ᠪᠦᠬᠦ ᠠᠶᠢᠮᠠᠭ ᠤᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2020/12/11
      11 ᠰᠠᠷ᠎ᠠ ᠶᠢᠨ 4 ᠤ ᠡᠳᠦᠷ᠂ ᠪᠦᠬᠦ ᠠᠶᠢᠮᠠᠭ ᠤᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠲᠧᠯᠸᠢᠰ ᠤᠳᠠᠰᠦᠳᠦ ᠬᠤᠷᠠᠯ ᠬᠤᠷᠠᠯᠳᠤᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠦᠬᠡ ᠬᠤᠷᠠᠯ ᠢ ᠡᠷᠭᠢᠯᠡᠵᠦ ᠶᠠᠷᠢᠶ᠎ᠠ ᠲᠠᠯᠪᠢᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠨᠠᠮ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠢᠯᠠᠯᠲᠠ ᠶᠢᠨ ᠡᠷᠴᠢᠨ ᠳᠤ ᠪᠠᠨ ᠪᠠᠶᠢᠬᠤ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤᠳᠠᠯ ᠦᠭᠡᠢ ᠡᠬᠢᠯᠡᠬᠦ ᠭᠡᠵᠦ ᠪᠠᠶᠢᠭ᠎ᠠ ᠴᠢᠬᠤᠯᠠ ᠲᠡᠤᠬᠡᠨ ᠴᠠᠭ ᠮᠥᠴᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠤᠯᠬᠤ ᠮᠦᠷᠳᠡᠬᠡᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠪᠦᠬᠦ ᠲᠠᠯ᠎ᠠ ᠶᠢᠨ ᠴᠢᠨᠠᠷᠲᠠᠶ᠂ ᠲᠡᠤᠬᠡᠲᠦ ᠠᠴᠢ ᠬᠤᠯᠪᠣᠭᠳᠠᠯ ᠲᠠᠢ ᠬᠤᠷᠠᠯ ᠮᠥᠨ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠳᠤᠭᠤᠰᠢᠯᠠᠭᠤᠯᠬᠤ ᠪᠣᠯ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠤ ᠳᠡᠷᠢᠭᠦᠨ ᠴᠢᠬᠤᠯᠠ ᠡᠭᠦᠷᠭᠡ ᠮᠥᠨ᠃ ᠪᠦᠬᠦ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠯᠲᠠ ᠪᠠᠨ ᠦᠨᠳᠦᠷᠵᠢᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠳᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠨᠣᠯ ᠤᠨ ᠰᠤᠷᠤᠯᠴᠠᠯᠭ᠎ᠠ ᠪᠠ ᠰᠤᠳᠤᠯᠭᠠᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠤᠬᠠᠭᠤᠯᠭ᠎ᠠ ᠪᠠ ᠤᠳᠬ᠎ᠠ ᠤᠷᠠᠯᠢᠭ ᠤᠨ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠦᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠶᠢ ᠪᠦᠭᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠬᠦᠴᠦᠨ ᠢᠶᠠᠨ ᠲᠥᠪᠯᠡᠷᠡᠭᠦᠯᠵᠦ᠂ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠨ᠂ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠦᠵᠡᠯ ᠰᠠᠨᠠᠭᠠᠨ ᠤ ᠪᠠᠳᠤᠯᠠᠭ᠎ᠠ ᠪᠣᠯᠤᠨ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠨᠭ᠍ᠭᠠᠬᠤ ᠬᠡᠷᠡᠭᠳᠡᠢ ᠭᠡᠵᠡᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号