ᠦᠨᠳᠦᠰᠦᠨ ᠱᠠᠳᠦᠨ ᠳᠠᠬᠢ ︽ᠤᠯᠠᠭᠠᠨᠮᠥ᠋ᠴᠢᠷ +︾ ᠤᠨ ᠦᠢᠯᠡᠴᠢᠯᠡᠭᠡ
ᠨᠡᠶᠢᠲᠡᠯᠡᠭᠰᠡᠨ ᠴᠠᠭ᠄
2020/12/11
    ᠡᠨᠡ ᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠭᠤᠷᠪᠠᠳᠠᠬᠢ ᠵᠢᠯ ᠪᠣᠯᠤᠨ᠎ᠠ᠃ ᠭᠤᠷᠪᠠᠨ ᠵᠢᠯ ᠤᠨ ᠡᠮᠦᠨᠡᠬᠢ ᠶᠡᠷᠦᠩᠬᠡᠶ ᠱᠦᠵᠢ ᠶᠢᠨ ᠤᠯᠠᠭᠠᠨᠮᠥ᠋ᠴᠢᠷ ᠤᠨ ᠭᠡᠰᠢᠭᠦᠳ ᠲᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠤᠳᠤᠬᠠᠨ ᠳᠤ ᠮᠦᠨ ᠬᠦ ᠨᠢᠳᠦᠨ ᠡᠮᠦᠨ᠎ᠡ ᠢᠯᠡᠷᠡᠬᠦ‍ ᠰᠢᠭ ᠰᠠᠨᠠᠬᠳᠠᠨ᠎ᠠ᠃ 11 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠬᠤᠷᠴᠢᠨ ᠪᠠᠷᠡᠭᠤᠨ ᠭᠠᠷᠣᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠡᠮᠨᠡᠯᠭᠡ ᠶᠢᠨ ᠬᠤᠷᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ ᠵᠡᠷᠭᠡ ᠨᠢᠭᠡᠴᠡ ᠲᠠᠢ ᠬᠠᠮᠲᠤᠷᠠᠵᠤ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠬᠦᠨᠵᠡᠭᠡᠶᠢᠷᠡᠬᠦ ︾ ᠭᠤᠤᠯ ᠰᠡᠳᠦᠪᠳᠣ ᠦᠨᠳᠦᠰᠦᠨ ᠱᠠᠳᠦ ᠪᠠᠷ ᠬᠦᠨᠵᠡᠬᠡᠶᠢᠷᠡᠬᠦ ᠶᠡᠷᠦᠩᠬᠡᠢ ᠣᠶᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠥᠭᠰᠠᠨ ᠪᠠᠶᠢᠨ᠎ᠠ᠃ ᠮᠠᠨᠵᠣᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠳᠤ᠂ ᠮᠠᠨᠵᠤ ᠦᠨᠳᠦᠰᠦᠲᠡᠨ ᠤ ᠭᠠᠴᠠᠭ᠎ᠠ ᠪᠠ ᠲᠦᠪᠳᠡᠢ ᠨᠡᠶᠢᠭᠡᠮ ᠲᠣᠭᠤᠷᠢᠭ ᠤᠨ ᠮᠠᠯᠴᠢᠨ ᠲᠠᠷᠢᠶᠠᠴᠢᠨ ᠳᠤ ᠤᠯᠠᠭᠠᠨᠮᠥ᠋ᠴᠢᠷ ᠤᠨ ᠭᠡᠰᠢᠭᠦᠳ ᠢᠷᠠᠭᠤ ᠰᠠᠶᠢᠬᠠᠨ ᠲᠠᠭᠤᠤ ᠪᠦᠵᠢᠭ ᠤᠨ ᠲᠤᠬᠯᠠᠯᠳᠠ ᠭᠠᠷᠭᠠᠵᠦ ᠦᠭᠴᠡᠢ᠃ ᠡᠬᠦᠨ ᠤ ᠬᠠᠮᠳᠤ ᠡᠮᠴᠢ ᠰᠤᠪᠢᠯᠠᠬᠴᠢ ᠨᠠᠷ ᠮᠠᠯᠴᠢᠨ ᠲᠠᠷᠢᠶᠠᠴᠢᠨ ᠳᠤ ᠪᠡᠶ᠎ᠡ ᠶᠢᠨ ᠪᠠᠶᠢᠴᠠᠭᠠᠯᠲᠠ ᠬᠢᠵᠦ ᠦᠭᠭᠦᠨ᠂ ᠬᠠᠤᠯᠢ ᠴᠠᠭᠠᠵᠠ ᠶᠢᠨ ᠠᠵᠢᠯᠳᠠᠨ ᠨᠠᠷ ᠬᠠᠤᠯᠢ ᠲᠦᠷᠢᠮ ᠤᠨ ᠮᠡᠳᠡᠯᠬᠡ᠂ ᠲᠠᠷᠢᠶᠠᠯᠠᠩ ᠮᠠᠯ ᠠᠵᠦ ᠠᠬᠤᠢ ᠶᠢᠨ ᠠᠵᠢᠯᠳᠠᠨ ᠠᠴᠠ ᠲᠠᠷᠢᠶᠠᠯᠠᠩ ᠮᠠᠯ ᠠᠵᠦ ᠠᠬᠤᠢ ᠶᠢᠨ ᠲᠤᠬᠠᠢ ᠮᠡᠳᠡᠯᠭᠡ ᠶᠢ ᠤᠬᠠᠭᠤᠯᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号