ᠮᠠᠨ ᠤ ᠠᠶᠢᠮᠠᠭ ︽ᠭᠠᠯ ᠰᠡᠷᠬᠡᠶᠢᠯᠡᠵᠤ ᠤᠨᠳᠠᠷᠠᠭᠠᠬᠤ ᠶᠢ ᠠᠩᠬᠠᠷᠴᠥ ᠠᠮᠢ ᠨᠠᠰᠥ ᠡᠷᠬᠢᠮ ᠳᠡᠭᠡᠳᠥ ︾ ᠭᠡᠬᠦ ᠭᠤᠤᠯ ᠰᠡᠳᠥᠪᠳᠥ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/12/11
     11 ᠰᠠᠷ᠎ᠠ ᠶᠢᠨ 9 ᠤ ᠡᠳᠥᠷ ᠪᠤᠯ ᠪᠦᠬᠦ ᠤᠯᠤᠰ ᠤᠨ ︽119 ᠭᠠᠯ ᠰᠡᠷᠬᠡᠶᠢᠯᠡᠵᠤ ᠤᠨᠳᠠᠷᠠᠭᠠᠬᠤ ᠡᠳᠥᠷ ︾ ᠪᠤᠯᠤᠨ᠎ᠠ᠃ ᠦᠴᠥᠭᠡᠳᠥᠷ ᠦᠳᠡ ᠶᠢᠨ ᠡᠮᠥᠨ᠎ᠡ᠂ ᠠᠶᠢᠮᠠᠭ ᠤᠨ ᠭᠠᠯ ᠰᠡᠷᠬᠡᠶᠢᠯᠡᠵᠤ ᠤᠨᠳᠠᠷᠠᠭᠠᠬᠤ ᠠᠮᠥᠷ ᠲᠦᠪᠰᠢᠨ ᠤ ᠵᠦᠪᠯᠡᠯ ᠠᠴᠠ ᠭᠤᠤᠯᠯᠠᠨ ᠡᠷᠬᠢᠯᠡᠵᠤ᠂ ᠤᠯᠠᠭᠠᠨᠬᠤᠳᠠ ᠶᠢᠨ ᠭᠠᠯ ᠰᠡᠷᠬᠡᠶᠢᠯᠡᠵᠤ ᠤᠨᠳᠠᠷᠠᠭᠠᠬᠤ ᠵᠦᠪᠯᠡᠯ ᠠᠴᠠ ᠳᠠᠭᠠᠭᠠᠴᠢᠯᠠᠨ ᠡᠷᠬᠢᠯᠡᠭᠰᠡᠨ ︽ᠭᠠᠯ ᠰᠡᠷᠬᠡᠶᠢᠯᠡᠵᠤ ᠤᠨᠳᠠᠷᠠᠭᠠᠬᠤ ᠶᠢ ᠠᠩᠬᠠᠷᠴᠥ ᠠᠮᠢ ᠨᠠᠰᠥ ᠡᠷᠬᠢᠮ ᠳᠡᠭᠡᠳᠥ ︾ ᠭᠡᠬᠦ ᠭᠤᠤᠯ ᠰᠡᠳᠥᠪᠳᠥ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠯᠠᠭᠠᠨᠬᠤᠳᠠ ᠳᠤ ᠶᠠᠪᠤᠭᠳᠠᠵᠤ᠂ ᠭᠠᠯ ᠰᠡᠷᠬᠡᠶᠢᠯᠡᠵᠤ ᠤᠨᠳᠠᠷᠠᠭᠠᠬᠤ ᠠᠵᠢᠯ ᠤᠨ ᠳᠤᠬᠠᠢ ᠵᠦᠪ ᠦᠵᠡᠯᠳᠡ ᠲᠠᠨᠢᠯᠳᠠ ᠂ ᠵᠦᠪ ᠤᠢᠢᠯᠠᠭᠠᠭᠳᠠᠬᠤᠨ ᠢ ᠤᠯᠠᠮ ᠬᠦᠨᠵᠡᠬᠡᠢ ᠠᠬᠢᠭᠤᠯᠤᠭᠰᠠᠨ ᠪᠠᠶᠢᠨ᠎ᠠ᠃     ᠤᠢᠢᠷ᠎ᠠ ᠶᠢᠨ ᠵᠢᠯ ᠳᠤ᠂ ᠮᠠᠨ ᠤ ᠠᠶᠢᠮᠠᠭ ᠰᠢ ᠶᠢᠨ ᠫᠢᠩ ᠶᠡᠷᠥᠩᠬᠡᠢ ᠱᠦᠵᠢ ᠶᠢᠨ ᠭᠠᠯ ᠰᠡᠷᠬᠡᠶᠢᠯᠡᠵᠤ ᠤᠨᠳᠠᠷᠠᠭᠠᠬᠤ ᠠᠵᠢᠯ ᠤᠨ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠥᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠥᠨ᠂ ᠠᠮᠥᠷ ᠲᠦᠪᠰᠢᠨ ᠬᠦᠭᠵᠢᠯᠳᠡ ᠶᠢᠨ ᠳᠤᠬᠠᠢ ᠤᠢᠢᠯᠠᠭᠠᠭᠳᠠᠬᠤᠨ ᠢ ᠪᠤᠢ ᠪᠤᠯᠭᠠᠵᠤ᠂ ᠭᠠᠯ ᠰᠡᠷᠬᠡᠶᠢᠯᠡᠵᠤ ᠤᠨᠳᠠᠷᠠᠭᠠᠬᠤ ᠳᠤᠬᠠᠢ ᠤᠬᠠᠭᠤᠯᠭ᠎ᠠ ᠶᠢ ᠴᠢᠩᠭᠠᠳᠬᠠᠨ᠂ ᠡᠩᠨᠡᠭᠡ ᠶᠢᠨ ᠪᠠᠶᠢᠭᠤᠯᠤᠯᠳᠠ ᠪᠤᠯᠤᠨ ᠰᠠᠭᠤᠷᠢ ᠲᠦᠬᠦᠭᠡᠷᠥᠮᠵᠢ ᠶᠢᠨ ᠪᠠᠶᠢᠭᠤᠯᠤᠯᠳᠠ ᠪᠠᠨ ᠪᠦᠬᠦ ᠳᠠᠯ᠎ᠠ ᠪᠠᠷ ᠴᠢᠩᠭᠠᠳᠬᠠᠵᠦ᠂ ᠭᠠᠯ ᠰᠡᠷᠬᠡᠶᠢᠯᠡᠵᠤ ᠤᠨᠳᠠᠷᠠᠭᠠᠬᠤ ᠠᠪᠤᠷᠠᠯᠳᠠ ᠶᠢᠨ ᠠᠵᠢᠯ ᠤᠨ ᠬᠢᠷᠢ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠥᠨ᠂ ᠪᠦᠬᠦ ᠠᠶᠢᠮᠠᠭ ᠤᠨ ᠭᠠᠯ ᠰᠡᠷᠬᠡᠶᠢᠯᠡᠵᠤ ᠤᠨᠳᠠᠷᠠᠭᠠᠬᠤ ᠠᠪᠤᠷᠠᠯᠳᠠ ᠶᠢᠨ ᠠᠵᠢᠯ ᠤᠨ ᠲᠠᠯ᠎ᠠ ᠪᠠᠷ ᠲᠤᠪᠤᠶᠢᠮ᠎ᠠ ᠬᠢᠷᠢ ᠪᠦᠳᠥᠮᠵᠢ ᠤᠯᠤᠭᠰᠠᠨ ᠪᠠᠶᠢᠨ᠎ᠠ᠃      ᠡ᠊ ᠨᠡ ᠵᠢᠯ ᠤᠨ ᠭᠠᠯ ᠰᠡᠷᠬᠡᠶᠢᠯᠡᠵᠤ ᠤᠨᠳᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠨᠢ ︽ᠭᠠᠯ ᠰᠡᠷᠬᠡᠶᠢᠯᠡᠵᠤ ᠤᠨᠳᠠᠷᠠᠭᠠᠬᠤ ᠶᠢ ᠠᠩᠬᠠᠷᠴᠥ ᠠᠮᠢ ᠨᠠᠰᠥ ᠡᠷᠬᠢᠮ ᠳᠡᠭᠡᠳᠥ ︾ ᠭᠡᠬᠦ ᠭᠤᠤᠯ ᠰᠡᠳᠥᠪ ᠤᠨ ᠳᠤᠭᠤᠷᠢᠨ ᠳᠤ ᠳᠤᠬᠠᠢ ᠶᠢᠨ ᠳᠠᠯᠠᠪᠠᠢ ᠳᠤ ᠰᠤᠷᠢᠯᠳᠠ ᠶᠠᠪᠤᠭᠳᠠᠭᠤᠯᠬᠤ᠂ ᠰᠠᠶᠢᠨ ᠳᠤᠷᠠᠴᠤᠤᠯ ᠤᠳ ᠤᠬᠠᠭᠤᠯᠭ᠎ᠠ ᠬᠢᠬᠦ᠂ ᠭᠠᠯ ᠰᠡᠷᠬᠡᠶᠢᠯᠡᠵᠤ ᠤᠨᠳᠠᠷᠠᠭᠠᠬᠤ ᠠᠭᠤᠯᠭ᠎ᠠ ᠲᠠᠢ ᠦᠯᠢᠭᠡᠷ ᠬᠤᠯᠪᠤᠭ᠎ᠠ ᠶᠠᠷᠢᠬᠤ ᠵᠡᠷᠭᠡ ᠬᠡᠳᠥᠨ ᠲᠤᠮᠤ ᠠᠭᠤᠯᠭ᠎ᠠ ᠪᠦᠬᠦᠢ ᠠᠵᠢᠯᠯᠠᠭ᠎ᠠ ᠦᠷᠨᠢᠬᠦᠯᠬᠦ ᠪᠠᠷ ᠳᠠᠮᠵᠢᠨ᠂ ᠦᠷᠭᠡᠨ ᠤᠯᠠᠨ ᠲᠦᠮᠡᠨ ᠤ ᠭᠠᠯ ᠰᠡᠷᠬᠡᠶᠢᠯᠡᠵᠤ ᠤᠨᠳᠠᠷᠠᠭᠠᠬᠤ ᠳᠤᠬᠠᠢ ᠦᠵᠡᠯᠳᠡ ᠲᠠᠨᠢᠯᠳᠠ ᠶᠢ ᠳᠡᠭᠡᠭᠰᠢᠯᠡᠬᠦᠯᠥᠭᠰᠡᠨ ᠪᠠᠶᠢᠨ᠎ᠠ᠃ ᠮᠦᠨ ᠲᠤᠰ ᠠᠵᠢᠯᠯᠠᠭ᠎ᠠ ᠪᠠᠷ ᠳᠠᠮᠵᠢᠨ ᠮᠠᠨ ᠤ ᠠᠶᠢᠮᠠᠭ ᠤᠨ ᠰᠢᠨ᠎ᠠ ᠴᠠᠭ ᠦᠶ᠎ᠡ ᠶᠢᠨ ᠪᠤᠯᠪᠠᠰᠥᠨ ᠥᠢᠯᠡᠳᠥᠯᠭᠡ ᠶᠢᠨ ᠭᠠᠯ ᠰᠡᠷᠬᠡᠶᠢᠯᠡᠵᠤ ᠤᠨᠳᠠᠷᠠᠭᠠᠬᠤ ᠰᠠᠶᠢᠨ ᠳᠤᠷᠠᠴᠤᠤᠯ ᠤᠨ ᠥᠢᠯᠡᠴᠢᠯᠡᠭᠡᠨ ᠤ ᠠᠩᠬᠢ ᠶᠢ ᠪᠠᠶᠢᠭᠤᠯᠥᠨ᠂ ᠳᠤᠬᠠᠢ ᠶᠢᠨ ᠳᠠᠯᠠᠪᠠᠢ ᠳᠤ ᠲᠤᠭ ᠤᠯᠭᠤᠭᠰᠠᠨ ᠪᠠᠶᠢᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号