ᠡᠪᠡᠰᠤᠨ ᠬᠦᠷᠦᠮᠡᠯ ᠤᠨ ᠮᠡᠷᠭᠡᠵᠢᠯ ᠢᠶᠠᠷ ᠤᠷᠤᠯᠭ᠎ᠠ ᠡᠭᠦᠳᠦᠨ᠎ᠡ
ᠨᠡᠶᠢᠲᠡᠯᠡᠭᠰᠡᠨ ᠴᠠᠭ᠄
2020/12/11
   ︽ᠡᠨᠡ ᠡᠪᠤᠯ ᠪᠢ ᠪᠦ᠋ ᠶᠠᠩ ᠡᠪᠡᠰᠤᠨ ᠭᠦᠷᠦᠮᠡᠯ ᠤᠨ ᠪᠤᠯᠪᠠᠰᠤᠷᠠᠯ ᠳᠤ ᠤᠷᠤᠯᠴᠠᠭᠠᠳ ᠱᠦᠬᠦᠷ ᠬᠦᠷᠦᠬᠦ ᠮᠡᠷᠭᠡᠵᠢᠯ ᠢ ᠡᠵᠡᠮᠰᠢᠯ᠎ᠡ᠂ ᠡᠪᠤᠯ ᠤᠨ ᠰᠡᠯᠡᠭᠦᠦ ᠴᠠᠭ ᠲᠤ ᠬᠢᠬᠦ ᠠᠵᠢᠯ ᠦᠭᠡᠢ ᠰᠠᠭᠤᠬᠤ ᠪᠠᠷ ᠢᠶᠠᠨ ᠱᠦᠬᠦᠷ ᠬᠦᠷᠦᠵᠤ ᠰᠠᠭᠤᠪᠠᠯ ᠡᠳᠦᠷ ᠲᠤ 5 ᠱᠦᠭᠦᠷ ᠭᠦᠷᠦᠵᠤ᠂ ᠪᠤᠰᠢᠭᠤ ᠭᠠᠷ ᠤᠨ ᠳᠠᠪᠴᠠᠩ ᠢ ᠠᠰᠢᠭᠯᠠᠭᠠᠳ ᠨᠢᠭᠡ ᠱᠦᠬᠦᠷ ᠢ 15 ᠲᠦᠭᠦᠷᠢᠭ ᠢᠶᠠᠷ ᠬᠤᠳᠠᠯᠳᠤᠬᠤ ᠪᠠᠷ ᠪᠤᠳᠤᠪᠠᠯ ᠡᠳᠦᠷ ᠲᠤ 50 — 60 ᠲᠦᠭᠦᠷᠢᠭ ᠤᠨ ᠤᠷᠤᠯᠭ᠎ᠠ ᠤᠯᠤᠨ᠎ᠠ᠃ ᠡᠪᠡᠰᠤᠨ ᠬᠦᠷᠦᠮᠡᠯ ᠤᠨ ᠦᠢᠯᠡᠳᠭᠦᠨ ᠢ ᠬᠦᠷᠦᠬᠦ ᠳᠤ ᠤᠳᠠᠭᠠᠨ ᠴᠠᠭ ᠵᠠᠷᠤᠴᠠᠭᠤᠯᠬᠤ ᠦᠭᠡᠢ᠂ ᠡᠨᠡ ᠨᠢ ᠮᠠᠨ ᠤ ᠬᠦᠳᠡᠭᠡ ᠶᠢᠨ ᠬᠦᠮᠦᠰ ᠲᠤ ᠪᠠᠶᠠᠵᠢᠯ ᠤᠨ ᠵᠠᠮ ᠨᠡᠭᠡᠭᠡᠵᠤ ᠦᠭᠭᠦᠯ᠎ᠡ ︾ ᠭᠡᠵᠤ ᠲᠦᠴᠢᠤᠸᠠᠨ ᠰᠢᠶᠠᠨ ᠤ ᠱᠦᠢᠴᠢᠤᠸᠠᠨ ᠪᠠᠯᠭᠠᠰᠤ ᠶᠢᠨ ᠱᠦᠢᠴᠢᠤᠸᠠᠨ ᠳᠤᠰᠬᠤᠨ ᠤ ᠴᠧᠨ ᠤᠪᠤᠭᠳᠤ ᠶᠡᠬᠡᠳᠡ ᠪᠠᠶᠠᠷᠯᠠᠨ᠎ᠠ᠃    ︽ᠡᠪᠡᠰᠤ ᠶᠢ ᠠᠯᠳᠠ ᠪᠤᠯᠭᠠᠵᠤ᠂ ᠬᠠᠶᠠᠭᠳᠠᠮᠠᠯ ᠢ ᠬᠤᠪᠤᠷ ᠡᠳ᠋ ᠪᠤᠯᠭᠠᠪᠠ ︾ ᠭᠡᠳᠡᠭ ᠢᠶᠠᠷ᠂ ᠡᠪᠡᠰᠤᠨ ᠬᠦᠷᠦᠮᠡᠯ ᠨᠢ ᠤᠯᠠᠮᠵᠢᠯᠠᠯᠳᠤ ᠭᠠᠷ ᠤᠷᠠᠯᠠᠯ ᠪᠤᠯᠤᠭᠰᠠᠨ ᠤ ᠬᠤᠪᠢ ᠳᠤ ᠱᠦᠢᠴᠢᠤᠸᠠᠨ ᠪᠠᠯᠭᠠᠰᠤ ᠶᠢᠨ ᠳᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠬᠦ ᠰᠢᠨ᠎ᠡ ᠦᠢᠯᠡᠰ ᠪᠤᠯᠵᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠠᠪᠰᠤᠷᠤᠮᠵᠢ ᠬᠦᠴᠦᠨ ᠤᠯᠭᠤᠨ᠂ ᠳᠠᠷᠢᠶᠠᠴᠢᠳ ᠤᠨ ᠳᠠᠷᠢᠶᠠᠯᠠᠩ ᠤᠨ ᠰᠡᠯᠡᠭᠦᠦ ᠴᠠᠭ ᠢᠶᠠᠷ ᠢᠶᠠᠨ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠬᠡᠯᠢᠭᠵᠢᠬᠦ ᠰᠤᠩᠭᠤᠯᠳᠠ ᠶᠢᠨ ᠦᠢᠯᠡᠰ ᠪᠤᠯᠵᠤ ᠪᠤᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号