠯ 2 ᠢ ᠲᠠᠭᠯᠠᠨ᠂ 2019 ᠣᠨ 6 ᠳ᠋ᠤᠭᠠᠷ ᠰᠠᠷ᠎ᠠ  ᠶᠢᠨ 28 ᠤ ᠡᠳᠦᠷ ᠠᠴᠠ ᠡᠮᠦᠨ᠎ᠡ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠤᠨ 366 ᠦᠷᠦᠭᠡ ᠶᠢ ᠮᠡᠳᠡᠭᠦᠯᠦᠨ ᠬᠦᠷᠭᠡᠬᠦ ᠬᠡᠷᠡᠭᠲᠡᠶ᠃ ᠡᠭᠦᠨ ᠤ ᠳᠤ ᠬᠠᠮᠲᠤ᠂ ᠬᠠᠷᠢᠭᠤᠴᠠᠯᠭᠠᠲᠤ ᠰᠠᠯᠠᠭ᠎ᠠ ᠮᠥᠴᠢᠷ ᠠᠴᠠ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠠᠴᠠ ᠠᠩᠬ᠎ᠠ ᠠᠯᠬᠤᠮ ᠢᠯᠭᠠᠷᠠᠭᠤᠯᠤᠭᠰᠠᠨ ᠰᠢᠶᠠᠨ ᠤ ᠵᠠᠰᠠᠭ ᠣᠨ ᠣᠷᠳᠣᠨ ᠵᠢᠴᠢ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠠᠴᠠ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠲᠠᠬᠢ ( ᠢᠯᠭᠠᠷᠠᠭᠤᠯᠤᠭᠰᠠᠨ ᠡᠬᠡ ᠪᠢᠴᠢᠭ ) ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠮᠠᠭᠠᠶ ᠬᠢᠨᠠᠨ ᠪᠠᠶᠢᠴᠠᠭᠠᠵᠤ ᠰᠤᠳᠤᠯᠵᠤ᠂ ᠦᠷᠭᠦᠯᠵᠢᠯᠡᠨ ᠬᠦᠴᠦᠨ ᠲᠠᠢ᠂ ᠬᠦᠴᠦᠨ ᠦᠭᠡᠢ ᠪᠣᠯᠭᠠᠭᠰᠠᠨ᠂ ᠬᠦᠴᠦᠨ ᠢᠶᠠᠨ ᠠᠯᠳᠠᠭᠰᠠᠨ ᠢᠯᠭᠠᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ᠃    ᠳᠠᠭᠠᠯᠳᠤᠭᠤᠯᠤᠯ 1᠂ 2 ︵e x c e l ᠢᠶᠠᠷ ᠦᠶᠯᠡᠳᠦᠭᠰᠡᠨ︶ ᠢ ᠲᠣᠰ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠬᠢᠨᠠᠭᠤᠯᠵᠤ ᠭᠠᠷ ᠤᠨ ᠦᠰᠦᠭ ᠵᠢᠷᠤᠭᠤᠯᠬᠤ ᠶᠢᠨ ᠬᠠᠮᠲᠤ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠮᠡᠳᠡᠭᠦᠯᠦᠨ ᠬᠦᠷᠭᠡᠬᠦ ᠶᠢᠨ ᠬᠠᠮᠲᠤ ᠡᠯᠧᠺᠲᠷᠣᠨ ᠬᠡᠪᠯᠡᠯ ︵ᠬᠠᠷᠢᠯᠴᠠᠬᠤ ᠬᠥᠮᠦᠨ᠄ ᠼᠦᠢ ᠵᠤᠤ ᠯᠦᠨ᠂ ᠬᠠᠷᠢᠯᠴᠠᠬᠤ ᠤᠲᠠᠰᠤ᠄ 0482 - 5188075᠂ ᠰᠢᠦᠳᠠᠨ ᠬᠠᠢᠷᠴᠠᠭ ᠤᠨ ᠬᠠᠶ᠋ᠢᠭ᠄ t q x w j s c 2019 @ 163. )᠃    ︵ᠭᠤᠷᠪᠠ︶ ᠰᠢᠶᠠᠨ ᠤ ᠵᠠᠰᠠᠭ ᠣᠨ ᠣᠷᠳᠣᠨ ᠪᠤᠶᠤ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠭᠠᠳᠠᠭᠰᠢ ᠨᠡᠶᠢᠲᠡᠯᠡᠨ᠎ᠡ︔ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠰᠢᠶᠠᠩ ᠪᠠᠯᠭᠠᠰᠤ᠂ ᠰᠠᠯᠠᠭ᠎ᠠ ᠮᠥᠴᠢᠷ ᠨᠢ ᠭᠠᠳᠠᠭᠰᠢ ᠨᠡᠶᠢᠲᠡᠯᠡᠬᠦ ᠶᠢ ᠬᠠᠷᠢᠭᠤᠴᠠᠬᠤ ᠬᠡᠷᠡᠭᠲᠡᠶ᠃ ᠭᠠᠳᠠᠭᠰᠢ ᠨᠡᠢᠲᠡᠯᠡᠭᠰᠡᠨ ᠴᠠᠭ ᠨᠢ 2019 ᠣᠨ 6 ᠰᠠᠷ᠎ᠠ ᠶᠢᠨ 28 ᠤ ᠡᠳᠦᠷ ᠠᠴᠠ ᠡᠮᠦᠨ᠎ᠡ ᠪᠣᠯᠤᠨ᠎ᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号