ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ᠄ ︽ᠠᠳᠠᠯᠢ ᠲᠦᠷᠦᠯ ᠤᠨ ᠵᠦᠢᠯ ︾ ᠢ ᠨᠡᠶᠢᠳᠡᠯᠡᠬᠦᠯᠵᠦ ᠬᠢᠨᠠᠨ ᠵᠦᠪᠰᠢᠶᠡᠷᠡᠬᠦ ᠦᠷ᠎ᠠ ᠪᠦᠳᠦᠮᠵᠢ ᠶᠢ ᠲᠡᠭᠡᠭᠰᠢᠯᠡᠬᠦᠯᠦᠨ᠎ᠠ
ᠨᠡᠶᠢᠲᠡᠯᠡᠭᠰᠡᠨ ᠴᠠᠭ᠄
2020/12/11
    ᠡᠨᠡ ᠵᠢᠯ ᠠᠴᠠ ᠨᠠᠭᠠᠰᠢ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠵᠢᠴᠢ ᠠᠶᠢᠮᠠᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠲᠤᠭᠤᠢᠢᠯᠠᠩ ᠤᠨ ᠵᠦᠪ ᠤᠨᠤᠴᠠᠳᠠᠢ ᠤᠳᠤᠷᠢᠳᠤᠯᠭ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠢᠯᠤᠭᠤᠳᠤᠯᠭ᠎ᠠ ᠲᠤᠤᠷ᠎ᠠ᠂ ᠶᠡᠭᠡ ᠬᠡᠪᠴᠢᠶᠡᠨ ᠤ ᠠᠵᠢᠯ ᠦᠷᠨᠢᠬᠦᠯᠵᠦ᠂ ᠢᠯᠡᠷᠭᠡᠢ ᠦᠷ᠎ᠠ ᠪᠦᠳᠦᠮᠵᠢ ᠤᠯᠤᠭᠰᠠᠨ ᠪᠠᠶᠢᠨ᠎ᠠ᠃     ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠥᠪ ᠴᠢᠭᠯᠡᠯ ᠢ ᠣᠨᠣᠴᠠᠲᠠᠢ ᠡᠵᠡᠮᠳᠡᠵᠦ᠂ ᠪᠦᠬᠦ ᠠᠶᠢᠮᠠᠭ ᠤᠨ ᠴᠢᠨᠠᠷ ᠰᠠᠶᠢᠲᠠᠢ ᠬᠦᠭᠵᠢᠯᠳᠡ ᠶᠢ ᠪᠡᠶᠡᠯᠡᠬᠦᠯᠬᠦ ᠳᠤ ᠬᠦᠴᠦᠨ ᠨᠡᠮᠡᠷᠢᠯᠡᠪᠡ᠃ ︽ᠬᠢᠩᠭᠠᠨ ᠠᠶᠢᠮᠠᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠬᠦ ᠲᠥᠰᠦᠯ ︾ ᠤᠨ ᠱᠠᠭᠠᠷᠳᠠᠯᠭ᠎ᠠ ᠶᠣᠰᠣ ᠪᠠᠷ᠂ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠰᠢᠯᠢᠳᠡᠭᠵᠢᠬᠦᠯᠵᠦ᠂ ᠵᠡᠷᠭᠡ ᠪᠠᠷ ᠬᠦᠢᠴᠡᠳᠭᠡᠵᠤ ᠪᠤᠯᠬᠤ ᠬᠢᠨᠠᠨ ᠵᠦᠪᠰᠢᠶᠡᠷᠡᠬᠦ ᠵᠦᠢᠯᠡᠰ ᠢ ᠨᠡᠶᠢᠯᠡᠬᠦᠯᠵᠦ᠂ ᠲᠡᠭᠡᠭᠰᠢ ᠲᠤᠰᠢᠶᠠᠬᠤ ᠮᠠᠲ᠋ᠧᠷᠢᠶᠠᠯ ᠢ ᠲᠦᠬᠦᠮᠴᠢᠯᠡᠨ᠂ ᠡᠯ᠎ᠠ ᠬᠢᠨᠠᠨ ᠵᠦᠪᠰᠢᠶᠡᠷᠡᠬᠦ ᠭᠤᠭᠴᠤᠭ᠎ᠠ ᠶᠢ ᠲᠦᠷᠭᠡᠳᠭᠡᠨ ᠦᠷ᠎ᠠ ᠪᠦᠳᠦᠮᠵᠢ ᠶᠢ ᠲᠡᠭᠡᠭᠰᠢᠯᠡᠬᠦᠯᠪᠡ᠃     ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠤᠷᠢᠳᠴᠢᠯᠡᠨ ᠬᠢᠨᠠᠬᠤ ᠪᠠ ᠭᠠᠵᠠᠷ ᠰᠤᠩᠭᠤᠬᠤ ᠰᠠᠨᠠᠭᠤᠯᠭ᠎ᠠ ᠶᠢᠨ ᠪᠢᠴᠢᠭ ᠢ 10 ᠠᠵᠢᠯᠯᠠᠬᠤ ᠡᠳᠦᠷ ᠠᠴᠠ ᠬᠡᠳᠦᠷᠡᠬᠦᠯᠬᠦ ᠦᠭᠡᠢ ᠪᠤᠯᠭᠠᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ 5 ᠠᠵᠢᠯᠯᠠᠬᠤ ᠡᠳᠦᠷ ᠠᠴᠠ ᠬᠡᠳᠦᠷᠡᠬᠦᠯᠬᠦ ᠦᠭᠡᠢ ᠪᠤᠯᠭᠠᠪᠠ᠃ ᠡᠬᠦᠨ ᠤ ᠬᠠᠮᠳᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ ᠬᠤᠰᠢᠭᠤ ᠰᠢᠶᠠᠨ ᠬᠤᠳᠠ ᠶᠢᠨ ᠬᠢᠨᠠᠨ ᠵᠦᠪᠰᠢᠶᠡᠷᠡᠬᠦ ᠠᠵᠢᠯ ᠤᠨ ᠵᠢᠯᠤᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠦ᠂ ᠬᠢᠨᠠᠨ ᠵᠦᠪᠰᠢᠶᠡᠷᠡᠬᠦ ᠦᠷ᠎ᠠ ᠠᠰᠢᠭ ᠢ ᠲᠡᠭᠡᠭᠰᠢᠯᠡᠬᠦᠯᠦᠭᠰᠠᠨ ᠪᠠᠶᠢᠨ᠎ᠠ᠃ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠨᠢ ᠤᠯᠠᠨ ᠬᠢᠨᠠᠨ ᠵᠦᠪᠰᠢᠶᠡᠷᠡᠬᠦ ᠪᠠᠶᠢᠭᠤᠯᠭ᠎ᠠ ᠲᠠᠢ ᠬᠤᠯᠪᠤᠭᠳᠠᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠰ ᠤᠯᠠᠨ᠂ ᠬᠢᠨᠠᠨ ᠵᠦᠪᠰᠢᠶᠡᠷᠡᠬᠦ ᠠᠯᠬᠤᠮ ᠶᠠᠪᠤᠴᠠ ᠤᠳᠠᠭᠠᠨ᠂ ᠲᠡᠭᠡᠭᠰᠢ ᠮᠡᠳᠡᠬᠦᠯᠬᠦ ᠮᠠᠲ᠋ᠧᠷᠢᠶᠠᠯ ᠨᠠᠷᠢᠨ ᠪᠤᠳᠤᠯᠢᠶᠠᠨᠳᠠᠢ ᠵᠡᠷᠭᠡ ᠦᠵᠡᠭᠳᠡᠯ ᠤᠷᠤᠰᠢᠵᠦ ᠪᠠᠶᠢᠪᠠᠯ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ ᠠᠴᠠ ᠢᠨᠵᠧᠨᠧᠷᠢᠩ ᠤᠨ ᠪᠠᠶᠢᠭᠤᠯᠤᠯᠳᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠦᠭᠡᠷᠡᠴᠢᠯᠡᠯᠳᠡ ᠶᠢ ᠠᠬᠢᠭᠤᠯᠵᠦ᠂ ᠲᠦᠯᠦᠪᠵᠢᠬᠦᠯᠭᠡ ᠪᠠ ᠭᠠᠵᠠᠷ ᠰᠢᠷᠤᠢ ᠬᠡᠷᠡᠭᠯᠡᠬᠦ ᠲᠠᠯ᠎ᠠ ᠪᠠᠷ ᠬᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠪᠤᠳᠠᠳᠦ ᠦᠷ᠎ᠠ ᠪᠦᠳᠦᠮᠵᠢ ᠤᠯᠵᠦ ᠪᠤᠢ᠃      ᠲᠦᠯᠦᠪᠵᠢᠬᠦᠯᠭᠡ ᠶᠢᠨ ᠬᠠᠶ᠋ᠢᠭ ᠰᠤᠩᠭᠤᠬᠤ ᠪᠠ ᠬᠡᠷᠡᠭᠯᠡᠬᠦ ᠭᠠᠵᠠᠷ ᠢ ᠤᠷᠢᠳᠴᠢᠯᠡᠨ ᠬᠢᠨᠠᠬᠤ ᠶᠢ ᠨᠡᠶᠢᠯᠡᠬᠦᠯᠪᠡ ᠃ ︽ᠬᠢᠩᠭᠠᠨ ᠠᠶᠢᠮᠠᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠬᠦ ᠲᠥᠰᠦᠯ ︾ ᠤᠨ ᠱᠠᠭᠠᠷᠳᠠᠯᠭ᠎ᠠ ᠶᠤᠰᠤ ᠪᠠᠷ᠂ ᠤᠳᠤᠬᠠᠨ ᠪᠤᠯᠳᠠᠯ᠎ᠠ ᠮᠠᠨ ᠤ ᠠᠶᠢᠮᠠᠭ ᠤᠨ ᠵᠢᠷᠭᠤᠭᠠᠨ ᠬᠤᠰᠢᠭᠤ ᠰᠢᠶᠠᠨ ᠬᠤᠳᠠ ᠪᠦᠬᠦᠨ ᠢᠶᠠᠷ ᠢᠶᠠᠨ ᠲᠦᠯᠦᠪᠵᠢᠬᠦᠯᠭᠡ ᠶᠢᠨ ᠬᠠᠶ᠋ᠢᠭ ᠰᠤᠩᠭᠤᠬᠤ ᠪᠠ ᠬᠡᠷᠡᠭᠯᠡᠬᠦ ᠭᠠᠵᠠᠷ ᠢ ᠤᠷᠢᠳᠴᠢᠯᠡᠨ ᠬᠢᠨᠠᠬᠤ ᠶᠢ ᠨᠡᠶᠢᠯᠡᠬᠦᠯᠦᠨ ᠨᠢᠭᠡ ᠲᠦᠷᠦᠯ ᠤᠨ ᠬᠢᠨᠠᠨ ᠵᠦᠪᠰᠢᠶᠡᠷᠡᠬᠦ ᠵᠦᠢᠯ ᠪᠤᠯᠭᠠᠵᠦ᠂ ᠨᠢᠭᠡ ᠬᠤᠪᠢ ᠤᠴᠢᠷ ᠶᠠᠪᠤᠳᠠᠯ ᠬᠦᠢᠴᠡᠳᠭᠡᠬᠦ ᠵᠦᠭᠯᠡᠬᠦᠷ᠂ ᠨᠢᠭᠡ ᠬᠠᠭᠤᠳᠠᠰᠦ ᠭᠤᠶᠤᠴᠢᠯᠠᠯ ᠤᠨ ᠬᠦᠰᠦᠨᠦᠭᠳᠦ᠂ ᠨᠢᠭᠡ ᠢᠵᠢ ᠭᠤᠶᠤᠴᠢᠯᠠᠯ ᠤᠨ ᠮᠠᠲ᠋ᠧᠷᠢᠶᠠᠯ ᠤᠨ ᠬᠡᠪ ᠵᠠᠬᠪᠤᠷ ᠢ ᠬᠡᠷᠡᠭᠵᠢᠭᠦᠯᠵᠦ᠂ ᠨᠢᠭᠡ ᠶᠠᠪᠤᠴᠠ ᠪᠠᠷ ᠬᠦᠢᠴᠡᠳᠭᠡᠵᠦ᠂ ᠨᠢᠭᠡ ᠤᠳᠠᠭ᠎ᠠ ᠶᠢᠨ ᠴᠢᠨᠠᠷᠳᠠᠢ ᠪᠠᠷ ᠭᠡᠷᠡᠴᠢ ᠪᠢᠴᠢᠭ ᠭᠠᠷᠭᠠᠵᠦ ᠦᠭᠬᠦ ᠪᠤᠯᠪᠠ᠃      ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠪᠠ ᠭᠠᠵᠠᠷ ᠰᠢᠷᠤᠢ ᠬᠡᠷᠡᠭᠯᠡᠬᠦ ᠵᠦᠪᠰᠢᠶᠡᠷᠡᠯ ᠢ ᠨᠡᠶᠢᠯᠡᠬᠦᠯᠪᠡ᠃ ︽ᠤᠯᠠᠨ ᠲᠦᠯᠦᠪᠵᠢᠬᠦᠯᠭᠡ ᠶᠢ ᠨᠢᠭᠡᠳᠭᠡᠬᠦ ︾ ᠰᠠᠭᠤᠷᠢᠨ ᠲᠡᠭᠡᠷ᠎ᠠ ᠲᠦᠯᠦᠪᠵᠢᠬᠦᠯᠭᠡ ᠶᠢᠨ ᠭᠠᠵᠠᠷ ᠰᠢᠷᠤᠢ ᠬᠡᠷᠡᠭᠯᠡᠬᠦ ︽ᠤᠯᠠᠨ ᠬᠢᠨᠠᠨ ᠬᠠᠷᠭᠤᠭᠤᠯᠬᠤ ᠶᠢ ᠨᠢᠭᠡᠳᠭᠡᠬᠦ ︾᠂ ︽ᠤᠯᠠᠨ ᠦᠨᠡᠮᠯᠡᠯ ᠢ ᠨᠢᠭᠡᠳᠭᠡᠬᠦ ︾ ᠶᠢ ᠠᠬᠢᠭᠤᠯᠬᠤ ᠱᠠᠭᠠᠷᠳᠠᠯᠭ᠎ᠠ ᠶᠤᠰᠤᠭᠠᠷ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠲᠦᠯᠦᠪᠵᠢᠬᠦᠯᠭᠡ ᠶᠢᠨ ᠦᠨᠡᠮᠯᠡᠯ ᠤᠨ ᠪᠢᠴᠢᠭ ᠪᠠ ᠬᠡᠷᠡᠭᠯᠡᠬᠦ ᠭᠠᠵᠠᠷ ᠰᠢᠷᠤᠢ ᠶᠢᠨ ᠵᠦᠪᠰᠢᠶᠡᠷᠡᠯ ᠤᠨ ᠪᠢᠴᠢᠭ ᠢ ᠨᠢᠭᠡᠳᠭᠡᠨ ᠨᠢᠭᠡ ᠤᠴᠢᠷ ᠶᠠᠪᠤᠳᠠᠯ ᠪᠤᠯᠭᠠᠨ ᠨᠡᠶᠢᠯᠡᠬᠦᠯᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠲᠦᠯᠦᠪᠵᠢᠬᠦᠯᠭᠡ ᠶᠢᠨ ᠰᠢᠨ᠎ᠡ ᠵᠦᠪᠰᠢᠶᠡᠷᠡᠯ ᠤᠨ ᠦᠨᠡᠮᠯᠡᠯ ᠢ ᠨᠢᠭᠡᠳᠦᠯᠳᠡᠢ ᠬᠢᠨᠠᠨ ᠲᠠᠷᠬᠠᠭᠠᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号