ᠮᠠᠨ ᠤ ᠠᠶᠢᠮᠠᠬ ᠠᠷᠠᠳ ᠢᠷᠭᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠡᠪ ᠴᠢᠨᠠᠷ ᠤᠨ ᠤᠷᠤᠯᠳᠤᠭᠠᠨ ᠶᠠᠪᠤᠭᠤᠯᠵᠠᠢ
ᠨᠡᠶᠢᠲᠡᠯᠡᠭᠰᠡᠨ ᠴᠠᠭ᠄
2020/12/11
    ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ᠂ ︽ᠪᠦᠬᠦ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠡᠪ ᠴᠢᠨᠠᠷ ᠤᠨ ᠠᠵᠢᠯᠯᠠᠭᠠᠨ ᠤ ᠲᠦᠯᠦᠪᠯᠡᠭᠡ ᠶᠢᠨ ᠬᠦᠳᠦᠯᠪᠦᠷᠢ ︾ ᠶᠢ ᠬᠦᠨᠵᠡᠭᠡᠢ ᠨᠠᠶᠢᠳᠠᠪᠤᠷᠢᠵᠢᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠡᠷᠭᠢᠮᠯᠡᠭᠰᠡᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠤᠯᠬᠤ ᠵᠢᠴᠢ ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠬᠠᠨᠭ᠍ᠭᠠᠬᠤ ᠠᠬᠢᠴᠠ ᠶᠢ ᠲᠦᠷᠭᠡᠳᠬᠡᠭᠦ ᠪᠠᠷ᠂ 11 ᠰᠠᠷ᠎ᠠ ᠶᠢᠨ 13 ᠤ ᠦᠳᠡ ᠶᠢᠨ ᠬᠤᠶᠢᠨ᠎ᠠ᠂ ᠠᠶᠢᠮᠠᠬ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠤᠯᠤᠨ ᠬᠢᠨᠭ᠍ᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠳᠤᠷᠠᠨ ︽2020 ᠤᠨ ᠤ ᠪᠦᠬᠦ ᠠᠶᠢᠮᠠᠬ ᠤᠨ ᠠᠷᠠᠳ ᠢᠷᠭᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠡᠪ ᠴᠢᠨᠠᠷ ᠤᠨ ᠤᠷᠤᠯᠳᠤᠭᠠᠨ ︾ ᠶᠠᠪᠤᠬᠳᠠᠭᠤᠯᠤᠬᠰᠠᠨ ᠪᠠᠶᠢᠨ᠎ᠠ᠃     ᠤᠷᠤᠯᠳᠤᠭᠠᠨ ᠤ ᠠᠬᠤᠢ ᠳᠠᠯᠠᠪᠤᠷ ᠲᠤ᠂ ᠡᠯ᠎ᠠ ᠬᠤᠰᠢᠭᠤ ᠰᠢᠶᠠᠨ ᠬᠤᠳᠠ ᠶᠢᠨ ᠲᠦᠯᠦᠭᠡᠯᠡᠭᠴᠢ ᠠᠩᠬᠢ ᠪᠤᠯᠤᠨ ᠬᠢᠨᠭ᠍ᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠦᠯᠦᠭᠡᠯᠡᠭᠴᠢ ᠠᠩᠬᠢ ᠶᠢᠨ ᠭᠡᠰᠢᠬᠦᠳ ᠤᠢ ᠤᠬᠠᠭᠠᠨ ᠢᠶᠠᠨ ᠰᠢᠪᠬᠠᠨ᠂ ᠬᠦᠴᠦᠨ ᠴᠢᠳᠡᠯ ᠢᠶᠠᠨ ᠬᠠᠮᠳᠤᠳᠬᠠᠨ ᠡᠯ᠎ᠠ ᠭᠤᠬᠴᠤᠭ᠎ᠠ ᠶᠢᠨ ᠬᠤᠷᠴᠨ ᠰᠢᠷᠦᠬᠦᠨ ᠤᠷᠤᠯᠳᠤᠭᠠᠨ ᠢ ᠦᠡᠭᠭᠡᠷᠡᠬᠦᠯᠵᠦ᠂ ᠤᠢ ᠪᠢᠯᠢᠭ ᠢᠶᠠᠨ ᠤᠯᠠᠨ᠎ᠠ ᠭᠠᠶᠢᠬᠠᠭᠤᠯᠪᠡ᠃ ᠳᠤᠰ ᠤᠳᠠᠭᠠᠨ ᠤ ᠤᠷᠤᠯᠳᠤᠭᠠᠨ ᠤ ᠰᠡᠳᠦᠪ ᠤᠨ ᠠᠭᠤᠯᠭ᠎ᠠ ᠨᠢ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠡᠯ᠎ᠠ ᠬᠦᠷᠢᠶ᠎ᠠ ᠬᠡᠪᠴᠢᠶ᠎ᠠ ᠲᠠᠢ ᠬᠤᠯᠪᠤᠬᠳᠠᠵᠦ᠂ ᠰᠢᠨᠵᠢᠯᠡᠬᠦ ᠤᠬᠠᠭᠠᠨᠴᠢ ᠵᠤᠷᠢᠬ ᠰᠠᠨᠠᠭ᠎ᠠ ᠶᠢ ᠬᠦᠢᠴᠡᠳ ᠪᠠᠳᠠᠷᠠᠭᠤᠯᠤᠬᠰᠠᠨ ᠪᠠᠶᠢᠨ᠎ᠠ ᠃ ᠬᠡᠭᠦ ᠮᠦᠷᠳᠡᠭᠡᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠵᠤ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠨᠡᠶᠢᠭᠡᠮ ᠳᠠᠶᠠᠭᠠᠷ ᠲᠤ ︽ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ︾ ᠬᠠᠯᠠᠭᠤᠨ ᠥᠷᠨᠢᠯᠲᠡ ᠭᠠᠷᠭᠠᠵᠤ᠂ ᠮᠠᠨ ᠤ ᠠᠶᠢᠮᠠᠭ ᠤᠨ ᠠᠷᠠᠳ ᠢᠷᠭᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢ ᠠᠬᠢᠭᠤᠯᠵᠤ᠂ ᠪᠦᠬᠦ ᠠᠶᠢᠮᠠᠬ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠨᠳᠦ ᠴᠢᠬᠤᠯᠠ ᠠᠴᠢ ᠬᠤᠯᠪᠤᠬᠳᠠᠯ ᠦᠵᠡᠬᠦᠯᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号