︽ᠪᠦᠬᠦᠨ ᠳᠤ ᠲᠣᠬᠢᠷᠠᠬᠤ ᠺᠠᠷᠲ︾ ᠤᠨ ᠲᠤᠰᠬᠠᠶ ᠵᠦᠶᠯ ᠢᠶᠠᠷ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-12-11
              ᠲᠦᠴᠢᠦᠸᠠᠨ ᠵᠠᠰᠠᠭ ᠠᠯᠪᠠᠨ ᠲᠠᠷᠬᠠᠭᠠᠭᠰᠠᠨ ﹇2019﹈ 75 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠣᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠢᠶᠠᠨ ᠤ ᠵᠠᠰᠠᠭ ᠣᠨ ᠣᠷᠳᠣᠨ ᠢᠶᠠᠷ ᠰᠤᠳᠤᠯᠤᠭᠤᠯᠤᠨ᠂ 《 ᠪᠦᠬᠦᠨ ᠳᠤ ᠲᠣᠬᠢᠷᠠᠬᠤ ᠺᠠᠷᠲ 》 ᠢ ᠲᠤᠰᠬᠠᠶᠢᠯᠠᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ( ᠳᠣᠷᠣᠭᠰᠢ 《 ᠤᠳᠤᠷᠢᠳᠬᠤ ᠳᠤᠭᠤᠶᠢᠯᠠᠩ 》 ᠭᠡᠵᠦ ᠲᠣᠪᠴᠢᠯᠠᠨ᠎ᠠ ) ᠢ ᠪᠠᠶᠢᠭᠤᠯᠬᠤ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠠᠵᠢᠯᠲᠠᠨ ᠤ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄ ᠰᠦᠩ ᠽᠧ ᠬᠠᠢ ᠰᠢᠶᠠᠨ ᠤ ᠵᠠᠰᠠᠭ ᠣᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠳ᠋ ᠤᠨ ᠵᠠᠰᠠᠭ ᠣᠨ ᠲᠣᠪᠴᠢᠶᠠᠨ ᠤ ᠳᠠᠷᠤᠭ᠎ᠠ    ᠭᠡᠰᠢᠭᠦᠨ᠄ ᠯᠢᠦ ᠷᠦᠢ ᠰᠢᠶᠠᠨ ᠤ ᠵᠠᠰᠠᠭ ᠣᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ    ᠬᠤᠸᠠᠩ ᠴᠧᠩ ᠰᠢᠶᠠᠨ ᠤ ᠡᠳ᠋ ᠤᠨ ᠵᠠᠰᠠᠭ ᠣᠨ ᠲᠣᠪᠴᠢᠶᠠᠨ ᠤ ᠳᠡᠳ᠋ ᠳᠠᠷᠤᠭ᠎ᠠ    ᠵᠢᠶᠠ ᠪᠦ᠋ᠦ ᠵᠢᠶᠦ᠋ᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ    ᠯᠢ ᠢᠦ᠋ᠶ ᠬᠤᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ    ᠴᠢᠨ ᠬᠤᠢ ᠹᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ    ᠳ᠋ᠦᠩ ᠬᠦᠶ ᠮᠧᠶ ᠰᠢᠶᠠᠨ ᠤ ᠬᠢᠨᠠᠨ ᠪᠣᠳᠣᠬᠤ ᠲᠣᠪᠴᠢᠶᠠᠨ ᠤ ᠳᠡᠳ᠋ ᠳᠠᠷᠤᠭ᠎ᠠ    ᠸᠠᠩ ᠪᠢᠶᠣᠤ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ    ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠡᠳ᠋ ᠤᠨ ᠵᠠᠰᠠᠭ ᠣᠨ ᠲᠣᠪᠴᠢᠶ᠎ᠠ ᠳᠤ ᠪᠠᠶᠢᠭᠤᠯᠵᠤ ᠂ ᠡᠷᠬᠢᠯᠡᠭᠴᠢ ᠶᠢᠨ ᠲᠤᠰᠢᠶᠠᠯ ᠢ ᠬᠤᠸᠠᠩ ᠴᠧᠩ ᠨᠥᠬᠦᠷ ᠬᠠᠪᠰᠤᠷᠭᠠᠨ ᠬᠠᠷᠢᠭᠤᠴᠠᠨ᠎ᠠ᠃ ᠬᠤᠷᠠᠯ ᠢᠶᠠᠷ ᠵᠥᠪᠯᠡᠨ ᠲᠣᠭᠲᠠᠭᠠᠭᠰᠠᠨ᠂ ᠲᠣᠭᠲᠠᠭᠠᠭᠰᠠᠨ ᠵᠦᠶᠯᠡᠰ ᠢ ᠨᠠᠶᠢᠳᠠᠪᠤᠷᠢᠵᠢᠭᠤᠯᠬᠤ ᠶᠢ ᠮᠥᠷᠳᠡᠬᠦ᠂ ᠰᠢᠮᠳᠠᠭᠤᠯᠬᠤ ᠶᠢ ᠬᠠᠷᠢᠭᠤᠴᠠᠵᠤ᠂ ᠲᠤᠰᠬᠠᠶ ᠵᠦᠶᠯ ᠢᠶᠠᠷ ᠵᠠᠰᠠᠬᠤ ᠲᠥᠰᠦᠯ ᠢ ᠲᠣᠭᠲᠠᠭᠠᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠠᠰᠠᠭᠤᠳᠠᠯ ᠢ ᠰᠢᠶᠳᠪᠦᠷᠢᠯᠡᠬᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠ ᠰᠣᠨᠢᠨ ᠮᠡᠳᠡᠭᠡ ᠤᠬᠠᠭᠤᠯᠭ᠎ᠠ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃    ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ    ( ᠨᠢᠭᠡ ) ᠡᠳ᠋ ᠤᠨ ᠵᠠᠰᠠᠭ ᠣᠨ ᠲᠣᠪᠴᠢᠶ᠎ᠠ᠃ ᠳᠡᠭᠡᠰᠦ ᠱᠠᠲᠤᠨ ᠤ ᠡᠳ᠋ ᠤᠨ ᠵᠠᠰᠠᠭ ᠣᠨ ᠰᠠᠯᠠᠭ᠎ᠠ ᠮᠥᠴᠢᠷ  ᠯᠦᠭᠡ ᠢᠳᠡᠪᠬᠢᠲᠡᠶ ᠪᠠᠷ ᠬᠠᠷᠢᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ᠂ ᠵᠢᠯᠣᠭᠤᠳᠴᠤ᠂ ᠰᠢᠮᠳᠠᠭᠤᠯᠵᠤ ᠪᠠᠶᠢᠭᠠᠳ ᠲᠤᠰᠬᠠᠶᠢᠯᠠᠨ ᠵᠠᠰᠠᠬᠤ ᠠᠵᠢᠯ ᠥᠷᠨᠢᠭᠦᠯᠬᠦ ᠬᠡᠷᠡᠭᠲᠡᠶ᠃ 《 ᠪᠦᠬᠦᠨ ᠳᠤ ᠲᠣᠬᠢᠷᠠᠬᠤ ᠺᠠᠷᠲ 》 ᠢ ᠲᠤᠰᠬᠠᠶᠢᠯᠠᠨ ᠵᠠᠰᠠᠬᠤ ᠶᠢᠨ ᠬᠡᠷᠡᠭᠵᠢᠭᠦᠯᠬᠦ ᠲᠥᠰᠦᠯ ᠲᠣᠭᠲᠠᠭᠠᠬᠤ ᠶᠢ ᠬᠠᠷᠢᠭᠤᠴᠠᠨ᠎ᠠ ; ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠲᠥᠷᠥ ᠶᠢᠨ ᠪᠣᠳᠣᠯᠭ᠎ᠠ ᠶᠢ ᠢᠯᠡ ᠨᠡᠶᠢᠲᠡᠯᠡᠬᠦ᠂ ᠵᠠᠭᠤᠴᠢᠯᠠᠭᠤᠷ ᠤᠨ ᠤᠬᠠᠭᠤᠯᠭ᠎ᠠ ᠶᠢ ᠵᠣᠯᠭᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ︔ ᠬᠠᠮᠢᠶ᠎ᠠ ᠪᠦᠬᠦᠢ ᠵᠠᠭᠤᠴᠢᠯᠠᠭᠤᠷ ᠲᠤ ᠢᠯᠡᠴᠢᠯᠡᠨ ᠮᠡᠳᠡᠭᠦᠯᠬᠦ ᠤᠲᠠᠰᠤ ᠶᠢ ᠢᠯᠡ ᠪᠣᠯᠭᠠᠬᠤ ᠶᠢ ᠬᠠᠷᠢᠭᠤᠴᠠᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠨ᠎ᠡ ︵ᠢᠯᠡᠴᠢᠯᠡᠨ ᠮᠡᠳᠡᠭᠦᠯᠬᠦ ᠤᠲᠠᠰᠤ᠄ 0482 — 5187031᠂ ᠬᠦᠯᠢᠶᠡᠨ ᠠᠪᠴᠤ ᠰᠢᠶᠳᠪᠦᠷᠢᠯᠡᠬᠦ ᠬᠥᠮᠦᠨ᠄ ᠼᠤᠤ ᠴᠦᠨ ᠯᠧᠢ᠂ ᠶᠦᠨ ᠬᠤᠸᠠ᠂ ᠬᠦᠯᠢᠶᠡᠨ ᠠᠪᠴᠤ ᠰᠢᠶᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠡᠮᠦᠨᠡᠬᠢ 8᠄ 30 — 11᠄ 30᠂ ᠦᠳᠡ ᠬᠤᠶᠢᠨᠠᠬᠢ 2᠄ 30 — 5᠄ 30︶︔ ᠲᠤᠰᠬᠠᠶ ᠵᠦᠶᠯ  ᠢᠶᠠᠷ ᠵᠠᠰᠠᠬᠤ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠤᠨ ᠰᠢᠯᠲᠠᠭᠠᠨ ᠢ ᠬᠠᠷᠢᠭᠤᠴᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠪᠠ ᠠᠷᠭ᠎ᠠ ᠬᠡᠮᠵᠢᠶ᠎ᠡ ᠳᠤᠷᠠᠳᠬᠤ ᠬᠡᠷᠡᠭᠲᠡᠶ᠃    ( ᠬᠤᠶᠠᠷ ) ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠃ ᠡᠳ᠋ ᠤᠨ ᠵᠠᠰᠠᠭ ᠣᠨ ᠲᠣᠪᠴᠢᠶ᠎ᠠ ᠲᠠᠢ ᠬᠠᠮᠵᠢᠯᠴᠠᠨ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ᠃ ᠲᠤᠰᠬᠠᠶ ᠬᠥᠮᠦᠨ ᠲᠣᠬᠢᠷᠠᠭᠤᠯᠵᠤ ︽ᠪᠦᠬᠦᠨ ᠳᠤ ᠲᠣᠬᠢᠷᠠᠬᠤ ᠺᠠᠷᠲ︾ ᠤᠨ ᠲᠤᠰᠬᠠᠶ ᠵᠠᠰᠠᠯᠲᠠ  ᠶᠢᠨ ᠠᠵᠢᠯ ᠢ ᠬᠠᠷᠢᠭᠤᠴᠠᠭᠤᠯᠬᠤ ᠬᠡᠷᠡᠭᠲᠡᠶ︔ ᠲᠥᠷᠥ ᠶᠢᠨ ᠪᠣᠳᠣᠯᠭ᠎ᠠ ᠶᠢᠨ ᠡᠬᠡ ᠳᠠᠩᠰᠠ ᠪᠠᠶᠢᠭᠤᠯᠬᠤ ᠶᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ ᠢᠶᠠᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠣᠨ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠪᠣᠯᠤᠨ 《 ᠪᠦᠬᠦᠨ  ᠳᠤ ᠲᠣᠬᠢᠷᠠᠬᠤ ᠺᠠᠷᠲ 》 ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠡᠮᠬᠢᠯᠡᠵᠦ᠂ ᠰᠦᠯᠵᠢᠶᠡᠨ ᠳᠡᠭᠡᠷ᠎ᠡ ᠲᠥᠪᠯᠡᠷᠡᠭᠦᠯᠦᠨ ᠢᠯᠡ ᠨᠡᠶᠢᠲᠡᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠪᠡᠯᠡ ᠮᠥᠩᠭᠦ ᠶᠢᠨ ᠡᠬᠡ ᠳᠠᠩᠰᠠ ᠪᠠᠶᠢᠭᠤᠯᠬᠤ ᠶᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ 2017 — 2018 ᠣᠨ ᠲᠥᠪ᠂ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠡᠳ᠋ ᠤᠨ ᠵᠠᠰᠠᠭ ᠣᠨ ᠨᠥᠬᠦᠪᠥᠷᠢ ᠶᠢᠨ ᠪᠡᠯᠡ ᠮᠥᠩᠭᠦ ᠶᠢᠨ ᠬᠡᠪᠴᠢᠶ᠎ᠡ ᠪᠣᠯᠤᠨ ᠬᠠᠮᠢᠶᠠᠷᠴᠤ ᠬᠡᠷᠡᠭᠯᠡᠵᠦ ᠲᠠᠷᠬᠠᠭᠠᠭᠰᠠᠨ ᠪᠠᠶᠢᠳᠠᠯ ᠢ ᠡᠮᠬᠢᠯᠡᠬᠦ ᠬᠡᠷᠡᠭᠲᠡᠶ᠃    ( ᠭᠤᠷᠪᠠ ) ᠬᠢᠨᠠᠨ ᠪᠣᠳᠣᠬᠤ ᠲᠣᠪᠴᠢᠶ᠎ᠠ᠃ ᠡᠳ᠋ ᠤᠨ ᠵᠠᠰᠠᠭ ᠣᠨ ᠲᠣᠪᠴᠢᠶ᠎ᠠ ᠲᠠᠢ ᠬᠠᠮᠵᠢᠯᠴᠠᠨ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ᠃ ᠳᠡᠭᠡᠰᠦ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ᠂ ᠲᠥᠷᠦ ᠶᠢᠨ ᠪᠣᠳᠣᠯᠭ᠎ᠠ ᠶᠢᠨ ᠴᠢᠬᠤᠯᠠ ᠵᠦᠶᠯ ᠢ ᠡᠵᠡᠮᠰᠢᠵᠦ᠂ ᠵᠦᠶ ᠵᠣᠬᠢᠰᠲᠠᠶ ᠰᠠᠨᠠᠭᠤᠯᠭ᠎ᠠ ᠳᠤᠷᠠᠳᠤᠨ᠎ᠠ ; ᠡᠳ᠋ ᠤᠨ ᠵᠠᠰᠠᠭ ᠣᠨ ᠲᠣᠪᠴᠢᠶ᠎ᠠ ᠶᠢ ᠬᠠᠮᠵᠢᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠵᠦ᠂ ᠠᠰᠠᠭᠤᠳᠠᠯ ᠤᠨ ᠣᠷᠣᠰᠢᠵᠤ ᠪᠠᠶᠭ᠎ᠠ ᠰᠢᠯᠲᠠᠭᠠᠨ ᠢ ᠭᠦᠨᠵᠡᠭᠡᠶ ᠵᠠᠳᠠᠯᠤᠨ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃                                             2019 ᠣᠨ 5 ᠰᠠᠷ᠎ᠠ ᠶᠢᠨ 20 ᠤ ᠡᠳᠦᠷ    ᠲᠦᠴᠢᠦᠸᠠᠨ ᠰᠢᠶᠠᠨ ᠤ ᠠᠷᠠᠳ ᠤᠨ ᠵᠠᠰᠠᠭ ᠣᠨ ᠣᠷᠳᠣᠨ ᠤ ᠠᠯᠪᠠᠨ ᠭᠡᠷ 2019 ᠣᠨ 5 ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号