ᠠᠶᠢᠮᠠᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠦᠪᠯᠡᠯ ᠤᠨ ᠨᠢᠭᠡᠳᠦᠭᠡᠷ ᠤᠳᠠᠭᠠᠨ ᠤ ᠬᠤᠷᠠᠯ ᠵᠢᠴᠢ ᠲᠦᠪ ᠪᠠ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/22
   12 ᠰᠠᠷ᠎ᠠ ᠶᠢᠨ 17 ᠤ ᠡᠳᠦᠷ᠂ ᠠᠶᠢᠮᠠᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠦᠪᠯᠡᠯ ᠤᠨ ᠨᠢᠭᠡᠳᠦᠭᠡᠷ ᠤᠳᠠᠭᠠᠨ ᠤ ᠬᠤᠷᠠᠯ ᠵᠢᠴᠢ ᠲᠦᠪ ᠪᠠ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠪᠠ᠃     ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠶᠠᠷᠢᠶ᠎ᠡ ᠲᠠᠯᠪᠢᠵᠦ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠯᠤᠭᠰᠠᠨ ᠢᠷᠠᠭᠤ ᠠᠯᠳᠠᠷ ᠢᠶᠠᠨ ᠨᠠᠨᠳᠢᠩᠨᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠠᠵᠢᠯ ᠢ ᠤᠬᠠᠮᠰᠠᠷ ᠠᠴᠠ ᠪᠠᠨ ᠨᠡᠩ ᠪᠠᠳᠦ ᠰᠠᠶᠢᠳᠤᠷ ᠬᠢᠬᠦ ᠬᠡᠷᠡᠭᠳᠡᠢ ᠭᠡᠵᠦ ᠴᠢᠬᠤᠯᠠᠴᠢᠯᠠᠪᠠ᠃     ᠴᠢ᠊ ᠪᠠᠳᠦ᠂ ᠯᠢᠦ ᠵᠢᠶᠠᠨ ᠰᠢ᠂ ᠮᠠ ᠬᠤᠸᠠᠨ ᠯᠦᠩ᠂ ᠭᠤᠤ ᠴᠠᠩ ᠱᠧᠩ᠂ ᠨᠤᠮᠢᠨ᠂ ᠰᠢᠤᠢ ᠪᠤᠤ ᠴᠢᠤᠸᠠᠨ ᠂ ᠬᠦᠭᠡ᠂ ᠵᠠᠩ ᠯᠢ ᠬᠤᠸᠠ᠂ ᠳ᠋ᠦᠩ ᠰᠢᠨ ᠶᠤᠸᠠᠢ᠂ ᠰᠦᠨ ᠳ᠋ᠧ ᠮᠢᠨ᠂ ᠯᠢᠦ ᠱᠦ ᠴᠧᠩ᠂ ᠵᠠᠩ ᠯᠢ ᠸᠧᠨ᠂ ᠯᠢ ᠵᠢᠶᠦ᠋ᠨ᠂ ᠸᠠᠩ ᠵᠢᠩ ᠵᠡᠷᠭᠡ ᠤᠳᠤᠷᠢᠳᠤᠯᠭ᠎ᠠ ᠬᠤᠷᠠᠯ ᠳᠤ ᠤᠷᠤᠯᠴᠠᠪᠠ᠃ ᠬᠤᠷᠠᠯ ᠲᠡᠭᠡᠷ᠎ᠠ ︽ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠠᠶᠢᠮᠠᠭ ︾ ᠤᠨ ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠪᠠ᠃ 11 ᠰᠠᠷ᠎ᠠ ᠶᠢᠨ 30 ᠤ ᠡᠳᠦᠷ᠂ ᠠᠮᠢ ᠠᠬᠤᠢ ᠤᠷᠴᠢᠨ ᠲᠤᠭᠤᠷᠢᠨ ᠤ ᠶᠠᠮᠤᠨ ᠪᠡᠭᠡᠵᠢᠩ ᠳᠤ ᠲᠦᠷᠪᠡᠳᠦᠭᠡᠷ ᠪᠦᠯᠦᠭ ᠤᠨ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠠᠶᠢᠮᠠᠭ ᠬᠤᠳᠠ ᠬᠤᠰᠢᠭᠤ ᠰᠢᠶᠠᠨ ᠤ ᠲᠡᠰ ᠤᠨ ︽ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ︾ ᠶᠢᠨ ᠦᠢᠯᠡᠳᠦᠯᠭᠡ ᠶᠢᠨ ᠰᠢᠨ᠎ᠡ ᠶᠢ ᠡᠬᠦᠳᠬᠦ ᠰᠠᠭᠤᠷᠢᠨ ᠭᠠᠵᠠᠷ ᠪᠠ ︽2018 — 2019 ᠪᠤᠬᠢᠷᠳᠤᠯ ᠦᠭᠡᠢ ᠲᠤᠮᠳᠠᠳᠦ ᠤᠯᠤᠰ ᠤᠨ ᠤᠨ ᠤ ᠰᠤᠳᠤᠨ ᠬᠦᠮᠦᠨ ︾ ᠢ ᠬᠦᠬᠢᠬᠦᠯᠦᠨ ᠰᠠᠶᠢᠰᠢᠶᠠᠬᠤ ᠠᠵᠢᠯᠯᠠᠭ᠎ᠠ ᠶᠠᠪᠤᠭᠳᠠᠭᠤᠯᠵᠦ᠂ ᠮᠠᠨ ᠤ ᠠᠶᠢᠮᠠᠭ ︽ᠤᠯᠤᠰ ᠤᠨ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ ᠵᠢᠱᠢᠶ᠎ᠡ ᠦᠵᠡᠬᠦᠯᠬᠦ ᠠᠶᠢᠮᠠᠭ ︾ ᠭᠡᠬᠦ ᠢᠷᠠᠭᠤ ᠠᠯᠳᠠᠷ ᠢ ᠬᠦᠷᠳᠡᠨ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤ ︽ᠬᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠶᠢᠨ ᠦᠢᠯᠡᠳᠦᠯᠭᠡ ᠶᠢᠨ ᠰᠢᠨ᠎ᠡ ᠶᠢ ᠡᠬᠦᠳᠬᠦ ᠰᠠᠭᠤᠷᠢᠨ ᠭᠠᠵᠠᠷ ︾ ᠭᠡᠬᠦ ᠢᠷᠠᠭᠤ ᠠᠯᠳᠠᠷ ᠢ ᠬᠦᠷᠳᠡᠪᠡ᠃ ᠡᠨᠡ ᠪᠤᠯ ᠬᠢᠩᠭᠠᠨ ᠠᠶᠢᠮᠠᠭ ᠤᠨ ᠷᠠᠰᠢᠶᠠᠨ ᠬᠤᠳᠠ᠂ ᠤᠯᠠᠭᠠᠨᠬᠤᠳᠠ ᠤᠷᠢᠳᠠᠪᠡᠷ ᠤᠯᠤᠰ ᠤᠨ ᠲᠡᠰ ᠤᠨ ᠠᠮᠢ ᠠᠬᠤᠢ ᠶᠢᠨ ᠵᠢᠱᠢᠶ᠎ᠡ ᠦᠵᠡᠬᠦᠯᠬᠦ ᠬᠤᠰᠢᠭᠤ ᠰᠢᠶᠠᠨ ᠬᠤᠳᠠ᠂ ᠷᠠᠰᠢᠶᠠᠨ ᠬᠤᠳᠠ ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠶᠢᠨ ᠦᠢᠯᠡᠳᠦᠯᠭᠡ ᠶᠢᠨ ᠰᠢᠨ᠎ᠡ ᠶᠢ ᠡᠬᠦᠳᠬᠦ ᠰᠠᠭᠤᠷᠢᠨ ᠭᠠᠵᠠᠷ ᠢᠶᠠᠷ ᠦᠨᠡᠯᠡᠭᠳᠡᠭᠰᠠᠨ ᠤ ᠲᠠᠷᠠᠭᠠᠬᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠰᠠ ᠨᠢᠭᠡᠨ ᠦᠷ᠎ᠠ ᠪᠦᠳᠦᠭᠡᠯ ᠪᠤᠯᠤᠨ᠎ᠠ᠃      ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠤᠭᠰᠠᠨ ᠤ ᠰᠡᠬᠦᠯᠡᠷ᠂ ᠬᠤᠷᠠᠯ ᠠᠴᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠨᠠᠶᠢᠳᠠᠪᠤᠷᠢᠵᠢᠭᠤᠯᠤᠭᠰᠠᠨ ᠵᠢᠴᠢ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠪᠠᠶᠢᠳᠠᠯ ᠤᠨ ᠮᠡᠳᠡᠬᠦᠯᠦᠯᠳᠡ ᠶᠢ ᠰᠤᠨᠤᠰᠴᠦ᠂ ︽ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠠᠶᠢᠮᠠᠭ ᠤᠨ ᠪᠠᠶᠢᠭᠤᠯᠤᠯᠳᠠ ᠶᠢᠨ ᠦᠷ᠎ᠠ ᠪᠦᠳᠦᠭᠡᠯ ᠢ ᠪᠠᠬᠢᠵᠢᠬᠦᠯᠬᠦ ᠲᠤᠬᠠᠢ ᠰᠠᠨᠠᠯ ︾ ᠢ ᠬᠢᠨᠠᠨ ᠵᠦᠪᠯᠡᠵᠦ ᠪᠠᠳᠤᠯᠠᠬᠤ ᠶᠢᠨ ᠬᠠᠮᠳᠦ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠠᠬᠢᠭᠤᠯᠬᠤ ᠲᠤᠬᠠᠢ ᠪᠠᠶᠢᠷᠢᠯᠠᠭᠤᠯᠤᠯᠳᠠ ᠬᠢᠪᠡ᠃      ᠵᠠᠩ ᠡᠸ᠋ᠨ ᠬᠤᠢ ᠵᠢᠭᠠᠵᠦ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠡ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠡᠷᠡᠰ ᠢᠶᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢᠢᠴᠢᠯᠠᠭᠰᠠᠨ ᠬᠢᠩᠭᠠᠨ ᠢᠶᠠᠷ ᠬᠦᠭᠵᠢᠯᠳᠡ ᠶᠢᠨ ᠰᠠᠭᠤᠷᠢ ᠪᠤᠯᠭᠠᠵᠦ᠂ ᠬᠤᠪᠢᠰᠬᠠᠯᠳᠦ ᠤᠳᠤᠮᠰᠢᠯ ᠢ ᠤᠯᠠᠮᠵᠢᠯᠠᠨ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠭᠰᠠᠨ ᠠᠴᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠢᠯᠡᠷᠭᠡᠢ ᠦᠷ᠎ᠠ ᠪᠦᠳᠦᠮᠵᠢ ᠤᠯᠪᠠ᠃ ᠠᠶᠢᠮᠠᠭ ᠲᠠᠶᠠᠭᠠᠷ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠬᠦᠯᠵᠦ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠶᠢᠷᠡᠬᠦᠯᠦᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠯᠳᠠ ᠬᠢᠬᠦ ᠦᠶ᠎ᠡ ᠶᠢᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠡᠵᠡᠮᠰᠢᠵᠦ᠂ ᠮᠠᠨ ᠤ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠡᠬᠦᠷᠭᠡ ᠶᠢ ᠬᠦᠨᠵᠡᠭᠡᠢ ᠵᠠᠳᠠᠯᠵᠦ᠂ ᠤᠨᠤᠴᠠᠳᠠᠢ ᠰᠤᠳᠤᠯᠤᠨ ᠮᠠᠭᠠᠳᠯᠠᠵᠦ᠂ ᠠᠮᠢ ᠠᠬᠤᠢ ᠶᠢᠨ ᠬᠠᠮᠠᠭᠠᠯᠠᠯᠳᠠ ᠪᠠᠶᠢᠭᠤᠯᠤᠯᠳᠠ ᠶᠢᠨ ᠡᠯ᠎ᠠ ᠲᠦᠷᠦᠯ ᠤᠨ ᠠᠵᠢᠯ ᠢ ᠭᠤᠶᠢᠪᠢᠰᠢ ᠦᠭᠡᠢ ᠪᠠᠷ ᠰᠠᠶᠢᠳᠤᠷ ᠬᠢᠵᠦ᠂ ︽ᠲᠦᠷᠪᠡᠨ ᠤᠬᠠᠮᠰᠠᠷ ︾ ︽ᠲᠦᠷᠪᠡᠨ ᠢᠳᠡᠭᠡᠯ ︾ ︽ᠬᠤᠶᠠᠷ ᠢ ᠬᠠᠮᠠᠭᠠᠯᠠᠬᠤ ︾ ᠶᠢ ᠦᠢᠯᠡ ᠠᠵᠢᠯᠯᠠᠭ᠎ᠠ ᠲᠤᠮᠳᠠ ᠪᠠᠨ ᠠᠭᠤᠰᠤᠯᠴᠠᠭᠤᠯᠬᠤ ᠬᠡᠷᠡᠭᠳᠡᠢ ᠬᠡᠵᠡᠢ᠃      ᠵᠠᠩ ᠡᠸ᠋ᠨ ᠬᠤᠢ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠠ ᠠᠰᠢᠭ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠳᠤᠯᠠᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠪᠠᠷ ᠠᠮᠢ ᠠᠬᠤᠢ ᠶᠢᠨ ᠪᠤᠯᠪᠠᠰᠤᠨ ᠤ ᠬᠠᠮᠠᠭᠠᠯᠠᠯᠳᠠ ᠪᠤᠯᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠦᠯᠦᠪᠯᠡᠭᠡ ᠶᠤᠰᠤ ᠪᠠᠷ ᠨᠢᠭᠡ ᠨᠢᠭᠡ ᠪᠠᠷ ᠪᠠᠷᠢᠮᠵᠢᠶᠠᠯᠠᠨ ᠬᠠᠷᠭᠤᠭᠤᠯᠵᠦ᠂ ᠲᠤᠬᠢᠷᠠᠭᠤᠯᠤᠯᠳᠠ ᠬᠢᠬᠦ ᠪᠠᠨ ᠴᠢᠩᠭᠠᠳᠬᠠᠵᠦ᠂ ᠠᠵᠢᠯ ᠤᠨ ᠬᠠᠷᠰᠢ ᠰᠠᠭᠠᠳ ᠢ ᠠᠷᠢᠯᠭᠠᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠠᠮᠢ ᠠᠬᠤᠢ ᠶᠢᠨ ᠬᠠᠮᠠᠭᠠᠯᠠᠯᠳᠠ ᠪᠠ ᠰᠡᠷᠬᠦᠭᠡᠯᠳᠡ ᠶᠢ ᠪᠦᠬᠦ ᠲᠠᠯ᠎ᠠ ᠪᠠᠷ ᠴᠢᠩᠭᠠᠳᠬᠠᠵᠦ᠂ ᠨᠤᠲᠤᠭ ᠪᠡᠯᠴᠢᠭᠡᠷ᠂ ᠣᠶ ᠰᠢᠭᠤᠶ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠨ᠂ ᠠᠭᠤᠯᠠ ᠤᠰᠤ ᠣᠶ ᠰᠢᠭᠤᠶ ᠭᠠᠵᠠᠷ ᠲᠠᠷᠢᠶ᠎ᠠ ᠨᠤᠲᠤᠭ ᠪᠡᠯᠴᠢᠭᠡᠷ ᠤᠨ ᠵᠠᠰᠠᠯᠳᠠ ᠶᠢ ᠨᠢᠭᠡᠳᠦᠯᠳᠡᠢ ᠲᠦᠯᠦᠪᠵᠢᠬᠦᠯᠵᠦ᠂ ᠶᠡᠭᠡ ᠬᠢᠩᠭᠠᠨ ᠲᠠᠪᠠᠭ᠎ᠠ ᠶᠢᠨ ᠡᠮᠦᠨ᠎ᠡ ᠬᠤᠷᠮᠤᠢ ᠶᠢᠨ ᠵᠠᠭᠤᠨ ᠲᠦᠮᠡᠨ ᠮᠦ ᠨᠤᠮᠢᠨ ᠨᠤᠭᠤᠭᠠᠨ ᠤᠷᠳᠦ ᠬᠤᠩᠬᠢᠯ ᠤᠨ ᠪᠠᠶᠢᠭᠤᠯᠤᠯᠳᠠ᠂ ᠬᠤᠷᠴᠢᠨ ᠡᠯᠡᠰᠦᠷᠭᠡᠭ ᠭᠠᠵᠠᠷ ᠢ ᠵᠠᠰᠠᠬᠤ᠂ ᠲᠠᠷᠢᠶᠠᠯᠠᠬᠤ ᠶᠢ ᠵᠤᠬᠰᠤᠭᠠᠵᠦ ᠡᠪᠡᠰᠦ ᠪᠡᠯᠴᠢᠭᠡᠷ ᠢ ᠰᠡᠷᠬᠦᠭᠡᠬᠦ᠂ ᠬᠦᠷᠦᠰᠦ ᠰᠢᠷᠤᠢ ᠶᠢᠨ ᠢᠳᠡᠭᠳᠡᠯ ᠢ ᠶᠡᠷᠦᠩᠭᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠦᠨᠵᠡᠭᠡᠢ ᠶᠠᠪᠤᠭᠳᠠᠭᠤᠯᠵᠦ᠂ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠪᠬᠢ ᠶᠢ ᠲᠡᠭᠡᠭᠰᠢᠯᠡᠬᠦᠯᠬᠦ ᠬᠡᠷᠡᠭᠳᠡᠢ᠃ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠤᠨ ᠦᠨᠳᠦᠰᠦᠨ ᠠᠴᠠ ᠨᠢ ᠵᠠᠰᠠᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠡᠭᠡ ᠲᠠᠯ᠎ᠠ ᠠᠴᠠ ᠡᠭᠦᠰᠴᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠳᠡᠢ ᠬᠡᠪᠡ᠃     ᠵᠠᠩ ᠧᠨ ᠬᠤᠢ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠰᠢᠰᠲ᠋ᠧᠮ ᠢ ᠲᠡᠭᠦᠯᠳᠡᠷᠵᠢᠭᠦᠯᠵᠦ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠵᠢᠴᠢ ᠠᠯᠪᠠᠨ ᠬᠡᠷ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠶᠢᠨ ᠵᠥᠪᠯᠡᠭᠴᠢ ᠬᠠᠪᠰᠤᠷᠤᠭᠴᠢ ᠪᠣᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠨᠠᠮ ᠵᠠᠰᠠᠭ ᠠᠳᠠᠯᠢ ᠬᠠᠷᠢᠭᠤᠴᠠᠯᠭ᠎ᠠ ︾ ᠶᠢ ᠴᠢᠩᠭ᠎ᠠ ᠨᠠᠶᠢᠳᠠᠪᠤᠷᠢᠵᠢᠭᠤᠯᠵᠦ᠂ ᠡᠯ᠎ᠠ ᠲᠦᠷᠦᠯ ᠤᠨ ᠠᠵᠢᠯ ᠢ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠬᠢᠨᠠᠨ ᠰᠢᠯᠭᠠᠵᠤ ᠬᠠᠷᠢᠭᠤᠴᠠᠯᠭ᠎ᠠ ᠨᠡᠭᠡᠮᠵᠢᠯᠡᠬᠦ ᠪᠠᠨ ᠴᠢᠩᠭᠠᠳᠬᠠᠵᠦ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠬᠢᠨᠠᠨ ᠰᠢᠯᠭᠠᠬᠤ ᠠᠷᠭ᠎ᠠ ᠶᠢ ᠰᠤᠳᠤᠯᠤᠨ ᠲᠣᠭᠲᠠᠭᠠᠵᠤ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠪᠦᠲᠦᠮᠵᠢ ᠲᠠᠢ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠪᠠᠷ ᠪᠦᠬᠦ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号