ᠲᠦᠷᠦ ᠶᠢᠨ ᠪᠤᠳᠤᠯᠭ᠎ᠠ ᠶᠢᠨ ᠳᠤᠶᠠᠭᠠᠯᠠᠯ ᠳᠤ ᠲᠦᠮᠡᠨ ᠠᠷᠠᠳ ᠪᠠᠶᠠᠰᠤᠯᠴᠠᠨ᠎ᠠ
ᠨᠡᠶᠢᠲᠡᠯᠡᠭᠰᠡᠨ ᠴᠠᠭ᠄
2020/12/11
    — ︽13 · 5︾ ᠵᠢᠯ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠮᠠᠨ ᠤ ᠠᠶᠢᠮᠠᠭ ᠡᠮ ᠡᠮᠨᠡᠯᠭᠡ ᠡᠷᠡᠬᠦᠯ ᠬᠠᠮᠠᠭᠠᠯᠠᠯ ᠢᠶᠠᠷ ᠶᠠᠳᠠᠭᠤ ᠶᠢ ᠳᠡᠳᠭᠦᠭᠰᠡᠨ ᠳᠤᠬᠠᠢ ᠳᠡᠮᠳᠡᠭᠯᠡᠯ      ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠳ᠋ᠦᠩ ᠴᠧᠩ ᠲᠣᠰᠬᠤᠨ ᠤ ᠵᠠᠩ ᠬᠠᠶ ᠱᠦᠨ ᠤ ᠬᠢᠨ ᠪᠤᠯ ᠨᠢᠭᠡᠨ ᠡᠬᠡᠯ ᠵᠢᠷ ᠤᠨ ᠲᠡᠷᠢᠶᠠᠴᠢᠨ ᠡᠷᠦᠬᠡ ᠪᠠᠶᠢᠵᠦ᠂ ᠠᠮᠢᠳᠤᠷᠠᠯ ᠨᠢ ᠲᠡᠶᠢᠮᠦ ᠪᠠᠶᠠᠨ ᠴᠢᠨᠡᠭᠡᠯᠢᠭ ᠪᠢᠰᠢ ᠴᠦ ᠲᠠᠷᠢᠶᠠᠯᠠᠩ ᠤᠨ ᠣᠷᠣᠯᠭ᠎ᠠ ᠪᠠᠷ ᠢᠶᠠᠷ ᠠᠮᠢᠳᠤᠷᠠᠯ ᠢᠶᠠᠨ ᠠᠷᠭᠠᠴᠠᠭᠠᠵᠤ ᠬᠠᠯᠠᠭᠤᠨ ᠲᠤᠯᠠᠭᠠᠨ ᠠᠮᠢᠳᠤᠷᠠᠵᠦ ᠪᠠᠶᠢᠵᠠᠢ᠃ ᠨᠡᠩ ᠴᠤ 2007 ᠤᠨ ᠤ 3 ᠰᠠᠷ᠎ᠠ ᠳᠤ᠂ ᠨᠢᠭᠡ ᠭᠡᠷ ᠢᠶᠠᠷ ᠢᠶᠠᠨ ᠭᠠᠳᠠᠭᠰᠢ ᠭᠠᠷᠴᠤ ᠬᠦᠴᠦᠨ ᠤ ᠠᠵᠢᠯ ᠬᠢᠭᠡᠳ ᠵᠣᠬᠢᠬᠤ ᠬᠡᠮᠵᠢᠶᠡᠨ ᠤ ᠬᠠᠳᠠᠭᠠᠯᠠᠮᠵᠢ ᠲᠠᠢ ᠪᠤᠯᠤᠬᠰᠠᠨ ᠠᠴᠠ ᠠᠮᠢᠳᠤᠷᠠᠯ ᠨᠢ ᠤᠯᠠᠮ ᠢᠶᠠᠷ ᠰᠠᠶᠢᠵᠢᠷᠠᠵᠦ ᠡᠬᠢᠯᠡᠪᠡ᠃ ᠭᠡᠳᠡᠯ᠎ᠡ ︽ᠭᠠᠢ ᠭᠠᠵᠠᠷ ᠲᠤᠤᠷ᠎ᠠ ︾ ᠠᠴᠠ ᠬᠡᠳᠡᠭᠴᠢᠯᠨᠨ᠂ ᠵᠠᠩ ᠬᠠᠢ ᠱᠦᠨ ᠬᠡᠨᠡᠳᠳᠡ ᠲᠡᠷᠭᠡᠨ ᠡ᠊ ᠨᠳᠡᠯ ᠳᠤ ᠤᠴᠠᠷᠠᠵᠦ᠂ ᠬᠥᠯ ᠢᠶᠠᠨ ᠭᠡᠮᠳᠦᠭᠡᠵᠦ ᠶᠡᠭᠡ ᠬᠡᠮᠵᠢᠶᠡᠨ ᠤ ᠥᠷᠢ ᠰᠢᠷᠢ ᠳᠤ ᠤᠨᠠᠵᠦ᠂ ᠨᠢᠭᠡ ᠭᠡᠷ ᠤᠨ ᠠᠮᠢᠳᠤᠷᠠᠯ ᠤᠨ ᠲᠠᠷᠤᠭᠠᠰᠦ ᠨᠢ ᠭᠠᠭᠴᠠ ᠬᠦ ᠡᠬᠡᠨᠡᠷ ᠤᠨ ᠬᠢᠨᠢ ᠮᠦᠷᠦᠨ ᠲᠡᠭᠡᠷ᠎ᠠ ᠲᠤᠯᠭᠠᠷᠠᠵᠠᠢ᠃     ᠨᠤᠲᠤᠭ ᠲᠤ ᠪᠠᠨ ᠬᠠᠷᠢᠭᠰᠠᠨ ᠵᠠᠩ ᠬᠠᠢ ᠱᠦᠨ ᠤ ᠬᠢᠨ ᠵᠤᠭᠤᠰ ᠮᠥᠩᠭᠦ ᠳᠤᠲᠠᠭᠳᠠᠬᠤ ᠶᠢ ᠬᠡᠯᠡᠬᠦ ᠦᠬᠡᠢ᠂ ᠰᠠᠭᠤᠬᠤ ᠭᠡᠷ ᠴᠦ ᠦᠬᠡᠢ ᠪᠤᠯᠵᠦ᠂ ᠠᠷᠭ᠎ᠠ ᠪᠤᠰᠤ ᠲᠥᠷᠥᠯ ᠰᠠᠳᠤᠨ ᠤ ᠪᠠᠨ ᠭᠡᠷ ᠢ ᠵᠢᠭᠡᠯᠡᠵᠦ ᠰᠠᠭᠤᠵᠠᠢ᠃ ᠲᠣᠰᠬᠤᠨ ᠤ ᠬᠢᠨ ᠲᠡᠳᠡᠨ ᠤ ᠪᠠᠶᠢᠳᠠᠯ ᠢ ᠮᠡᠳᠡᠭᠰᠡᠨ ᠤ ᠳᠠᠷᠠᠭ᠎ᠠ ᠲᠠᠩᠰᠠᠯᠠᠵᠦ ᠺᠠᠷᠳ᠋ᠯᠠᠬᠰᠠᠨ ᠶᠠᠳᠠᠭᠤ ᠬᠦᠴᠢᠷᠳᠡᠯ ᠲᠠᠢ ᠡᠷᠦᠬᠡ ᠪᠠᠷ ᠲᠤᠳᠤᠯᠠᠵᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠬᠡᠪᠡ᠃ ᠨᠠᠮ ᠵᠠᠰᠠᠭ ᠤᠨ ᠬᠠᠶᠢᠷ᠎ᠠ ᠬᠠᠯᠠᠮᠵᠢ ᠪᠤᠯᠤᠨ ᠳᠡᠳᠡᠨ ᠤ ᠪᠦᠬᠦ ᠭᠡᠷ ᠤᠨ ᠴᠢᠷᠮᠠᠶᠢᠯᠭ᠎ᠠ ᠪᠠᠷ ᠬᠡᠳᠦᠭᠡᠨ ᠵᠢᠯ ᠳᠤ ᠲᠡᠭᠦᠨ ᠤ ᠬᠤᠨᠢ ᠨᠢ 48 ᠪᠠᠶᠢᠭᠰᠠᠨ ᠠᠴᠠ ᠪᠠᠨ ᠤᠳᠤ 70 ᠪᠣᠯᠵᠦ᠂ ᠦᠩᠬᠡᠷᠡᠭᠰᠡᠨ ᠵᠢᠯ ᠰᠡᠤᠬᠡ ᠮᠠᠰᠢᠨ ᠬᠤᠳᠠᠯᠳᠤᠨ ᠠᠪᠴᠠᠢ᠃ ᠦᠵᠡᠰᠬᠦᠯᠡᠩᠳᠦ ᠬᠢᠩᠭᠠᠨ ᠤ ᠡᠬᠡ ᠭᠠᠵᠠᠷ ᠲᠡᠭᠡᠷ᠎ᠠ ᠡᠶᠢᠮᠦᠷᠬᠦᠤ ᠶᠠᠳᠠᠭᠤ ᠡᠷᠦᠬᠡ ᠶᠢᠨ ᠪᠠᠶᠠᠵᠢᠨ ᠴᠢᠨᠡᠭᠡᠯᠢᠭᠵᠢᠭᠰᠡᠨ ᠦᠯᠢᠭᠡᠷ ᠵᠢᠱᠢᠶ᠎ᠠ ᠲᠤᠩ ᠤᠯᠠᠨ ᠪᠠᠶᠢᠵᠦ᠂ ᠨᠠᠮ ᠵᠠᠰᠠᠭ ᠤᠨ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠳᠤ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ ᠢ ᠬᠠᠷᠠᠭᠤᠯᠤᠨ᠎ᠠ᠃     ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠠᠴᠠ ᠨᠠᠭᠠᠰᠢ᠂ ᠮᠠᠨ ᠤ ᠠᠶᠢᠮᠠᠭ ᠡᠮ ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠤᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠪᠦᠬᠦ ᠠᠶᠢᠮᠠᠭ ᠤᠨ ᠶᠠᠳᠠᠭᠤ ᠬᠦᠴᠢᠷᠳᠡᠯᠲᠡᠶ ᠤᠯᠠᠨ ᠲᠦᠮᠡᠨ ᠡᠪᠡᠳᠴᠢᠨ ᠢᠶᠠᠨ ᠦᠵᠡᠭᠦᠯᠵᠦ ᠳᠡᠶᠢᠯᠬᠦ᠂ ᠡᠪᠡᠳᠴᠢᠨ ᠢᠶᠠᠨ ᠰᠠᠶᠢᠨ ᠦᠵᠡᠭᠦᠯᠵᠤ ᠳᠡᠶᠢᠯᠬᠦ ᠪᠣᠯᠭᠠᠵᠠᠢ᠃ ᠣᠶᠢᠯᠠᠭᠠᠭᠰᠠᠨ ᠢᠶᠠᠷ᠂ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠤᠨ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠥᠮᠦᠨ ᠠᠮᠠ 6.67 ᠲᠦᠮᠡ ᠳᠤ ᠬᠦᠷᠴᠦ᠂ ᠣᠳᠣᠬᠠᠨ ᠳᠤ ᠨᠢᠭᠡᠨᠲᠡ ᠪᠦᠬᠦᠨ ᠢ ᠶᠠᠳᠠᠭᠤ ᠠᠴᠠ ᠠᠩᠭᠢᠵᠢᠷᠠᠭᠤᠯᠪᠠ ︔ ᠪᠦᠬᠦ ᠠᠶᠢᠮᠠᠭ ᠤᠨ 30 ᠲᠥᠷᠥᠯ ᠤᠨ ᠬᠦᠨᠳᠦ ᠡᠪᠡᠳᠴᠢᠲᠡᠨ ᠨᠡᠶᠢᠲᠡ 9396 ᠬᠥᠮᠦᠨ ᠪᠠᠶᠢᠵᠦ᠂ 9396 ᠬᠥᠮᠦᠨ ᠢ ᠲᠥᠪᠯᠡᠷᠡᠭᠦᠯᠦᠨ ᠠᠪᠤᠷᠠᠨ ᠵᠠᠰᠠᠵᠤ᠂ ᠠᠪᠤᠷᠠᠨ ᠵᠠᠰᠠᠭᠰᠠᠨ ᠨᠤᠷᠮ᠎ᠠ 100% ᠪᠣᠯᠪᠠ᠃ ᠳᠥᠷᠪᠡᠨ ᠵᠦᠢᠯ ᠤᠨ ᠬᠦᠨᠳᠤ ᠡᠪᠡᠳᠴᠢᠨ ᠳᠤ ᠨᠡᠷᠪᠡᠭᠳᠡᠭᠰᠡᠳ 30227 ᠬᠥᠮᠦᠨ ᠪᠠᠶᠢᠵᠦ᠂ 30227 ᠬᠥᠮᠦᠨ ᠢ ᠭᠡᠷ᠎ᠡ ᠲᠣᠭᠲᠠᠨ ᠬᠠᠮᠢᠶᠠᠷᠴᠦ᠂ ᠬᠦᠨᠳᠦ ᠡᠪᠡᠳᠴᠢᠨ ᠳᠤ ᠨᠡᠷᠪᠡᠭᠳᠡᠭᠰᠡᠳ ᠨᠡᠶᠢᠲᠡ 399 ᠬᠥᠮᠦᠨ ᠪᠠᠶᠢᠵᠦ᠂ ᠪᠦᠬᠦᠨ ᠢᠶᠠᠷ ᠢᠶᠠᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠳᠤ ᠬᠦᠷᠴᠦ᠂ ᠪᠠᠳᠤᠯᠠᠬᠰᠠᠨ ᠨᠣᠷᠮ᠎ᠠ 100% ᠳᠤ ᠬᠦᠷᠴᠡᠶ᠃      ᠲᠠᠪᠤᠨ ᠵᠢᠯ ᠤᠨ ᠲᠤᠷᠰᠢ᠂ ᠮᠠᠨ ᠤ ᠠᠶᠢᠮᠠᠭ ᠡᠮ ᠡᠮᠨᠡᠯᠭᠡ ᠶᠢᠨ ᠥᠭᠡᠷᠡᠴᠢᠯᠡᠯᠲᠡ ᠶᠢ ᠢᠳᠡᠪᠬᠢᠲᠡᠶ ᠬᠡᠷᠡᠭᠵᠢᠭᠦᠯᠵᠥ᠂ ᠰᠢᠶᠠᠨ ᠤ ᠬᠡᠪᠴᠢᠶᠡᠨ ᠳᠠᠬᠢ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠡᠮᠨᠡᠯᠭᠡ ᠳᠤ ᠰᠠᠭᠤᠬᠤ ᠳᠤ ︽ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ ᠨᠢ ᠰᠦᠢᠳᠬᠡᠯ ᠲᠤᠰᠢᠶᠠᠬᠤ ︾ ᠪᠠ ᠨᠢᠭᠡ ᠯᠡ ᠥᠷᠲᠡᠭᠡᠴᠢᠯᠡᠭᠰᠡᠨ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ︽ᠨᠢᠭᠡ ᠳᠡᠭᠡᠭᠰᠢᠯᠡᠭᠦᠯᠬᠦ᠂ ᠨᠢᠭᠡ ᠪᠠᠭᠤᠷᠠᠭᠤᠯᠬᠤ ︾ ᠦᠨᠳᠦᠰᠦᠨ ᠡᠮ ᠡᠮᠨᠡᠯᠭᠡ ᠶᠢᠨ ᠬᠡᠯᠪᠠᠶᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠦᠬᠦᠨ ᠢ ᠬᠠᠮᠤᠷᠪᠠ᠃ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠬᠤ ᠡᠪᠡᠳᠴᠢᠲᠡᠨ ᠳᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠣᠯᠭᠤᠵᠤ᠂ ︽ᠭᠤᠷᠪᠠᠨ ᠨᠢᠭᠡ ᠪᠦᠯᠦᠭ ︾ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠲᠦᠯᠬᠢᠨ ᠠᠬᠢᠭᠤᠯᠵᠤ᠂ ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠵᠠᠰᠠᠬᠤ ᠡᠪᠡᠳᠴᠢᠨ ᠤ ᠵᠦᠢᠯ ᠢ 30 ᠵᠦᠢᠯ ᠪᠣᠯᠲᠠᠯ᠎ᠠ ᠥᠷᠭᠡᠳᠬᠡᠵᠦ᠂ ᠤᠳᠠᠭᠠᠨ ᠴᠢᠨᠠᠷᠲᠠᠶ ᠡᠪᠡᠳᠴᠢᠨ ᠤ ᠭᠡᠷ᠎ᠡ ᠲᠣᠭᠲᠠᠬᠤ ᠦᠢᠯᠡᠴᠢᠯᠡᠭᠡᠨ ᠤ ᠬᠠᠮᠢᠶᠠᠷᠤᠯᠲᠠ ᠶᠢ ᠠᠯᠬᠤᠮ ᠠᠯᠬᠤᠮ ᠢᠶᠠᠷ ᠵᠢᠷᠤᠮᠵᠢᠭᠤᠯᠵᠤ᠂ ᠭᠡᠷ᠎ᠡ ᠲᠣᠭᠲᠠᠬᠤ ᠡᠮᠴᠢ ᠶᠢᠨ ᠦᠢᠯᠡᠴᠢᠯᠡᠭᠡᠨ ᠤ ᠴᠢᠳᠠᠪᠤᠷᠢ ᠶᠢ ᠦᠨᠳᠦᠰᠦᠯᠡᠨ᠂ ᠲᠠᠩᠰᠠᠯᠠᠵᠤ ᠺᠠᠷᠳ᠋ᠯᠠᠬᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠭᠡᠷ᠎ᠡ ᠲᠣᠭᠲᠠᠬᠤ ᠦᠶ᠋ᠯᠡᠴᠢᠯᠡᠭᠡ ᠬᠠᠩᠭᠠᠵᠤ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠠᠭᠤᠰᠬᠢᠨ ᠰᠦᠷᠢᠶ᠎ᠡ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠵᠡᠷᠭᠡ ᠳᠥᠷᠪᠡᠨ ᠵᠦᠶ᠋ᠯ ᠤᠨ ᠤᠳᠠᠭᠠᠨ ᠴᠢᠨᠠᠷᠲᠠᠶ ᠡᠪᠡᠳᠴᠢᠲᠡᠨ ᠢ ᠲᠣᠭᠲᠠᠮᠠᠯ ᠬᠤᠭᠤᠴᠠᠭ᠎ᠠ ᠲᠠᠢ ᠪᠠᠷ ᠲᠠᠭᠠᠨ ᠰᠤᠷᠪᠤᠯᠵᠢᠯᠠᠭ᠎ᠠ ᠬᠢᠵᠦ᠂ ᠤᠯᠠᠷᠢᠯ ᠪᠦᠷᠢ ᠳᠤ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠨᠢᠭᠤᠷᠲᠠᠨ ᠰᠤᠷᠪᠤᠯᠵᠢᠯᠠᠵᠤ᠂ ᠤᠳᠠᠭᠠᠨ ᠴᠢᠨᠠᠷᠲᠠᠶ ᠡᠪᠡᠳᠴᠢᠨ ᠤ ᠵᠢᠷᠤᠮᠵᠢᠭᠰᠠᠨ ᠡᠮ ᠤᠤᠭᠤᠬᠤ ᠵᠢᠯᠣᠭᠤᠳᠣᠯᠭ᠎ᠠ᠂ ᠡᠮ ᠬᠡᠷᠡᠭᠯᠡᠬᠦ ᠦᠷ᠎ᠡ ᠪᠦᠲᠦᠮᠵᠢ ᠶᠢᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ᠂ ᠡᠷᠡᠭᠦᠯ ᠮᠠᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠵᠢᠷᠤᠮᠵᠢᠭᠰᠠᠨ ᠡᠪᠡᠳᠴᠢᠨ ᠦᠵᠡᠭᠦᠯᠬᠦ ᠵᠢᠯᠣᠭᠤᠳᠣᠯᠭ᠎ᠠ ᠵᠡᠷᠭᠡ ᠣᠶᠢᠯᠡᠴᠢᠯᠡᠭᠡᠨ ᠬᠠᠩᠭᠠᠬᠰᠠᠨ ᠪᠠᠶᠢᠨ᠎ᠠ᠃ ᠲᠠᠷᠢᠬᠢᠨ ᠴᠢᠰᠤᠨ ᠰᠤᠳᠠᠯ ᠤᠨ ᠡᠪᠡᠳᠴᠢᠨ᠂ ᠤᠳᠠᠭᠠᠨ ᠴᠢᠨᠠᠷᠲᠠᠶ ᠪᠥᠭᠯᠡᠷᠡᠬᠦ ᠴᠢᠨᠠᠷᠲᠠᠶ ᠠᠭᠤᠰᠬᠢᠨ ᠬᠡᠢ ᠬᠠᠪᠤᠩ᠂ ᠬᠡᠷᠡᠬᠦ ᠴᠢᠨᠠᠷᠲᠠᠶ ᠦᠶ᠎ᠡ ᠭᠡᠰᠢᠭᠦᠨ ᠤ ᠦᠷᠪᠢᠰᠦᠯ᠂ ᠦᠶ᠎ᠡ ᠭᠡᠰᠢᠭᠦᠨ ᠤ ᠡᠪᠡᠳᠴᠢᠨ᠂ ᠬᠦᠨᠳᠦ ᠬᠡᠯᠪᠡᠷᠢ ᠶᠢᠨ ᠨᠠᠰᠤᠲᠠᠶᠢᠴᠤᠳ ᠤᠨ ᠤᠳᠠᠭᠠᠨ ᠴᠢᠨᠠᠷᠲᠠᠶ ᠰᠠᠯᠪᠤᠷᠢ ᠮᠥᠭᠡᠷᠰᠦᠨ ᠬᠤᠭᠤᠯᠠᠶ ᠶᠢᠨ ᠦᠷᠪᠢᠰᠦᠯ ᠵᠡᠷᠭᠡ ᠤᠳᠠᠭᠠᠨ ᠴᠢᠨᠠᠷᠲᠠᠶ ᠡᠪᠡᠳᠴᠢᠲᠡᠨ ᠳᠤ ᠥᠪᠡᠷᠮᠢᠴᠡ ᠴᠢᠨᠠᠷᠲᠠᠶ ᠡᠷᠡᠭᠦᠯ ᠮᠡᠨᠳᠦ ᠶᠢᠨ ᠬᠥᠮᠦᠵᠢᠯ ᠤᠨ ᠵᠣᠷ ᠲᠣᠭᠲᠠᠭᠠᠵᠦ᠂ ᠡᠷᠡᠭᠦᠯ ᠬᠠᠮᠠᠭᠠᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠠᠴᠠ ᠭᠡᠷ᠎ᠡ ᠲᠣᠭᠲᠠᠭᠰᠠᠨ ᠡᠮᠴᠢ ᠶᠢᠨ ᠭᠡᠷ᠎ᠡ ᠶᠢ ᠬᠦᠢᠴᠡᠳᠬᠡᠭᠰᠡᠨ ᠪᠠᠶᠢᠳᠠᠯ ᠢ ᠬᠢᠨᠠᠨ ᠬᠠᠮᠢᠶᠠᠷᠪᠠ᠃      ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠪᠠᠰᠠ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠵᠤ᠂ ︽ᠰᠢᠶᠠᠨ ᠰᠢᠶᠠᠩ ᠢ ᠨᠢᠭᠡ ᠴᠣᠭᠴᠠᠵᠢᠭᠤᠯᠬᠤ᠂ ᠰᠢᠶᠠᠩ ᠲᠣᠰᠬᠤᠨ ᠢ ᠨᠢᠭᠡ ᠴᠣᠭᠴᠠᠵᠢᠭᠤᠯᠬᠤ ︾ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠠᠢ᠃ ᠡᠯ᠎ᠡ ᠱᠠᠲᠤᠨ ᠤ ᠵᠠᠰᠠᠭ ᠤᠨ ᠣᠷᠳᠣᠨ ᠣᠷᠣᠭᠤᠯᠤᠯᠲᠠ ᠪᠠᠨ ᠲᠠᠰᠤᠷᠠᠯᠲᠠ ᠤᠢᠭᠡᠢ ᠨᠡᠮᠡᠭᠳᠡᠭᠦᠯᠵᠦ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠬᠤ ᠶᠢ ᠳᠡᠮᠵᠢᠵᠠᠢ᠃ 2019 ᠣᠨ ᠳᠤ ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ︽ᠪᠦᠬᠦᠨ ᠢ ᠴᠡᠪᠡᠷᠯᠡᠵᠦ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ︾ ᠶᠢ ᠬᠡᠷᠡᠭᠵᠢᠭᠦᠯᠵᠦ᠂ 56 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 787 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ︽ᠪᠦᠬᠦᠨ ᠢ ᠴᠡᠪᠡᠷᠯᠡᠵᠦ ᠪᠠᠷᠢᠮᠵᠢᠶ᠎ᠠ ᠳᠤ ᠬᠦᠷᠭᠡᠬᠦ ︾ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠪᠠᠰᠠ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠪᠡᠭᠡᠵᠢᠩ ᠥᠪᠥᠷ ᠮᠣᠩᠭᠤᠯ ᠤᠨ ᠤᠷᠤᠨ ᠪᠦᠰᠡ ᠶᠢᠨ ᠬᠠᠪᠰᠤᠷᠤᠨ ᠲᠡᠳᠬᠦᠬᠦ ᠪᠠ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠠᠴᠠ ᠠᠵᠢᠯ ᠲᠦᠷᠦᠯ ᠢᠶᠠᠷ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠶᠢ ᠬᠠᠪᠰᠤᠷᠤᠨ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠᠵᠤ᠂ ︽ᠨᠢᠭᠡ ᠡᠮᠨᠡᠯᠭᠡ ᠶᠢᠨ ᠬᠤᠷᠢᠶ᠎ᠠ ᠨᠢᠭᠡ ᠠᠷᠭ᠎ᠠ ᠪᠤᠳᠤᠯᠭ᠎ᠠ ︾ ᠶᠢᠨ ᠬᠠᠪᠰᠤᠷᠤᠨ ᠲᠡᠳᠬᠦᠬᠦ ᠠᠷᠭ᠎ᠠ ᠪᠣᠳᠣᠯᠭ᠎ᠠ ᠶᠢ ᠪᠣᠳᠠᠲᠠᠶ ᠠᠳᠬᠤᠵᠠᠶ᠃ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠪᠣᠳᠠᠲᠠᠶ ᠨᠠᠷᠢᠯᠢᠭ ᠬᠢᠵᠦ᠂ ᠠᠯᠤᠰ ᠡᠵᠡᠮᠰᠢᠯᠲᠦ ᠡᠮᠴᠢᠯᠡᠭᠡᠨ ᠤ ᠣᠶᠢᠯᠡᠴᠢᠯᠡᠭᠡᠨ ᠤ ᠣᠶᠢᠯᠡᠳᠦᠯ ᠢ ᠪᠠᠳᠠᠷᠠᠭᠤᠯᠵᠤ᠂ ᠰᠢᠶᠠᠨ ᠤ ᠬᠡᠪᠴᠢᠶᠡᠨ ᠳᠠᠬᠢ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠴᠢᠳᠠᠪᠤᠷᠢ ᠶᠢ ᠶᠡᠷᠦᠩᠬᠡᠶᠢᠯᠡᠨ ᠳᠡᠭᠡᠭᠰᠢᠯᠡᠭᠦᠯᠵᠦ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠠ᠃ ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠠᠶᠢᠮᠠᠭ ᠤᠨ ᠶᠠᠳᠠᠭᠤ ᠬᠦᠴᠢᠷᠳᠡᠯ ᠲᠠᠢ ᠠᠷᠠᠳ ᠲᠦᠮᠡᠨ ᠡᠪᠡᠳᠴᠢᠨ ᠢᠶᠠᠨ ᠡᠮᠨᠡᠭᠦᠯᠬᠦ ᠳᠤ ᠴᠥᠭᠡᠨ ᠮᠥᠷᠯᠡᠵᠦ᠂ ᠰᠦᠢᠳᠬᠡᠯ ᠲᠤᠰᠢᠶᠠᠬᠤ ᠳᠤ ᠨᠡᠩ ᠳᠥᠭᠦᠮ ᠳᠥᠲᠡ᠂ ᠡᠮᠨᠡᠯᠭᠡ ᠳᠤ ᠰᠠᠭᠤᠬᠤ ᠳᠤ ᠨᠡᠩ ᠰᠡᠳᠬᠢᠯ ᠠᠮᠤᠷ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠣᠶᠢᠯᠡᠴᠢᠯᠡᠭᠡ ᠶᠢ ᠬᠦᠷᠲᠡᠭᠰᠡᠨ ᠪᠠᠶᠢᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号