ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠵᠠᠰᠠᠭ ᠤᠨ ᠤᠷᠳᠦᠨ ᠤ ᠠᠯᠪᠠᠨ ᠨᠡᠶᠢᠳᠡᠯᠡᠯ ᠤᠨ ᠮᠤᠩᠭᠤᠯ ᠬᠡᠯᠡᠨ ᠤ ᠵᠢᠷᠬᠢᠶ᠎ᠠ ᠶᠢᠨ ᠤᠯᠡᠨ ᠨᠡᠶᠢᠲᠡ ᠶᠢᠨ ᠲᠠᠪᠴᠡᠩ ᠲᠠ ᠤᠯᠡᠨ  ᠲᠠᠢ ᠠᠭᠤᠯᠵᠤᠯ᠎ᠠ︕
ᠨᠡᠶᠢᠲᠡᠯᠡᠭᠰᠡᠨ ᠴᠠᠭ᠄
2020/12/23
ᠡᠷᠬᠢᠮ ᠬᠦᠨᠳᠦᠲᠦ ᠦᠷᠭᠡᠨ ᠤᠯᠡᠨ ᠤᠩᠰᠢᠭᠴᠢ ᠲᠠᠨ᠎ᠠ᠄     ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ ︵http://mgl. tq. gov. cn︶ 2018 ᠣᠨ ᠤ 6 ᠰᠠᠷ᠎ᠠ ᠶᠢᠨ 28 ᠤ ᠡᠳᠦᠷ ᠵᠢᠩᠬᠢᠨᠢ ᠪᠠᠷ ᠨᠡᠪᠲᠡᠷᠡᠨ ᠬᠡᠷᠡᠭᠯᠡᠭᠳᠡᠪᠡ᠃᠂ ᠲᠣᠰ ᠰᠦᠯᠵᠢᠶ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠤᠩᠭᠤᠯ ᠰᠦᠯᠵᠢᠶᠡᠨ ᠤ ᠴᠤᠭᠯᠠᠷᠡᠯ ᠤᠨ ᠬᠤᠰᠢᠭᠤ ᠰᠢᠶᠠᠨ ᠲᠣᠭᠤᠷᠢᠭ ᠤᠨ ᠨᠢᠭᠡᠨ ᠦᠷᠲᠡᠭᠡᠨ ᠴᠢᠭ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠬᠠᠷᠢᠭᠤᠴᠠᠨ ᠬᠠᠮᠢᠶᠠᠷᠴᠤ᠂ ᠰᠦᠯᠵᠢᠶ᠎ᠡ  ᠨᠢ ︽ᠰᠤᠨᠢᠨ ᠮᠡᠳᠡᠭᠡ︾᠂ ︽ᠢᠯᠡ ᠵᠠᠰᠠᠭ︾᠂ ︽ᠦᠢᠯᠡᠴᠢᠯᠡᠭᠡ︾᠂ ︽ᠰᠢᠨ᠎ᠡ ᠬᠥᠳᠡᠭᠡ︾᠂ ︽ ᠰᠤᠶᠤᠯ ᠡᠷᠳᠡᠨᠢ︾ ᠵᠡᠷᠭᠡ  ᠪᠤᠯᠤᠩ ᠢᠶᠠᠷ ᠪᠦᠷᠢᠯᠳᠦᠵᠡᠶ᠃ ᠲᠤᠰ ᠰᠦᠯᠵᠢᠶᠡᠨ ᠤ ᠦᠷᠳᠡᠭᠡ ᠪᠠᠷ ᠳᠠᠮᠵᠢᠭᠤᠯᠤᠨ ᠥᠷᠭᠡᠨ ᠤᠯᠠᠨ ᠮᠣᠩᠭᠤᠯ ᠦᠨᠳᠦᠰᠦᠲᠡᠨ ᠤ ᠤᠯᠠᠨ ᠲᠦᠮᠡᠨ ᠳᠤ ᠲᠦᠴᠢᠦᠸᠠᠨ ᠰᠢᠶᠠᠨ ᠤ ᠵᠠᠩ ᠠᠭᠠᠯᠢ᠂ ᠰᠣᠨᠢᠨ ᠮᠡᠳᠡᠭᠡᠨ ᠤ ᠬᠡᠷᠡᠭ ᠵᠢᠴᠢ ᠨᠡᠶᠢᠲᠡᠯᠡᠭᠰᠡᠨ ᠡᠯ᠎ᠡ ᠵᠦᠢᠯ ᠤᠨ ᠰᠢᠨ᠎ᠡ ᠲᠦᠷᠦ ᠶᠢᠨ ᠪᠤᠳᠤᠯᠭ᠎ᠠ ᠶᠢ ᠴᠠᠭ ᠢᠮᠠᠭᠲᠠ ᠣᠶᠢᠯᠠᠭᠠᠵᠤ ᠪᠣᠯᠤᠨ᠎ᠠ᠃     ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ ᠶᠢᠨ ᠨᠠᠮ ᠵᠠᠰᠠᠭ ᠤᠨ ᠲᠦᠷᠦ ᠶᠢᠨ ᠪᠤᠳᠤᠯᠭ᠎ᠠ᠂ ᠵᠠᠰᠠᠭ ᠤᠨ ᠶᠠᠪᠤᠳᠡᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠵᠤ ᠤᠬᠠᠭᠤᠯᠬᠤ ᠶᠢᠨ ᠲᠤᠰᠠᠲᠠ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠵᠠᠰᠠᠭ ᠤᠨ ᠤᠷᠳᠦᠨ ᠤ ᠠᠯᠪᠠᠨ ᠨᠡᠶᠢᠳᠡᠯᠡᠯ ᠤᠨ ᠮᠤᠩᠭᠤᠯ ᠬᠡᠯᠡᠨ ᠤ ᠵᠢᠷᠬᠢᠶ᠎ᠠ ᠶᠢᠨ ᠤᠯᠡᠨ ᠨᠡᠶᠢᠲᠡ ᠶᠢᠨ ᠲᠠᠪᠴᠡᠩ ᠢ ᠡᠷᠬᠢᠯᠡᠬᠦ ᠪᠠᠷ ᠪᠤᠯᠵᠤ᠂ ᠡᠨᠡ ᠡᠳᠦᠷ ᠤᠩᠰᠢᠭᠴᠢ ᠤᠯᠡᠨ ᠲᠠᠢ ᠨᠢᠭᠤᠷ ᠵᠤᠯᠭᠤᠬᠤ ᠪᠤᠯᠤᠯ᠎ᠠ᠃ ᠲᠠ ᠪᠦᠬᠦᠨ ᠤ ᠮᠠᠨ ᠤ ᠰᠦᠯᠵᠢᠶ᠎ᠠ ᠪᠠ ᠠᠯᠪᠠᠨi ᠵᠢᠷᠬᠢᠶ᠎ᠠ ᠶᠢᠨ ᠲᠠᠪᠴᠡᠩ ᠳᠤ ᠠᠩᠬᠠᠷᠤᠯ ᠢᠶᠠᠨ ᠬᠠᠨᠳᠤᠭᠤᠯᠵᠤ ᠡᠷᠬᠢᠮ ᠨᠠᠨᠳᠢᠨ ᠰᠠᠨᠡᠯ ᠢᠶᠠᠨ ᠳᠡᠪᠰᠢᠭᠦᠯᠬᠦ ᠶᠢ ᠬᠦᠰᠡᠨ ᠨᠠᠶᠢᠳᠠᠶ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号