ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020/12/24
    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 21 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢᠨ ᠷᠦᠩ᠂ ᠳᠡᠳ᠋ ᠡᠷᠬᠢᠯᠡᠭᠴᠢ ᠯᠢᠦ ᠴᠦᠨ ᠯᠢ᠂ ᠸᠠᠩ ᠸᠧᠨ ᠭᠧ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠥᠬᠦ ᠺᠠᠳ᠋ᠷ ᠪᠣᠯᠪᠠᠰᠤᠷᠠᠯ ᠳᠤ ᠣᠷᠣᠯᠴᠠᠪᠠ᠃    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠶᠢᠯᠠᠭᠠᠨ ᠡᠵᠡᠮᠰᠢᠬᠦ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠦᠶᠯᠡᠳᠦᠯ ᠢᠶᠠᠨ ᠪᠠᠳᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠨ᠎ᠠ ᠭᠡᠵᠦ ᠪᠣᠯᠪᠠᠰᠤᠷᠠᠯ ᠳᠤ ᠣᠷᠣᠯᠴᠠᠭᠰᠠᠨ ᠬᠥᠮᠦᠰ ᠢᠯᠡᠳᠬᠡᠵᠡᠭᠡᠪᠡ︔ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠨ ᠤᠬᠠᠭᠤᠯᠬᠤ ᠪᠠ ᠬᠡᠷᠡᠭᠵᠢᠭᠦᠯᠬᠦ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠬᠤ᠂ ᠤᠬᠠᠭᠤᠯᠬᠤ᠂ ᠵᠢᠷᠤᠮᠯᠠᠬᠤ᠂ ᠬᠠᠮᠠᠭᠠᠯᠠᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠢᠷᠭᠡᠨ ᠤ ᠬᠠᠤᠯᠢ ᠶᠢᠨ ᠪᠢᠴᠢᠭ ᠢ ᠮᠠᠨ ᠤ ᠰᠢᠶᠠᠨ ᠳᠤ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠤᠨ᠎ᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号