12 ᠳ᠋ᠤᠭᠠᠷ ᠰᠠᠷ᠎ᠠ ᠶᠢᠨ 20 ᠤ ᠡᠳᠦᠷ ᠤᠨ ᠪᠡᠭᠡᠵᠢᠩ ᠤᠨ ᠰᠢᠨᠬᠤᠸᠠ ᠬᠤᠷᠢᠶᠠᠨ ᠤ ᠴᠠᠬᠢᠯᠭᠠᠨ ᠮᠡᠳᠡᠭᠡ᠄ | ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠰᠢᠨ᠎ᠡ ᠠᠶᠠᠯᠠᠯ ᠢᠶᠠᠨ ᠡᠬᠢᠯᠡᠭᠦᠯᠪᠡ — | 2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠡᠬᠢᠯᠡᠯᠲᠡ ᠶᠢᠨ | ᠠᠯᠬᠤᠮ ᠢ ᠲᠥᠯᠦᠪᠵᠢᠭᠦᠯᠦᠭᠰᠡᠨ ᠢ ᠠᠵᠢᠬᠤ ᠨᠢ ᠵᠢᠯ ᠤᠨ ᠡᠴᠦᠰ ᠪᠣᠯᠵᠤ᠂ ᠵᠢᠯ ᠳᠤ ᠨᠢᠭᠡ ᠤᠳᠠᠭ᠎ᠠ ᠶᠠᠪᠤᠭᠳᠠᠳᠠᠭ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠪᠦᠬᠦ ᠪᠥᠮᠪᠥᠷᠴᠡᠭ ᠤᠨ ᠠᠩᠬᠠᠷᠤᠯ ᠢ ᠲᠠᠲᠠᠪᠠ᠃ ᠡᠨᠡ | ᠵᠢᠯ ᠤᠨ ᠬᠤᠷᠠᠯ ᠤᠨ ᠠᠬᠤᠶ ᠪᠠᠶᠢᠳᠠᠯ ᠨᠢ ᠣᠨᠴᠠᠭᠠᠶ᠂ ᠵᠠᠩᠭᠢᠯᠠᠭ᠎ᠠ ᠨᠢ ᠴᠢᠬᠤᠯᠠ᠂ ᠠᠴᠢ ᠬᠤᠯᠪᠣᠭᠳᠠᠯ ᠨᠢ ᠶᠡᠭᠡ | ᠶᠤᠮ᠃ 12 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠤᠨ ᠵᠢᠩ ᠰᠢ | ᠵᠣᠴᠢᠳ ᠤᠨ ᠪᠠᠭᠤᠳᠠᠯ᠃ ︽ᠬᠤᠶᠠᠷ ᠵᠠᠭᠤᠨ ᠵᠢᠯ ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ | ᠠᠭᠤᠯᠵᠠᠷ ᠲᠤ ᠵᠣᠭᠰᠣᠵᠤ᠂ 2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠳᠤᠮᠳᠠᠳᠤ | ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠶᠡᠭᠡ ᠪᠤᠳᠤᠯᠭ᠎ᠠ ᠶᠢ ᠲᠥᠯᠥᠪᠵᠢᠭᠦᠯᠪᠡ᠃ ᠶᠡᠷᠦᠩᠬᠡᠶ ᠱᠦᠵᠢ | ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ | ᠠᠬᠤᠶ ᠶᠢᠨ ᠪᠠᠶᠢᠳᠠᠯ ᠢ ᠭᠦᠨᠵᠡᠭᠡᠶ ᠵᠠᠳᠠᠯᠵᠤ᠂ 2021 ᠣᠨ ᠤ ᠠᠵᠤ ᠠᠬᠤᠶ ᠶᠢᠨ ᠠᠵᠢᠯ ᠤᠨ ᠶᠡᠷᠦᠩᠬᠡᠶ | ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠳᠤᠷᠠᠳᠴᠤ᠂ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠴᠢᠭᠯᠡᠯ ᠢ | ᠲᠣᠭᠲᠠᠭᠠᠨ ᠥᠭᠪᠡ᠃ ᠲᠡᠦᠬᠡ ᠶᠢᠨ ᠬᠠᠭᠤᠳᠠᠰᠤᠨ᠎ᠠ ᠲᠡᠮᠳᠡᠭᠯᠡᠭᠳᠡᠬᠦ — ᠶᠡᠷᠦ ᠪᠤᠰᠤ ᠶᠢᠨ ᠣᠨ ᠵᠢᠯ ᠳᠠᠬᠢ ᠶᠡᠷᠦ | ᠪᠤᠰᠤ ᠶᠢᠨ ᠠᠮᠵᠢᠯᠲᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠦᠭ | ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠠᠮᠡᠴᠡᠭᠡᠳ᠂ ᠠᠷᠠᠳ ᠲᠦᠮᠡᠨ ᠳᠤ | ᠲᠠᠭᠠᠰᠢᠶᠠᠭᠳᠠᠭᠰᠠᠨ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ︽ᠲᠦᠢᠯ ᠤᠨ ᠶᠡᠷᠦ ᠪᠤᠰᠤ ︾ — ᠡᠨᠡ ᠤᠳᠠᠭᠠᠨ ᠤ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠡᠨᠡᠬᠦ | ᠵᠠᠩᠭᠢᠯᠠᠭ᠎ᠠ ᠶᠢᠨ ᠦᠭᠡ ᠪᠠᠷ 2020 ᠣᠨ ᠢ ᠬᠤᠷᠢᠶᠠᠩᠭᠤᠶᠢᠯᠠᠵᠤ᠂ ︽ᠡᠨᠡ ᠵᠢᠯ ᠪᠣᠯ ᠰᠢᠨ᠎ᠡ ᠳᠤᠮᠳᠠᠳᠤ | ᠤᠯᠤᠰ ᠤᠨ ᠲᠡᠦᠬᠡᠨ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ ︾ ᠭᠡᠵᠦ ᠴᠢᠬᠤᠯᠠᠴᠢᠯᠠᠪᠠ᠃ | ᠬᠤᠶᠠᠷ ᠡᠳᠦᠷ ᠬᠠᠭᠠᠰ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠨᠥᠬᠦᠳ ᠤᠳᠠᠯ ᠦᠭᠡᠢ ᠥᠩᠭᠡᠷᠡᠬᠦ | ᠭᠡᠵᠦ ᠪᠠᠶᠢᠭ᠎ᠠ ᠡᠨᠡ ᠨᠢᠭᠡᠨ ᠵᠢᠯ ᠢ ᠡᠷᠭᠢᠴᠡᠭᠦᠯᠬᠦ ᠳᠤ ᠪᠠᠨ ᠰᠡᠳᠬᠢᠯ ᠶᠡᠭᠡ ᠳᠣᠭᠳᠤᠯᠵᠤ ᠪᠠᠶᠢᠯ᠎ᠠ᠃ ︽︿ᠲᠦᠢᠯ | ﹀ ᠭᠡᠳᠡᠭ ᠨᠢᠭᠡᠯᠡ ᠦᠭᠡᠨ ᠳᠤ ᠰᠦᠷ ᠳᠠᠯᠠᠶᠢᠴᠠᠲᠠᠢ᠂ ᠲᠦᠭ ᠲᠦᠮᠡᠨ ᠠᠶᠤᠯ ᠲᠦᠭᠰᠢᠭᠦᠷᠢ ᠲᠠᠢ᠂ ᠮᠠᠭᠲᠠᠨ | ᠳᠠᠭᠤᠯᠠᠭᠤᠰᠢᠲᠠᠢ᠂ ᠭᠡᠷᠡᠯ ᠰᠠᠴᠤᠷᠠᠩᠭᠤᠢ ᠠᠮᠵᠢᠯᠲᠠ ᠵᠡᠷᠭᠡ ᠡᠯᠪᠡᠭ ᠠᠭᠤᠯᠭ᠎ᠠ ᠶᠢ ᠪᠠᠭᠲᠠᠭᠠᠵᠠᠢ ︾ ᠭᠡᠵᠦ ᠵᠠᠷᠢᠮ | ᠨᠥᠬᠦᠷ ᠬᠡᠯᠡᠪᠡ᠃ ᠬᠤᠷᠠᠯ ᠠᠴᠠ ᠵᠢᠭᠠᠨ ᠭᠠᠷᠭᠠᠭᠰᠠᠨ ᠨᠢ᠂ ᠡᠨᠡ ᠵᠢᠯ ᠪᠥᠬᠦ ᠪᠥᠮᠪᠥᠷᠴᠡᠭ ᠤᠨ ᠠᠵᠤ ᠠᠬᠤᠶ ᠳᠤ | ᠤᠴᠠᠷᠠᠭᠰᠠᠨ ᠲᠠᠭᠠᠷᠢᠯᠲᠠ ᠨᠢ 1929 ᠣᠨ ᠤ ᠠᠵᠤ ᠠᠬᠤᠶ ᠶᠢᠨ ᠶᠡᠭᠡ ᠳᠣᠷᠦ᠋ᠢᠳᠠᠯ ᠲᠠᠢ ᠠᠳᠠᠯᠢ ᠥᠬᠡᠶ ᠪᠥᠭᠡᠳ | 2008 ᠣᠨ ᠤ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠤᠨ ᠦᠷᠪᠢᠰᠦᠯᠲᠡ ᠠᠴᠠ ᠪᠣᠯᠤᠭᠰᠠᠨ | ᠨᠥᠯᠥᠭᠡ ᠲᠠᠢ ᠴᠦ ᠠᠳᠠᠯᠢ ᠥᠬᠡᠶ ᠶᠤᠮ᠂ ᠬᠠᠷᠢᠨ ᠬᠠᠩᠭᠠᠯᠭ᠎ᠠ ᠲᠠᠰᠤᠷᠠᠭᠰᠠᠨ ᠪᠠ ᠬᠡᠷᠡᠭᠴᠡᠭᠡ ᠠᠪᠴᠢᠭᠰᠠᠨ | ᠳᠠᠪᠬᠤᠷ ᠲᠠᠭᠠᠷᠢᠯᠲᠠ ᠳᠤ ᠲᠤᠯᠭᠠᠷᠠᠪᠠ᠂ ᠬᠦᠴᠢᠷᠳᠡᠯ ᠨᠢ ᠤᠷᠢᠳ ᠡᠮᠦᠨ᠎ᠡ ᠪᠠᠶᠢᠭ᠎ᠠ ᠥᠬᠡᠶ ᠶᠤᠮ᠃ ᠳᠤᠮᠳᠠᠳᠤ | ᠤᠯᠤᠰ ᠤᠨ ᠠᠵᠤ ᠠᠬᠤᠶ ᠡᠷᠡᠨ ᠵᠠᠭᠤᠨ ᠳᠤ ᠬᠤᠪᠣᠷ ᠲᠣᠬᠢᠶᠠᠯᠳᠤᠬᠤ ᠭᠤᠷᠪᠠᠨ ᠳᠠᠪᠬᠤᠷ ᠬᠦᠨᠳᠦ ᠨᠣᠴᠢᠲᠠᠶ | ᠲᠠᠭᠠᠷᠢᠯᠲᠠ ᠳᠤ ᠤᠴᠠᠷᠠᠵᠠᠶ᠄ ᠨᠢᠭᠡ ᠳᠤ ᠵᠠᠭᠤᠨ ᠵᠢᠯ ᠳᠤ ᠲᠣᠬᠢᠶᠠᠯᠳᠤᠭ᠎ᠠ ᠥᠬᠡᠶ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠭᠡᠨᠡᠳᠲᠡ ᠡᠭᠦᠰᠪᠡ᠂ ᠬᠤᠶᠠᠷ ᠲᠤ ᠳᠡᠯᠡᠬᠡᠶ ᠶᠢᠨ ᠠᠵᠤ ᠠᠬᠤᠶ ᠳᠡᠯᠡᠬᠡᠶ ᠶᠢᠨ ᠬᠤᠶᠠᠳᠤᠭᠠᠷ | ᠲᠡᠶᠢᠨ ᠳᠠᠭᠤᠰᠤᠭᠰᠠᠨ ᠠᠴᠠ ᠨᠠᠭᠠᠰᠢᠳᠠ ᠬᠠᠮᠤᠭ ᠤᠨ ᠬᠦᠨᠳᠦ ᠨᠣᠴᠢᠲᠠᠶ ᠪᠠᠭᠤᠷᠠᠯᠲᠠ ᠳᠤ ᠤᠴᠠᠷᠠᠪᠠ᠂ | ᠭᠤᠷᠪᠠ ᠳᠤ ᠪᠥᠬᠦ ᠲᠠᠯ᠎ᠠ ᠪᠠᠷ ᠲᠠᠰ ᠳᠡᠪᠰᠢᠬᠦ ᠶᠢ ᠵᠠᠷᠢᠮ ᠤᠯᠤᠰ ᠬᠤᠷᠢᠭᠯᠠᠵᠤ᠂ ᠭᠠᠳᠠᠭᠠᠳᠤ ᠣᠷᠴᠢᠨ ᠳᠤ ᠯᠤᠲᠤ | ᠶᠡᠭᠡ ᠥᠷᠢᠰᠥᠯᠳᠦᠭᠡᠨ ᠠᠪᠴᠢᠷᠠᠪᠠ᠃ ︽ᠡᠩ ᠲᠡᠷᠢᠭᠦᠨ ᠳᠤ ᠬᠢᠵᠢᠭ ᠤᠨ ᠪᠠᠶᠢᠳᠠᠯ ᠢ ᠬᠤᠷᠢᠭᠯᠠᠨ ᠵᠣᠭᠰᠤᠭᠠᠵᠤ | ︾ ︽ᠡᠩ ᠲᠡᠷᠢᠭᠦᠨ ᠳᠤ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠵᠦ ︾ ︽ᠡᠩ | ᠲᠡᠷᠢᠭᠦᠨ ᠳᠤ ᠠᠵᠤ ᠠᠬᠤᠢ ᠶᠢᠨ ᠨᠡᠮᠡᠭᠳᠡᠯ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠬᠤ ᠶᠢ ᠪᠡᠶᠡᠯᠡᠭᠦᠯᠵᠡᠢ ︾᠂ | ᠲᠤᠰ ᠤᠳᠠᠭᠠᠨ ᠤ ᠬᠤᠷᠠᠯ ᠨᠢ ︽ᠭᠤᠷᠪᠠᠨ ᠡᠩ ᠲᠡᠷᠢᠭᠦᠨ ︾ ᠢᠶᠠᠷ ᠡᠨᠡ ᠵᠢᠯ ᠤᠨ ᠳᠤᠮᠳᠠᠳᠤ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠢᠯᠡ ᠲᠣᠳᠣ ᠣᠨᠴᠠᠯᠢᠭ ᠢ ᠲᠦᠢᠮᠤᠴᠢᠯᠠᠨ ᠳᠤᠷᠠᠳᠪᠠ᠃ ︽ᠭᠤᠷᠪᠠᠨ | ᠬᠦᠨᠳᠦ ᠨᠣᠴᠢᠲᠠᠢ ᠲᠠᠭᠠᠷᠢᠯᠳᠠ ᠳᠣᠣᠷ᠎ᠠ ︿ᠭᠤᠷᠪᠠᠨ ᠲᠡᠷᠢᠭᠦᠨ ﹀ ᠢ ᠪᠡᠶᠡᠯᠡᠭᠦᠯᠵᠦ᠂ ᠳᠤᠮᠳᠠᠳᠤ ᠤᠯᠤᠰ ᠨᠢᠭᠡᠨ | ᠤᠳᠠᠭᠠᠨ ᠤ ᠠᠮᠵᠢᠯᠲᠠᠲᠠᠢ ᠲᠠᠶᠢᠨ ᠬᠢᠭᠰᠡᠨ ᠪᠥᠭᠡᠳ ︿ᠭᠤᠷᠪᠠᠨ ᠶᠡᠭᠡ ᠠᠮᠵᠢᠯᠲᠠ ﹀ ᠶᠢ ᠣᠯᠵᠠᠢ᠄ ᠡᠯᠪᠡᠭ | ᠪᠠᠶᠠᠯᠢᠭ ᠪᠣᠳᠠᠰ ᠤᠨ ᠦᠷ᠎ᠡ ᠪᠦᠲᠦᠭᠡᠯ ᠢ ᠣᠯᠪᠠ ︔ ᠣᠶᠤᠨ ᠰᠠᠨᠠᠭᠠᠨ ᠤ ᠡᠳ᠋ ᠪᠠᠶᠠᠯᠢᠭ ᠢ ᠣᠯᠪᠠ ︔ ᠶᠡᠭᠡ ᠪᠠᠷ | ᠳᠡᠭᠡᠭᠰᠢᠯᠡᠭᠰᠡᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠣᠯᠪᠠ ᠃ ᠪᠢᠳᠡᠨ ᠤ ᠨᠢᠭᠲᠠᠷᠠᠯ ᠤᠨ ᠬᠦᠴᠦᠨ᠂ | ᠲᠥᠪᠯᠡᠩᠭᠦᠢ ᠬᠦᠴᠦᠨ ᠶᠡᠭᠡ ᠪᠠᠷ ᠳᠡᠭᠡᠭᠰᠢᠯᠡᠪᠡ᠃ ︾ ᠭᠡᠵᠦ ᠬᠤᠷᠠᠯ ᠳᠤ ᠣᠷᠣᠯᠴᠠᠭᠰᠠᠨ ᠨᠢᠭᠡ ᠨᠥᠬᠦᠷ ᠰᠡᠳᠬᠢᠯ | ᠬᠥᠳᠡᠯᠦᠨ ᠬᠡᠯᠡᠪᠡ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ᠂ ᠬᠠᠲᠠᠭᠤ ᠪᠡᠷᠬᠡᠰᠢᠶᠡᠯᠲᠡᠢ | ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠢᠯᠠᠩᠭᠤᠶ᠎ᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ | ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠳᠠᠯ ᠢ ᠣᠨᠣᠪᠴᠢᠲᠠᠶ ᠮᠠᠭᠠᠳᠯᠠᠨ᠂ ᠨᠠᠷᠢᠨ ᠨᠢᠮᠪᠠᠶ ᠲᠥᠯᠥᠪᠵᠢᠭᠦᠯᠦᠨ | ᠪᠠᠶᠢᠷᠢᠯᠠᠭᠤᠯᠵᠤ᠂ ᠡᠷᠡᠰ ᠰᠢᠭᠤᠷᠬᠠᠶ ᠪᠠᠷ ᠠᠵᠢᠯᠯᠠᠭ᠎ᠠ ᠬᠢᠵᠦ᠂ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ | ᠲᠡᠮᠳᠡᠭᠯᠡᠭᠳᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ — ᠳᠤᠮᠳᠠᠳᠤ ᠤᠯᠤᠰ ᠪᠦᠬᠦ | ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ | ᠠᠬᠤᠢ ᠶᠢᠨ ᠴᠣᠭᠴᠠ ᠪᠣᠯᠪᠠ᠃ ᠨᠢᠭᠡᠳᠦᠭᠡᠷ ᠤᠯᠠᠷᠢᠯ ᠳᠤ 6.8% ᠪᠠᠷ ᠪᠠᠭᠠᠰᠴᠤ᠂ ᠬᠤᠶᠠᠳᠤᠭᠠᠷ ᠤᠯᠠᠷᠢᠯ ᠳᠤ 3. | 2% ᠢᠶᠠᠷ ᠨᠡᠮᠡᠭᠳᠡᠨ᠂ ᠭᠤᠷᠪᠠᠳᠤᠭᠠᠷ ᠤᠯᠠᠷᠢᠯ ᠳᠤ 4.9% ᠪᠠᠷ ᠳᠡᠭᠡᠭᠰᠢᠯᠡᠭᠡᠳ᠂ ᠳᠤᠮᠳᠠᠳᠤ ᠤᠯᠤᠰ ᠤᠨ ᠠᠵᠤ | ᠠᠬᠤᠢ ᠶᠢᠨ ᠡᠷᠭᠢᠯᠲᠡ ᠤᠯᠠᠷᠢᠯ ᠳᠠᠷᠠᠭᠠᠯᠠᠨ ᠰᠠᠶᠢᠵᠢᠷᠠᠵᠤ᠂ ᠠᠯᠬᠤᠮ ᠠᠯᠬᠤᠮ ᠢᠶᠠᠷ ᠬᠡᠪ ᠤᠨ ᠪᠠᠶᠢᠳᠠᠯ ᠢᠶᠠᠨ | ᠰᠡᠷᠭᠦᠭᠡᠨ᠂ ᠪᠦᠬᠦ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ ᠳ᠋ᠦᠩᠰᠢᠭᠤᠷ ᠲᠥᠭᠦᠷᠢᠭ ᠢ | ᠳᠠᠪᠠᠭ᠋ᠤ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠴᠢᠬᠤᠯᠠ ᠶᠡᠭᠡ ᠠᠬᠢᠴᠠ ᠲᠠᠢ | ᠪᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠠᠯᠬᠤᠴᠠ ᠲᠦᠷᠭᠡᠳᠴᠦ᠂ ᠰᠢᠨ᠎ᠡ | ᠬᠥᠳᠡᠯᠭᠡᠭᠴᠢ ᠡᠨᠧᠷᠭᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠦᠭᠡᠢ ᠴᠣᠯᠭᠤᠷᠠᠨ ᠢᠯᠡᠷᠡᠪᠡ᠃ | ᠳᠤᠮᠳᠠᠳᠤ ᠤᠯᠤᠰ ᠤᠨ ᠠᠵᠤ ᠠᠬᠤᠶ ᠠᠶᠤᠯ ᠲᠦᠭᠰᠢᠭᠦᠷᠢ ᠲᠠᠢ ᠲᠡᠮᠡᠴᠡᠬᠦ ᠬᠦᠴᠦᠷᠬᠡᠭ ᠶᠡᠭᠡ ᠴᠢᠳᠠᠪᠤᠷᠢ᠂ ᠡᠷᠡᠰ | ᠬᠠᠲᠠᠭᠤ ᠤᠶᠠᠨ ᠬᠠᠳᠠᠨ ᠴᠢᠨᠠᠷ ᠢ ᠢᠯᠡᠷᠡᠭᠦᠯᠪᠡ᠃ — ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ | ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ ᠵᠢᠯ ᠤᠨ ᠡᠬᠢᠨ ᠳᠤ ᠦᠯᠡᠳᠡᠵᠦ ᠪᠠᠶᠢᠭᠰᠠᠨ 551 ᠲᠦᠮᠡᠨ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠪᠠ 52 ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠪᠠ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠢᠷᠠᠵᠤ᠂ ᠪᠣᠬᠢᠷᠲᠤᠯ ᠥᠬᠡᠶ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠨᠢᠭᠡ ᠪᠦᠯᠦᠭ ᠬᠦᠨᠳᠦ ᠶᠡᠭᠡ | ᠠᠶᠤᠯ ᠲᠦᠭᠰᠢᠭᠦᠷᠢᠲᠦ ᠳᠠᠯᠳᠡ ᠭᠡᠮ ᠢ ᠣᠨᠣᠪᠴᠢᠲᠠᠢ ᠵᠠᠳᠠᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠢᠢᠳᠪᠦᠷᠢᠯᠡᠬᠦ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ — ᠥᠭᠡᠷᠡᠴᠢᠯᠡᠯᠲᠡ | ᠨᠡᠭᠡᠭᠡᠯᠲᠡ ᠴᠢᠬᠤᠯᠠ ᠳᠠᠪᠠᠯᠲᠠ ᠶᠢ ᠪᠡᠶᠡᠯᠡᠭᠦᠯᠪᠡ᠃ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ | ᠪᠠᠶᠢᠭᠤᠯᠤᠯᠲᠠ ᠵᠡᠷᠭᠡ ᠴᠢᠬᠤᠯᠠ ᠶᠡᠭᠡ ᠥᠭᠡᠷᠡᠴᠢᠯᠡᠯᠲᠡ ᠨᠡᠬᠡᠭᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ | ᠨᠡᠶᠢᠲᠡᠯᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠪᠠ ᠭᠠᠳᠠᠭᠠᠳᠤ ᠪᠡᠯᠡ ᠶᠢ | ᠠᠰᠢᠭᠯᠠᠬᠤ ᠪᠠᠶᠢᠳᠠᠯ ᠰᠥᠷᠥᠨ ᠨᠡᠮᠡᠭᠳᠡᠵᠦ᠂ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ | ᠪᠠᠶᠢᠭᠤᠯᠬᠤ ᠯᠠᠪᠳᠠᠭᠤᠨ ᠢᠶᠠᠷ ᠠᠬᠢᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ | ᠬᠠᠷᠢᠴᠠᠭ᠎ᠠ ᠶᠢᠨ ᠵᠥᠪᠳᠡᠯᠴᠡᠭᠡᠷ ᠲᠤ ᠭᠠᠷ ᠤᠨ ᠦᠰᠦᠭ ᠠᠮᠵᠢᠯᠲᠠ ᠲᠠᠢ ᠵᠢᠷᠤᠵᠤ᠂ ᠥᠭᠡᠷᠡᠴᠢᠯᠡᠯᠲᠡ ᠨᠡᠭᠡᠭᠡᠯᠲᠡ | ᠰᠢᠨ᠎ᠡ ᠡᠬᠢᠯᠡᠯᠲᠡ ᠶᠢᠨ ᠴᠡᠭ ᠠᠴᠠ ᠪᠠᠨ ᠠᠬᠢᠨ ᠮᠣᠷᠳᠠᠪᠠ᠃ — ᠠᠷᠠᠳ ᠤᠨ ᠠᠮᠢᠳᠤᠷᠠᠯ ᠬᠦᠴᠦᠲᠡᠶ | ᠪᠠᠲᠤᠯᠠᠭ᠎ᠠ ᠲᠠᠢ ᠪᠣᠯᠪᠠ᠃ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ 1100 ᠲᠦᠮᠡᠨ | ᠬᠥᠮᠥᠨ ᠢ ᠳᠠᠪᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ | ᠦᠨᠳᠦᠰᠦᠨ ᠳᠤ ᠪᠠᠨ ᠠᠳᠠᠯᠢ ᠠᠯᠬᠤᠮ ᠲᠠᠢ ᠪᠣᠯᠪᠠ᠃ ᠰᠣᠶᠣᠯ ᠵᠢᠭᠤᠯᠴᠢᠯᠠᠯ᠂ ᠨᠡᠶᠢᠭᠡᠮ ᠤᠨ ᠪᠠᠲᠤᠯᠠᠭ᠎ᠠ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠨᠡᠶᠢᠭᠡᠮ ᠤᠨ ᠵᠠᠰᠠᠯᠲᠠ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠨᠡᠶᠢᠭᠡᠮ ᠤᠨ | ᠬᠥᠭᠵᠢᠯᠲᠡ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠠᠵᠢᠯ ᠲᠦᠷᠭᠡᠪᠴᠢᠯᠡᠨ ᠠᠬᠢᠪᠠ᠃ ᠵᠠᠬ᠎ᠠ | ᠳᠡᠯᠭᠡᠭᠦᠷ ᠤᠨ ᠬᠠᠩᠭᠠᠯᠭ᠎ᠠ ᠡᠯᠪᠡᠭ ᠳᠡᠯᠪᠡᠭ᠂ ᠦᠨ᠎ᠡ ᠬᠠᠩᠰᠢ ᠦᠨᠳᠦᠰᠦᠨ ᠳᠤ ᠪᠠᠨ ᠲᠣᠭᠲᠠᠪᠤᠷᠢᠲᠠᠢ ᠪᠣᠯᠪᠠ᠃ | 2020 ᠣᠨ ᠪᠣᠯ ᠪᠠᠰᠠ ᠴᠤ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠥᠨ᠃ 5 ᠵᠢᠯ ᠤᠨ ᠲᠤᠷᠰᠢ ᠬᠠᠯᠠᠰᠢᠷᠠᠯ ᠦᠭᠡᠢ ᠲᠡᠮᠡᠴᠡᠬᠦ ᠪᠠᠷ ᠳᠠᠮᠵᠢᠭᠠᠳ᠂ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠤ᠂ ᠠᠵᠤ | ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ | ᠶᠡᠷᠦᠩᠬᠡᠢ ᠬᠦᠴᠦᠨ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ ᠲᠤ ᠭᠠᠷᠴᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠤᠳᠠᠯ ᠦᠭᠡᠢ ᠣᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠢᠨ᠎ᠡ ᠨᠢᠭᠡᠨ ᠲᠣᠮᠣ ᠠᠯᠬᠤᠮ ᠢ ᠠᠯᠬᠤᠪᠠ᠃ ︽ᠮᠠᠨ ᠤ | ᠤᠯᠤᠰ ᠳᠡᠯᠡᠬᠡᠶ ᠶᠢᠨ ᠠᠵᠤ ᠠᠬᠤᠶ ᠶᠢᠨ ᠪᠠᠭᠤᠷᠠᠯᠲᠠ ᠶᠢᠨ ᠳᠤᠮᠳᠠ ᠰᠠᠯᠬᠢ ᠳᠠᠪᠠᠯᠭᠠᠨ ᠢ ᠰᠥᠷᠥᠨ ᠤᠷᠤᠭᠰᠢᠯᠠᠪᠠ᠂ | ᠡᠭᠦᠨ ᠢᠶᠠᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠡᠭᠡᠷ᠎ᠡ ᠣᠮᠤᠭ ᠪᠠᠭ᠋ᠠᠳᠤᠯ ᠲᠠᠢ ᠪᠠᠷ | ᠪᠢᠴᠢᠵᠦ ᠪᠣᠯᠤᠨ᠎ᠠ ︾᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠭᠠᠯᠲᠠ ᠶᠢᠨ ᠬᠠᠭᠤᠳᠠᠰᠤ ᠶᠢ | ᠴᠢᠨᠠᠷ ᠰᠠᠶᠢᠲᠠᠶ ᠬᠠᠷᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠦᠨᠳᠦᠰᠦᠨ ᠰᠠᠭᠤᠷᠢ ᠶᠢ | ᠲᠣᠭᠲᠠᠪᠤᠷᠢᠵᠢᠭᠤᠯᠵᠤ᠂ ︿ᠳᠤᠮᠳᠠᠳᠤ ᠤᠯᠤᠰ ᠤᠨ ᠵᠠᠰᠠᠯᠲᠠ ﹀ ᠶᠢᠨ ᠢᠯᠡᠳᠲᠡ ᠳᠠᠪᠠᠭᠤᠯᠢᠭ ᠢ ᠪᠥᠬᠦ | ᠲᠠᠯ᠎ᠠ ᠪᠠᠷ ᠢᠯᠡᠷᠡᠭᠦᠯᠪᠡ ︾ ᠁ ᠳᠤᠭᠤᠶᠢᠯᠠᠩ ᠬᠤᠪᠢᠶᠠᠨ ᠶᠠᠷᠢᠯᠴᠠᠬᠤ ᠦᠶ᠎ᠡ ᠳᠤ᠂ ᠡᠨᠡ ᠵᠢᠯ ᠤᠨ ᠪᠡᠷᠬᠡ | ᠬᠠᠲᠠᠭᠤᠵᠢᠯᠲᠠᠶ ᠪᠠᠶᠢᠳᠠᠯ ᠪᠠ ᠣᠯᠤᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠶᠢᠨ ᠲᠤᠬᠠᠶ ᠬᠤᠷᠠᠯ ᠳᠤ | ᠣᠷᠣᠯᠴᠠᠭᠰᠠᠨ ᠨᠥᠬᠦᠳ ᠬᠥᠷ ᠬᠥᠭᠵᠢᠶᠡᠨ ᠲᠠᠢ ᠶᠠᠷᠢᠯᠴᠠᠵᠤ᠂ ᠭᠦᠨ ᠲᠥᠷᠥᠭᠳᠡᠯ ᠲᠠᠢ ᠪᠠᠶᠢᠯ᠎ᠠ᠃ ᠬᠦᠴᠢᠷ | ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂ ᠡᠨᠡ | ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠦᠬᠦ ᠪᠥᠮᠪᠥᠷᠴᠡᠭ ᠢ ᠠᠵᠢᠭᠯᠠᠪᠠᠯ᠂ ︽ | ᠳᠤᠮᠳᠠᠳᠤ ᠤᠯᠤᠰ ᠤᠨ ᠵᠠᠰᠠᠯᠲᠠ ︾ ᠪᠣᠯᠤᠨ ︽ᠥᠷᠥᠨᠡᠳᠠᠬᠢᠨ ᠤ ᠰᠠᠮᠠᠭᠤᠷᠠᠯ ︾ ᠤᠨ ᠬᠠᠷᠢᠴᠠᠭᠤᠯᠤᠯ ᠨᠡᠩ | ᠢᠯᠡ ᠲᠣᠳᠣ ᠪᠤᠯᠵᠤ᠂ ᠠᠷᠠᠳ ᠤᠯᠠᠨ ᠳᠣᠲᠣᠭᠠᠳᠤ ᠰᠡᠳᠬᠢᠯ ᠠᠴᠠ ᠪᠠᠨ ᠨᠠᠮ ᠤᠨ ᠤᠳᠤᠷᠢᠳᠤᠯᠭ᠎ᠠ ᠶᠢ | ᠬᠦᠷᠢᠶᠡᠯᠡᠵᠦ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠢ ᠨᠡᠩ ᠭᠦᠨᠵᠡᠭᠡᠢ ᠣᠶᠢᠯᠠᠭᠠᠵᠤ᠂ ᠠᠭᠤᠤ | ᠶᠡᠭᠡ ᠡᠬᠡ ᠤᠯᠤᠰ ᠤᠨ ᠢᠶᠠᠨ ᠲᠥᠯᠥᠭᠡ ᠨᠡᠩ ᠴᠢᠩ ᠰᠡᠳᠬᠢᠯ ᠠᠴᠠ ᠪᠠᠨ ᠣᠮᠣᠭᠰᠢᠵᠤ ᠪᠠᠶᠢᠨ᠎ᠠ᠃ ᠡᠷᠬᠢᠮ ᠨᠠᠨᠳᠢᠨ | ᠰᠡᠩᠬᠡᠷᠡᠭᠦᠯᠦᠯ — ᠴᠢᠬᠤᠯᠠ ᠶᠡᠭᠡ ᠵᠠᠩᠭᠢᠯᠠᠭ᠎ᠠ ᠶᠢᠨ ᠦᠶ᠎ᠡ ᠶᠢᠨ ᠴᠢᠬᠤᠯᠠ ᠶᠡᠭᠡ ᠰᠢᠯᠭᠠᠯᠲᠠ᠂ ᠬᠠᠲᠠᠭᠤ ᠴᠢᠩᠭ᠎ᠠ | ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷ ᠤᠨ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠬᠦ ᠳᠤ᠂ ︽ᠲᠠᠪᠤᠨ ᠦᠨᠳᠦᠰᠦᠨ ︾ ᠤ ᠠᠭᠤᠯᠤᠭᠳᠠᠬᠤᠨ ᠭᠦᠨᠵᠡᠭᠡᠢ᠂ | ᠰᠡᠩᠬᠡᠷᠡᠭᠦᠯᠦᠯ ᠭᠦᠨ ᠪᠠᠶᠢᠨ᠎ᠠ ᠬᠤᠷᠠᠯ ᠠᠴᠠ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠦᠢᠯᠡᠳᠦᠯᠭᠡ ᠳᠤᠮᠳᠠ᠂ | ᠪᠢᠳᠡ ᠬᠠᠲᠠᠭᠤ ᠴᠢᠩᠭ᠎ᠠ ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ | ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠪᠡ᠃ ︽ᠨᠠᠮ ᠤᠨ ᠲᠥᠪ ᠬᠤᠷᠢᠶᠠᠨ ᠤ ᠡᠷᠬᠡ ᠰᠦᠷ ᠪᠣᠯ | ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠦᠴᠢᠷ ᠢ ᠰᠦᠷᠦᠨ ᠤᠷᠤᠭᠰᠢᠯᠠᠬᠤ ᠦᠨᠳᠦᠰᠦᠨ ᠲᠦᠰᠢᠭ ᠲᠤᠯᠭᠠᠭᠤᠷᠢ ᠮᠥᠨ ︾᠃ ︽ᠠᠷᠠᠳ | ᠲᠦᠮᠡᠨ ᠢ ᠳᠡᠭᠡᠳᠦᠯᠡᠬᠦ ᠪᠣᠯ ᠵᠥᠪ ᠰᠣᠩᠭᠤᠯᠲᠠ ᠬᠢᠬᠦ ᠶᠢᠨ ᠦᠨᠳᠦᠰᠦᠨ ᠤᠷᠢᠲᠠᠯ ᠮᠥᠨ ︾᠃ ︽ | ᠪᠠᠶᠢᠭᠤᠯᠤᠯ ᠤᠨ ᠳᠠᠪᠠᠭᠤᠯᠢᠭ ᠪᠣᠯ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠠᠤᠭ᠎ᠠ ᠶᠡᠭᠡ ᠬᠦᠴᠦᠨ ᠢ | ᠪᠦᠷᠢᠯᠳᠦᠭᠦᠯᠬᠦ ᠦᠨᠳᠦᠰᠦᠨ ᠪᠠᠲᠤᠯᠠᠭ᠎ᠠ ᠮᠥᠨ ︾᠃ ︽ᠰᠢᠨᠵᠢᠯᠡᠬᠦ ᠤᠬᠠᠭᠠᠨᠴᠢ ᠰᠢᠶ᠋ᠳᠪᠦᠷᠢᠲᠦ ᠪᠣᠳᠣᠯᠭ᠎ᠠ | ᠲᠣᠭᠲᠠᠭᠠᠬᠤ ᠪᠠ ᠪᠦᠲᠦᠭᠡᠯᠴᠢ ᠪᠠᠷ ᠠᠷᠭᠠᠴᠠᠭᠠᠬᠤ ᠪᠣᠯ ᠠᠶᠤᠯ ᠲᠦᠭᠰᠢᠭᠦᠷᠢ ᠶᠢ ᠠᠵᠠ ᠲᠣᠬᠢᠶᠠᠯ ᠪᠤᠯᠭᠠᠨ | ᠬᠤᠪᠢᠷᠠᠭᠤᠯᠬᠤ ᠶᠢᠨ ᠦᠨᠳᠦᠰᠦᠨ ᠠᠷᠭ᠎ᠠ ᠮᠥᠨ ︾᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠶᠢᠨ | ᠦᠨᠳᠦᠰᠦᠨ ᠲᠤᠯᠭᠠᠭᠤᠷᠢᠯᠠᠯ ᠮᠥᠨ ︾᠃ ᠬᠤᠷᠠᠯ ᠠᠴᠠ ᠳᠤᠷᠠᠳᠤᠭᠰᠠᠨ ᠡᠨᠡ ᠬᠦ ︽ᠲᠠᠪᠤᠨ ᠦᠨᠳᠦᠰᠦᠨ ︾ | ᠲᠤᠷᠰᠢᠯᠭ᠎ᠠ ᠨᠢ ᠥᠩᠭᠡᠷᠡᠭᠰᠡᠨ ᠢᠶᠠᠨ ᠳ᠋ᠦᠩᠨᠡᠵᠦ᠂ ᠢᠷᠡᠭᠡᠳᠦᠢ ᠳᠤ ᠰᠡᠩᠬᠡᠷᠡᠭᠦᠯᠦᠯ ᠪᠣᠯᠪᠠ᠃ ︽ᠡᠨᠡ ︿ᠲᠠᠪᠤᠨ | ᠦᠨᠳᠦᠰᠦᠨ ﹀ ᠪᠣᠯ ᠵᠢᠮ᠎ᠡ ᠶᠣᠰᠣ ᠮᠥᠨ᠂ ᠪᠠᠰᠠ ᠴᠤ ᠲᠤᠷᠰᠢᠯᠭ᠎ᠠ ᠮᠥᠨ᠂ ᠪᠢᠳᠡᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠢᠯᠠᠯᠲᠠ ᠠᠴᠠ ᠢᠯᠠᠯᠲᠠ ᠳᠤ ᠬᠥᠷᠬᠦ ᠶᠢᠨ ᠦᠨᠳᠦᠰᠦᠨ | ᠵᠢᠷᠤᠮᠯᠠᠯ ᠮᠥᠨ ︾᠂ ᠬᠤᠷᠠᠯ ᠳᠤ ᠣᠷᠣᠯᠴᠠᠭᠰᠠᠨ ᠨᠥᠬᠦᠳ ᠶᠠᠷᠢᠯᠴᠠᠯᠭ᠎ᠠ ᠳᠤ ᠪᠠᠨ ᠨᠡᠶᠢᠳᠡᠮ ᠦᠵᠡᠭᠰᠡᠨ ᠨᠢ᠂ | ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠵᠤ ᠠᠬᠤᠢ ᠶᠢᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠤᠨ ᠳᠡᠭᠡᠳᠦ ᠬᠡᠮᠵᠢᠶᠡᠨ ᠤ | ᠬᠤᠷᠢᠶᠠᠩᠭᠤᠶᠢᠯᠠᠯ ᠪᠣᠯᠤᠨ᠎ᠠ᠃ ︽ᠲᠠᠪᠤᠨ ᠦᠨᠳᠦᠰᠦᠨ ︾ ᠤ ᠳᠣᠲᠣᠷ᠎ᠠ᠂ ︽ᠨᠠᠮ ᠤᠨ ᠲᠥᠪ ᠬᠤᠷᠢᠶᠠᠨ ᠤ | ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠢᠷ ᠢ ᠰᠦᠷᠦᠨ ᠤᠷᠤᠭᠰᠢᠯᠠᠬᠤ ᠶᠢᠨ ᠦᠨᠳᠦᠰᠦᠨ ᠲᠦᠰᠢᠭ | ᠮᠥᠨ ︾ ᠭᠡᠬᠦ ᠵᠤᠷᠪᠤᠰ ᠪᠣᠯ ᠶᠡᠷᠦᠩᠬᠡᠢ ᠵᠠᠬᠢᠷᠤᠯᠲᠠ᠂ ᠵᠠᠩᠭᠢᠯᠠᠭ᠎ᠠ ᠪᠣᠯᠤᠨ᠎ᠠ᠃ ᠬᠤᠷᠠᠯ ᠠᠴᠠ ᠢᠯᠡ ᠲᠣᠳᠣᠷᠬᠠᠢ | ᠳᠤᠷᠠᠳᠤᠭᠰᠠᠨ ᠨᠢ᠂ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ᠂ ᠴᠢᠬᠤᠯᠠ ᠶᠡᠭᠡ ᠰᠢᠯᠭᠠᠯᠲᠠ ᠶᠢᠨ | ᠡᠮᠦᠨ᠎ᠡ᠂ ᠨᠠᠮ ᠤᠨ ᠲᠥᠪ ᠬᠤᠷᠢᠶᠠᠨ ᠤ ᠮᠠᠭᠠᠳᠯᠠᠬᠤ ᠴᠢᠳᠠᠪᠤᠷᠢ᠂ ᠰᠢᠢᠳᠪᠦᠷᠢᠲᠦ ᠪᠤᠳᠤᠯᠭ᠎ᠠ ᠲᠣᠭᠲᠠᠭᠠᠬᠤ | ᠴᠢᠳᠠᠪᠤᠷᠢ᠂ ᠠᠵᠢᠯᠯᠠᠭ᠎ᠠ ᠠᠪᠬᠤ ᠴᠢᠳᠠᠪᠤᠷᠢ ᠪᠣᠯ ᠰᠢᠢᠳᠪᠦᠷᠢᠲᠦ ᠴᠢᠨᠠᠷᠲᠠᠢ ᠦᠢᠯᠡᠳᠦᠯ ᠲᠠᠢ ᠶᠤᠮ᠃ ︽ | ᠳᠤᠮᠳᠠᠳᠤ ᠤᠯᠤᠰ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠰᠠᠯᠬᠢ ᠰᠦᠷᠦᠨ | ᠳᠠᠪᠠᠯᠭᠠᠨ ᠢ ᠵᠦᠰᠦᠵᠦ ᠶᠡᠷᠦ ᠪᠤᠰᠤ ᠶᠢᠨ ᠠᠮᠵᠢᠯᠲᠠ ᠪᠦᠲᠦᠮᠵᠢ ᠣᠯᠤᠭᠰᠠᠨ ᠶᠠᠪᠤᠳᠠᠯ ᠨᠢ ᠭᠡᠨᠡᠳᠲᠡ ᠶᠢᠨ ᠶᠠᠪᠤᠳᠠᠯ | ᠪᠢᠰᠢ᠂ ᠠᠵᠠ ᠲᠣᠬᠢᠶᠠᠯ ᠪᠢᠰᠢ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ | ᠨᠠᠮ ᠤᠨ ᠲᠥᠪ ᠬᠤᠷᠢᠶ᠎ᠠ ᠵᠠᠮᠴᠢᠯᠠᠭᠴᠢ ᠪᠣᠯᠵᠤ ᠵᠠᠯᠠᠭᠤᠷ ᠪᠠᠷᠢᠭᠰᠠᠨ ᠳᠤ ᠪᠠᠶᠢᠨ᠎ᠠ ︾ ᠭᠡᠵᠦ ᠨᠢᠭᠡᠨ ᠪᠢᠴᠢᠭ | ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠪᠦᠷᠢᠯᠳᠦᠬᠦᠨ ᠢᠩᠭᠢᠵᠦ ᠢᠯᠡᠳᠬᠡᠪᠡ᠃ ᠰᠢᠶ᠋ᠳᠪᠦᠷᠢᠲᠦ ᠪᠣᠳᠣᠯᠭ᠎ᠠ | ᠲᠣᠭᠲᠠᠭᠠᠵᠤ ᠦᠬᠠᠨ ᠬᠤᠲᠠ ᠶᠢ ᠪᠢᠲᠡᠭᠦᠮᠵᠢᠯᠡᠬᠦ ᠠᠴᠠ ᠠᠪᠤᠭᠠᠳ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ | ᠦᠶ᠋ᠯᠡᠳᠪᠦᠷᠢᠯᠡᠯ ᠢᠶᠠᠨ ᠰᠡᠷᠭᠦᠭᠡᠬᠦ ᠬᠦᠷᠲᠡᠯ᠎ᠡ᠂ ᠤᠯᠤᠰ ᠳᠠᠶᠠᠭᠠᠷ ᠤᠨ ᠬᠦᠴᠦᠨ ᠢᠶᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠢ ᠰᠠᠶᠢᠲᠤᠷ ᠬᠢᠬᠦ ᠠᠴᠠ ᠠᠪᠤᠭᠠᠳ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠳᠠᠶᠢᠯᠠᠯᠳᠤᠭᠠᠨ ᠳᠤ ᠢᠯᠠᠯᠲᠠ ᠣᠯᠬᠤ ᠬᠦᠷᠲᠡᠯ᠎ᠡ ᠁ ᠣᠯᠠᠨ ᠳᠠᠪᠬᠤᠴᠠᠭᠰᠠᠨ ᠬᠡᠯᠪᠡᠷᠢ ᠶᠢᠨ | ᠲᠠᠭᠠᠷᠢᠯᠲᠠ ᠳᠤ ᠬᠠᠨᠳᠤᠵᠤ᠂ ᠶᠡᠷᠦᠩᠬᠡᠶ ᠱᠦᠵᠢ ᠰᠢ ᠶᠢᠨ ᠫᠢᠩ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠶᠡᠷᠦ | ᠪᠤᠰᠤ ᠶᠢᠨ ᠬᠦᠴᠢᠷᠳᠡᠯ ᠳᠤ ᠬᠠᠨᠳᠤᠵᠤ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠰᠢᠨᠵᠢᠯᠡᠬᠦ | ᠤᠬᠠᠭᠠᠨᠴᠢ ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠵᠤ᠂ ᠴᠠᠴᠠᠷ ᠲᠤ ᠰᠠᠭᠤᠵᠤ ᠰᠢᠶ᠋ᠳᠪᠦᠷᠢᠲᠦ ᠠᠷᠭ᠎ᠠ ᠭᠠᠷᠭᠠᠨ᠂ | ᠠᠮᠠᠯᠠᠯᠲᠠ ᠪᠠᠨ ᠪᠡᠶᠡᠯᠡᠭᠦᠯᠵᠦ᠂ ᠲᠡᠯᠡᠶ ᠶᠢ ᠰᠢᠩᠭᠡᠭᠡᠬᠦ ᠪᠢᠯᠢᠭᠲᠦ ᠡᠷᠳᠡᠮ ᠪᠣᠯᠤᠨ ᠤᠳᠤᠷᠢᠳᠬᠤ ᠭᠤᠤᠯᠯᠠᠭᠴᠢ ᠶᠢᠨ | ᠦᠶ᠋ᠯᠡᠳᠦᠯ ᠢᠶᠠᠨ ᠪᠠᠳᠠᠷᠠᠭᠤᠯᠵᠤ᠂ ᠶᠡᠭᠡ ᠰᠡᠳᠬᠢᠴᠡ ᠶᠡᠭᠡ ᠪᠠᠶᠢᠷᠢᠰᠢᠯᠠᠭᠤᠯᠤᠯᠲᠠ ᠪᠠᠷ ᠶᠡᠭᠡ ᠬᠤᠪᠢᠰᠤᠯᠲᠠ ᠶᠢ | ᠠᠷᠭᠠᠴᠠᠭᠠᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠬᠦ ᠭᠠᠷᠮᠠᠭᠠᠶ ᠴᠢᠳᠠᠪᠤᠷᠢ ᠪᠠᠨ ᠳᠠᠬᠢᠨᠲᠠ ᠢᠯᠡᠷᠡᠭᠦᠯᠪᠡ᠃ ︽ | ᠡᠨᠡ ᠵᠢᠯ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠣᠳᠠᠲᠠᠢ ᠦᠢᠯᠡᠳᠦᠯᠭᠡ ᠳᠤᠮᠳᠠ | ᠣᠯᠣᠭᠰᠠᠨ ᠶᠡᠭᠡ ᠠᠮᠵᠢᠯᠲᠠ ᠪᠦᠲᠦᠮᠵᠢ᠂ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ᠎ᠠ ︾ ᠬᠡᠮᠡᠨ ᠬᠤᠷᠠᠯ ᠳᠤ | ᠣᠷᠣᠯᠴᠠᠭᠰᠠᠨ ᠨᠥᠬᠦᠳ ᠳᠤᠭᠤᠶᠢᠯᠠᠩ ᠬᠤᠪᠢᠶᠠᠨ ᠶᠠᠷᠢᠯᠴᠠᠬᠤ ᠳᠤ ᠪᠠᠨ ᠦᠨᠡᠨ ᠰᠡᠳᠬᠢᠯ ᠠᠴᠠ ᠪᠠᠨ ᠶᠠᠷᠢᠵᠠᠭᠠᠪᠠ᠃ | ︽ᠠᠷᠠᠳ ᠲᠦᠮᠡᠨ ᠢ ᠳᠡᠭᠡᠳᠦᠯᠡᠬᠦ ︾ ︽ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ︾ ︽ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠪᠦᠲᠦᠭᠡᠯᠴᠢ ᠴᠢᠨᠠᠷᠲᠠᠢ ᠠᠷᠭᠠᠴᠠᠭᠠᠬᠤ ︾ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ | ︾ ᠁ ︽ᠦᠨᠳᠦᠰᠦᠨ ︾ ᠨᠢᠭᠡᠪᠦᠷᠢ ᠳᠤ ᠴᠥᠮ ᠰᠡᠩᠬᠡᠷᠡᠭᠦᠯᠦᠯ ᠠᠭᠤᠯᠵᠤ ᠪᠤᠢ᠃ ᠡᠳᠡᠭᠡᠷ ᠡᠷᠬᠢᠮ | ᠨᠠᠨᠳᠢᠨ ᠲᠤᠷᠰᠢᠯᠭ᠎ᠠ ᠨᠢ ᠬᠥᠮᠦᠰ ᠤᠨ ᠢᠮᠠᠭᠲᠠ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠵᠤ᠂ ᠳᠤᠮᠳᠠᠳᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠳᠦᠯᠥᠨ ᠳᠠᠭᠠᠭᠤᠯᠵᠤ ᠰᠠᠭᠠᠳ ᠦᠭᠡᠢ | ᠤᠷᠤᠭᠰᠢᠯᠠᠭᠤᠯᠤᠮᠤᠢ᠃ ᠰᠠᠷᠠᠨ ᠪᠦᠮᠪᠦᠷᠴᠡᠭ ᠢ ᠬᠠᠶᠢᠨ ᠰᠢᠨᠵᠢᠯᠡᠵᠦ᠂ ᠵᠡᠭᠦᠳᠦ ᠪᠠᠨ ᠲᠡᠷᠭᠡᠯᠰᠢᠭᠦᠯᠦᠨ | ᠤᠷᠤᠭᠰᠢᠯᠠᠵᠠᠭᠠᠶ᠎ᠠ᠃ ︽ᠡᠨᠡ ᠪᠣᠯ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠭᠰᠠᠨ ᠪᠠᠶᠢᠭᠤᠯᠤᠯ ᠤᠨ | ᠳᠠᠪᠠᠭᠤᠯᠢᠭ ᠢ ᠪᠠᠳᠠᠷᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠭᠠᠳ ᠣᠯᠤᠭᠰᠠᠨ ᠪᠠᠰᠠ ᠨᠢᠭᠡᠨ ᠴᠢᠬᠤᠯᠠ | ᠶᠡᠭᠡ ᠠᠮᠵᠢᠯᠲᠠ ᠪᠣᠯᠣᠨ᠎ᠠ ︾᠂ 12 ᠳ᠋ᠤᠭᠠᠷ ᠰᠠᠷ᠎ᠠ ᠶᠢᠨ 17 ᠤ ᠡᠳᠦᠷ᠂ ᠶᠡᠷᠦᠩᠬᠡᠶ ᠱᠦᠵᠢ ᠰᠢ ᠶᠢᠨ ᠫᠢᠩ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠡᠮᠦᠨ᠎ᠡ ᠠᠴᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ | ᠲᠠᠪᠤᠳᠤᠭᠠᠷ ᠤᠨ ᠡᠭᠦᠷᠭᠡ ᠲᠡᠭᠦᠰ ᠠᠮᠵᠢᠯᠲᠠ ᠣᠯᠤᠭᠰᠠᠨ ᠳᠤ ᠪᠠᠶᠠᠷ ᠬᠦᠷᠭᠡᠪᠡ᠃ ᠬᠤᠷᠠᠯ ᠤᠨ ᠬᠤᠭᠤᠴᠠᠭᠠᠨ ᠳᠤ᠂ | 2 ᠺᠢᠯᠣᠭ᠍ᠷᠠᠮ ᠣᠷᠴᠢᠮ ᠤᠨ ᠰᠠᠷᠠᠨ ᠪᠦᠮᠪᠦᠷᠴᠡᠭ ᠤᠨ ᠬᠥᠷᠥᠰᠥ ᠶᠢ ᠲᠡᠭᠡᠭᠡᠭᠰᠡᠨ ᠴᠠᠩ ᠧ ᠲᠠᠪᠤᠳᠤᠭᠠᠷ ᠬᠠᠶᠢᠭᠤᠷ | ᠠᠮᠵᠢᠯᠲᠠ ᠲᠠᠢ ᠪᠠᠷ ᠪᠤᠴᠠᠵᠤ ᠢᠷᠡᠭᠰᠡᠨ ᠨᠢ ᠬᠤᠷᠠᠯ ᠳᠤ ᠣᠷᠣᠯᠴᠠᠭᠰᠠᠳ ᠤᠨ ᠠᠩᠬᠠᠷᠤᠯ ᠪᠠ ᠬᠠᠯᠠᠭᠤᠨ | ᠶᠠᠷᠢᠯᠴᠠᠭ᠎ᠠ ᠶᠢ ᠲᠠᠲᠠᠭᠰᠠᠨ ᠪᠠᠶᠢᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠦᠨᠳᠦᠰᠦᠨ | ᠲᠦᠰᠢᠭ ᠲᠤᠯᠭᠠᠭᠤᠷᠢ ᠮᠥᠨ᠂ ᠡᠭᠦᠨ ᠢ ᠪᠢᠳᠡ ᠨᠡᠩ ᠭᠦᠨᠵᠡᠭᠡᠶ ᠣᠶᠢᠯᠠᠭᠠᠪᠠ ︾᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠯᠠᠭ᠎ᠠ ᠮᠥᠴᠢᠷ ᠠᠴᠠ ᠢᠷᠡᠭᠰᠡᠨ ᠬᠤᠷᠠᠯ ᠳᠤ ᠣᠷᠣᠯᠴᠠᠭᠰᠠᠨ ᠨᠢᠭᠡᠨ ᠨᠥᠬᠦᠷ ᠢᠯᠡᠳᠬᠡᠭᠰᠡᠨ ᠨᠢ᠂ | ︽ᠲᠡᠮᠡᠴᠡᠭᠴᠢ ︾ ᠨᠡᠷᠡᠮᠵᠢᠲᠦ ᠲᠦᠮᠡᠨ ᠮᠧᠳ᠋ᠷ ᠤᠨ ᠭᠦᠨ ᠳᠠᠯᠠᠶ ᠳᠤ ᠱᠤᠩᠭᠤᠬᠤ ᠲᠤᠷᠰᠢᠯᠲᠠ ᠠᠴᠠ ᠠᠪᠤᠭᠠᠳ | ︽ᠵᠢᠦ ᠵᠠᠩ ︾ ᠺᠸᠠᠨ᠋ᠲ ᠺᠣᠮᠫᠢᠦ᠋ᠲ᠋ᠧᠷ ᠢ ᠰᠤᠳᠤᠯᠤᠨ ᠦᠢᠯᠡᠳᠬᠦ ᠠᠵᠢᠯ ᠴᠢᠬᠤᠯᠠ ᠠᠬᠢᠯᠲᠠ ᠲᠠᠢ ᠪᠣᠯᠣᠭᠰᠠᠨ | ᠬᠦᠷᠲᠡᠯ᠎ᠡ᠂ ᠠᠯᠢ ᠣᠯᠠᠨ ᠰᠢᠨ᠎ᠡ ᠡᠭᠦᠳᠦᠯᠲᠡ ᠶᠢᠨ ᠦᠷ᠎ᠡ ᠪᠦᠲᠦᠮᠵᠢ ᠨᠢ ᠵᠢᠯ ᠤᠨ ᠡᠴᠦᠰ ᠲᠤ ᠭᠡᠷᠡᠯ | ᠰᠠᠴᠤᠷᠠᠩᠭᠤᠢ ᠪᠠᠷ ᠢᠯᠡᠷᠡᠨ ᠳᠣᠳᠤᠷᠠᠵᠤ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠢᠳᠡᠷᠡᠭᠦᠨ | ᠠᠯᠬᠤᠭ᠎ᠠ ᠶᠢ ᠭᠡᠷᠡᠴᠢᠯᠡᠬᠦ ᠪᠣᠯᠣᠨ᠎ᠠ᠃ ︽ᠤᠳᠠᠭ᠎ᠠ ᠪᠦᠷᠢ ᠬᠤᠷᠠᠯ ᠳᠤ ᠣᠷᠣᠯᠴᠠᠨ᠂ ᠶᠡᠷᠦᠩᠬᠡᠢ ᠱᠦᠵᠢ ᠰᠢ ᠶᠢᠨ | ᠫᠢᠩ ᠤᠨ ᠶᠠᠷᠢᠶ᠎ᠠ ᠂ ᠠᠵᠢᠯ ᠤᠨ ᠪᠠᠶᠢᠷᠢᠯᠠᠭᠤᠯᠤᠯᠲᠠ ᠶᠢ ᠰᠣᠨᠣᠰᠬᠤ ᠪᠦᠷᠢ ᠢᠲᠡᠭᠡᠯ ᠨᠡᠩ ᠪᠠᠲᠤ ᠴᠢᠩᠭ᠎ᠠ ᠪᠣᠯᠳᠠᠭ | ︕︾ ︽ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤ ᠭᠤᠣᠯᠳᠠᠯᠭ᠎ᠠ ᠶᠢ ᠨᠢ ᠠᠵᠢᠵᠤ᠂ ᠡᠷᠡᠰ ᠴᠢᠩᠭ᠎ᠠ ᠲᠦᠰᠢᠭ | ᠲᠤᠯᠭᠠᠭᠤᠷᠢ ᠨᠢ ᠬᠥᠮᠥᠨ ᠢ ᠪᠢᠰᠢᠷᠡᠭᠦᠯᠳᠡᠭ ︕︾ ᠬᠤᠷᠠᠯ ᠳᠤ ᠣᠷᠣᠯᠴᠠᠭᠰᠠᠨ ᠨᠥᠬᠦᠳ ᠴᠥᠮ ᠡᠶᠢᠮᠦ ᠭᠦᠨᠵᠡᠭᠡᠶ | ᠲᠥᠷᠥᠭᠳᠡᠯ ᠲᠠᠢ ᠪᠣᠯᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠬ᠎ᠠ ᠤᠳᠤᠷᠢᠳᠤᠯᠭ᠎ᠠ ᠪᠠᠶᠢᠬᠤ ᠪᠣᠯᠬᠤᠷ ︽ᠲᠠᠪᠤᠨ ᠦᠨᠳᠦᠰᠦᠨ ︾ ᠵᠢᠮ᠎ᠡ ᠶᠣᠰᠤᠴᠢ ᠲᠤᠷᠰᠢᠯᠭ᠎ᠠ ᠶᠢ | ᠭᠦᠨᠵᠡᠭᠡᠶ ᠣᠶᠢᠯᠠᠭᠠᠵᠤ ᠲᠤᠭᠤᠰᠢᠯᠠᠭᠤᠯᠪᠠᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ | ᠯᠠᠪᠲᠠᠶ ᠢᠯᠠᠭᠳᠠᠰᠢ ᠦᠭᠡᠢ ᠪᠠᠶᠢᠷᠢᠨ ᠳᠤ ᠰᠡᠬᠦ᠋ᠢᠵᠦ᠂ ᠨᠡᠩ ᠶᠡᠭᠡ ᠰᠢᠨ᠎ᠡ ᠭᠠᠶᠢᠬᠠᠮᠰᠢᠭ ᠢ ᠲᠠᠰᠤᠷᠠᠯᠳᠠ ᠦᠭᠡᠢ | ᠡᠭᠦᠳᠦᠨ ᠪᠦᠲᠦᠭᠡᠵᠦ ᠴᠢᠳᠠᠬᠤ ᠶᠤᠮ᠃ ᠰᠢᠨ᠎ᠡ ᠪᠠᠶᠢᠳᠠᠯ ᠢ ᠡᠭᠦᠳᠬᠦ — ᠰᠢᠨ᠎ᠡ ᠡᠬᠢᠯᠡᠯᠲᠡ ᠰᠢᠨ᠎ᠡ ᠲᠡᠮᠡᠴᠡᠯ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠷᠡᠬᠦ ᠵᠢᠯ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ | ᠂ ᠰᠢᠨ᠎ᠡ ᠳᠦᠷᠰᠦ ᠪᠠᠶᠢᠳᠠᠯ ᠲᠠᠢ ᠪᠣᠯᠬᠤ ᠬᠡᠷᠡᠭᠲᠡᠶ ᠰᠠᠯᠬᠢ ᠳᠠᠪᠠᠯᠭᠠᠨ ᠢ ᠰᠦᠷᠦᠨ ᠣᠷᠣᠭᠰᠢᠯᠠᠵᠤ᠂ ᠳᠤᠮᠳᠠᠳᠤ | ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠠᠭᠤᠳᠠᠮ ᠳᠠᠯᠠᠢ ᠶᠢᠨ ᠰᠢᠨ᠎ᠡ ᠣᠷᠣᠨ ᠢᠶᠠᠷ ᠠᠶᠠᠯᠠᠬᠤ ᠪᠣᠯᠣᠨ᠎ᠠ | ᠃ 2021 ᠣᠨ ᠪᠣᠯ ᠮᠠᠨ ᠤ ᠤᠯᠤᠰ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠠᠬᠢ | ᠣᠨᠴᠠᠭᠠᠶ ᠴᠢᠬᠤᠯᠠ ᠴᠢᠨᠠᠷ ᠪᠦᠬᠦᠢ ᠨᠢᠭᠡ ᠵᠢᠯ ᠪᠣᠯᠬᠤ — ︽ᠠᠷᠪᠠᠨ ᠳᠥᠷᠪᠡᠳᠦᠭᠡᠷ ᠲᠠᠪᠤᠨ ᠵᠢᠯ ︾ ᠤᠨ | ᠡᠬᠢᠯᠡᠯᠲᠡ ᠶᠢᠨ ᠵᠢᠯ ᠮᠥᠨ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠡᠬᠢᠯᠡᠬᠦ ᠪᠣᠯᠣᠨ᠎ᠠ᠃ ᠭᠡᠪᠡᠴᠦ ᠤᠷᠤᠭᠰᠢᠯᠠᠬᠤ ᠵᠠᠮ ᠪᠣᠯ ᠲᠡᠶᠢᠮᠦ ᠲᠡᠭᠰᠢ ᠳᠠᠷᠳᠠᠩ ᠪᠢᠰᠢ | ᠶᠤᠮ᠂ ᠢᠯᠠᠯᠲᠠ ᠶᠢᠨ ᠲᠡᠷᠲᠡᠭᠡ ᠡᠷᠭᠢ ᠳᠤ ᠬᠡᠳᠦᠢ ᠣᠶᠢᠷᠠᠳᠬᠤ ᠲᠤᠰᠤᠮ ᠤᠯᠠᠮ ᠬᠠᠲᠠᠭᠤ ᠰᠢᠯᠭᠠᠯᠲᠠ ᠲᠤᠯᠭᠠᠷᠠᠵᠤ | ᠂ ᠲᠤᠬᠰᠢᠠ ᠰᠢᠷᠦᠭᠦᠨ ᠤᠷᠤᠰᠬᠠᠯ ᠤᠨ ᠠᠶᠤᠯ ᠳᠤ ᠤᠴᠠᠷᠠᠬᠤ ᠨᠢ ᠵᠠᠶᠢᠯᠠᠰᠢ ᠤᠢᠭᠡᠢ ᠶᠤᠮ᠃ ᠳᠡᠯᠡᠬᠡᠢ ᠳ᠋ᠠᠬᠢᠨ ᠢ | ᠪᠠᠷᠠᠯᠠᠬᠤᠶ᠎ᠠ᠂ ᠬᠡᠪ ᠤᠨ ᠪᠤᠰᠤ ᠰᠡᠳᠡᠯᠲᠡ ᠥᠭᠬᠦ ᠲᠥᠷᠥ ᠶᠢᠨ ᠪᠣᠳᠣᠯᠭ᠎ᠠ᠂ ᠳᠣᠤᠷ᠎ᠠ ᠰᠠᠭᠤᠷᠢ ᠲᠤᠭ᠎ᠠ ᠪᠣᠯᠤᠨ | ᠸᠠᠺᠼᠢᠨ ᠤ ᠠᠬᠢᠴᠠ ᠵᠡᠷᠭᠡ ᠡᠯᠧᠮᠧᠨ᠋ᠲ ᠤᠨ ᠬᠠᠮᠲᠤ ᠶᠢᠨ ᠦᠢᠯᠡᠳᠦᠯ ᠳᠣᠤᠷ᠎ᠠ ᠢᠷᠡᠬᠦ ᠵᠢᠯ ᠳᠡᠯᠡᠬᠡᠶ ᠶᠢᠨ ᠠᠵᠤ | ᠠᠬᠤᠶ ᠰᠡᠷᠭᠦᠯᠲᠡ ᠶᠢᠨ ᠴᠢᠨᠠᠷᠲᠠᠶ ᠨᠡᠮᠡᠭᠳᠡᠯ ᠭᠠᠷᠬᠤ ᠪᠣᠯᠤᠮᠵᠢ ᠲᠠᠢ ᠪᠠᠶᠢᠨ᠎ᠠ᠂ ᠭᠡᠪᠡᠴᠦ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠨ ᠬᠤᠪᠢᠰᠤᠯᠲᠠ ᠶᠢᠨ ᠬᠤᠭᠤᠴᠠᠭᠠᠨ ᠳᠤ | ᠣᠷᠣᠵᠤ᠂ ᠪᠠᠶᠢᠳᠠᠯ ᠮᠥᠨ ᠬᠦ ᠡᠭᠡᠳᠡᠷᠡᠭᠡᠨ ᠪᠤᠳᠤᠯᠢᠶᠠᠨᠲᠠᠶ ᠪᠠᠶᠢᠵᠤ᠂ ᠬᠢᠵᠢᠭ ᠤᠨ ᠪᠠᠶᠢᠳᠠᠯ ᠤᠨ ᠳᠠᠭᠠᠷᠢᠯᠲᠠ ᠠᠴᠠ | ᠪᠣᠯᠤᠭᠰᠠᠨ ᠡᠯ᠎ᠡ ᠵᠦᠢᠯ ᠤᠨ ᠡᠭᠦᠰᠦᠮᠡᠯ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠤᠰᠢ ᠥᠬᠡᠶ ᠪᠠᠶᠢᠨ᠎ᠠ᠃ | ᠤᠯᠤᠰ ᠤᠨ ᠳᠣᠲᠣᠭᠠᠳᠤ ᠶᠢᠨ ᠪᠠᠶᠢᠳᠠᠯ ᠢ ᠡᠷᠭᠢᠨ ᠬᠠᠷᠠᠬᠤ ᠳᠤ᠂ ᠳᠤᠮᠳᠠᠳᠤ ᠤᠯᠤᠰ ᠤᠨ ᠠᠵᠤ ᠠᠬᠤᠶ | ᠦᠷᠭᠦᠯᠵᠢᠯᠡᠨ ᠰᠡᠷᠭᠦᠵᠦ᠂ ᠪᠠᠶᠢᠳᠠᠯ ᠰᠠᠶᠢᠨ ᠪᠠᠶᠢᠨ᠎ᠠ᠂ ᠭᠡᠪᠡᠴᠦ ᠬᠢᠵᠢᠭ ᠤᠨ ᠬᠤᠪᠢᠷᠠᠯᠲᠠ ᠪᠣᠯᠤᠨ ᠭᠠᠳᠠᠭᠠᠳᠤ | ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢᠲᠤ ᠪᠣᠰᠤ ᠴᠢᠨᠠᠷ ᠣᠷᠣᠰᠢᠵᠤ᠂ ᠠᠵᠤ ᠠᠬᠤᠢ ᠶᠢᠨ | ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠢᠷᠡᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠳᠤ ᠤᠷᠢᠳ ᠢᠶᠠᠷ ᠲᠦᠷᠭᠡᠨ ᠰᠡᠭᠦᠯᠡᠷ ᠨᠢ ᠤᠳᠠᠭᠠᠰᠢᠷᠠᠬᠤ ᠪᠠᠶᠢᠳᠠᠯ ᠢᠯᠡᠷᠡᠵᠦ ᠮᠡᠳᠡᠬᠦ ᠶᠤᠮ᠂ ᠠᠵᠤ | ᠠᠬᠤᠢ ᠶᠢᠨ ᠠᠵᠢᠯᠯᠠᠭᠠᠨ ᠢ ᠬᠡᠷᠬᠢᠨ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠪᠣᠯ ᠨᠢᠭᠡᠨ ᠶᠡᠭᠡ ᠰᠢᠯᠭᠠᠯᠲᠠ | ᠪᠣᠯᠤᠨ᠎ᠠ᠃ ︽ᠨᠠᠷᠢᠨ ᠪᠤᠳᠤᠯᠢᠶᠠᠨᠲᠠᠶ ᠪᠥᠭᠡᠳ ᠬᠠᠲᠠᠭᠤ ᠪᠡᠷᠬᠡ ᠭᠠᠳᠠᠭᠠᠳᠤ ᠣᠷᠴᠢᠨ ᠨᠥᠬᠦᠴᠡᠯ ᠳᠤ | ᠬᠠᠨᠳᠤᠬᠤ ᠳᠤ᠂ ᠵᠠᠩᠭᠢᠯᠠᠭ᠎ᠠ ᠨᠢ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠳᠤ ᠪᠣᠶ ︾᠃ ︽ᠪᠢᠳᠡ | ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ | ᠠᠵᠤ ᠠᠬᠤᠶ ᠶᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠬᠡᠷᠡᠭᠲᠡᠢ ︾᠃ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ | ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠠᠶᠠᠯᠠᠯ ᠤᠨ ᠴᠢᠭᠯᠡᠯ ᠢ ᠵᠢᠯᠣᠭᠤᠳᠤᠨ᠂ ᠢᠷᠡᠬᠦ ᠵᠢᠯ ᠤᠨ ᠠᠵᠤ | ᠠᠬᠤᠢ ᠶᠢᠨ ᠠᠵᠢᠯ ᠳᠤ ᠶᠡᠷᠦᠩᠬᠡᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠴᠢᠭᠯᠡᠯ ᠢ ᠳᠤᠷᠠᠳᠪᠠ — | ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ | ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ | ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠲᠠ ᠪᠣᠯᠭᠠᠬᠤ ᠬᠡᠷᠡᠭᠲᠡᠢ ᠁ | ᠬᠤᠷᠸ᠎ᠠ ᠲᠦᠷᠦ ᠶᠢᠨ ᠪᠤᠳᠤᠯᠭ᠎ᠠ ᠨᠢ ᠦᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠭᠦ᠋ᠢᠴᠡ | ᠴᠢᠨᠠᠷ ᠢ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠣᠨ ᠤ | ᠲᠣᠭᠲᠠᠭᠤᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶ ᠶᠢᠨ ᠰᠡᠷᠭᠦᠯᠲᠡ ᠳᠤ ᠦᠵᠡᠭᠦᠯᠬᠦ | ᠴᠢᠬᠤᠯᠠ ᠳᠡᠮᠵᠢᠯᠭᠡ ᠶᠢᠨ ᠡᠷᠴᠢᠮ ᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ ᠲᠠᠯ᠎ᠠ ᠪᠠᠷ ᠨᠡᠩ | ᠣᠨᠣᠪᠴᠢᠲᠠᠶ ᠪᠦᠲᠦᠮᠵᠢᠲᠡᠶ ᠪᠠᠶᠢᠬᠤ᠂ ᠪᠠᠴᠢᠮ ᠡᠷᠭᠢᠯᠲᠡ ᠭᠠᠷᠭᠠᠬᠤ ᠦᠭᠡᠢ ᠪᠠᠶᠢᠵᠤ᠂ ᠲᠦᠷᠦ ᠶᠢᠨ ᠪᠤᠳᠤᠯᠭ᠎ᠠ ᠶᠢᠨ | ᠴᠠᠭ ᠬᠤᠭᠤᠴᠠᠭᠠᠨ ᠤ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ ᠁ ᠰᠢᠨ᠎ᠡ ᠬᠥᠭᠵᠢᠯᠲᠡ ᠶᠢᠨ | ᠪᠠᠶᠢᠷᠢᠰᠢᠯ ᠢ ᠴᠣᠭᠴᠠᠯᠠᠬᠤ — ᠡᠨᠡ ᠪᠣᠯ ᠲᠤᠰ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠢᠨ ᠠᠵᠢᠯ ᠤᠨ ᠳᠤᠮᠳᠠᠬᠢ ᠢᠯᠡ ᠲᠣᠳᠣ ᠴᠢᠭᠯᠡᠯ ᠪᠣᠯᠤᠨ᠎ᠠ᠃ ︽ᠳᠠᠷᠠᠭ᠎ᠠ | ᠵᠢᠯ ᠤᠨ ᠠᠵᠤ ᠠᠬᠤᠢ ᠶᠢᠨ ᠠᠵᠢᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠲᠣᠭᠤᠷᠢᠨ ᠳᠤ | ᠥᠷᠨᠢᠭᠦᠯᠬᠦ ᠬᠡᠷᠡᠭᠲᠡᠢ ︾᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠡ᠂ ︽ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠳᠠᠷᠠᠭ᠎ᠠ ᠵᠢᠯ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠳᠦᠷᠰᠦ | ᠪᠠᠶᠢᠳᠠᠯ ᠲᠠᠢ ᠪᠣᠯᠭᠠᠬᠤ ᠬᠡᠷᠡᠭᠲᠡᠢ ︾ ᠭᠡᠵᠦ ᠲᠣᠳᠤᠷᠬᠠᠢ ᠱᠠᠭᠠᠷᠳᠠᠪᠠ᠃ ᠬᠤᠷᠠᠯ ᠠᠴᠠ᠂ ᠤᠯᠤᠰ ᠤᠨ | ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠭᠴᠠ ᠪᠤᠯᠭᠠᠵᠦ᠂ ᠤᠯᠤᠰ ᠤᠨ ᠳᠤᠳᠤᠭᠠᠳᠤ ᠭᠠᠳᠠᠭᠠᠳᠤ ᠶᠢᠨ | ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠠ ᠬᠦᠭᠵᠢᠯᠳᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ ᠳᠤ | ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠨᠡ ᠬᠦ ᠭᠤᠤᠯ ᠰᠢᠵᠢᠮ ᠢ ᠴᠢᠩᠭ᠎ᠠ | ᠠᠳᠬᠤᠵᠤ᠂ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠳᠠ ᠶᠢ ᠠᠩᠬᠠᠷᠤᠨ ᠴᠢᠬᠤᠯᠠᠴᠢᠯᠠᠵᠤ᠂ ᠲᠦᠭᠵᠢᠷᠡᠯ ᠢ | ᠨᠡᠪᠳᠡᠷᠡᠭᠦᠯᠵᠦ᠂ ᠳᠤᠳᠠᠭᠤᠳᠠᠯ ᠢ ᠨᠦᠬᠦᠪᠦᠷᠢᠯᠡᠨ᠂ ᠦᠢᠯᠡᠳᠪᠦᠷᠢᠯᠡᠯ᠂ ᠬᠤᠪᠢᠶᠠᠷᠢᠯᠠᠯᠳᠠ᠂ ᠭᠦᠢᠯᠭᠡᠭᠡ᠂ ᠬᠡᠷᠡᠭᠯᠡᠭᠡ | ᠵᠡᠷᠭᠡ ᠡᠯ᠎ᠠ ᠭᠤᠭᠴᠤᠭ᠎ᠠ ᠶᠢ ᠨᠡᠪᠳᠡᠷᠡᠭᠦᠯᠵᠤ᠂ ᠬᠡᠷᠡᠭᠴᠡᠭᠡ ᠪᠠᠷ ᠬᠠᠩᠭᠠᠯᠭ᠎ᠠ ᠶᠢ ᠬᠦᠳᠦᠯᠬᠦ᠂ ᠬᠠᠩᠭᠠᠯᠭ᠎ᠠ ᠪᠠᠷ | ᠬᠡᠷᠡᠭᠴᠡᠭᠡ ᠶᠢ ᠡᠭᠦᠳᠬᠦ ᠨᠡᠩ ᠦᠨᠳᠦᠷ ᠲᠦᠪᠰᠢᠨ ᠤ ᠬᠦᠳᠡᠯᠦᠩᠭᠦᠢ ᠲᠡᠩᠴᠡᠭᠦᠷᠢ ᠶᠢ ᠪᠦᠷᠢᠯᠳᠦᠭᠦᠯᠬᠦ ᠬᠡᠷᠡᠭᠲᠡᠢ | ᠭᠡᠵᠦ ᠳᠤᠷᠠᠳᠪᠠ᠃ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠶᠡᠷᠦᠩᠬᠡᠢ ᠬᠦᠲᠦᠴᠢ ᠪᠣᠯᠭᠠᠵᠤ᠂ | ᠬᠤᠷᠠᠯ ᠠᠴᠠ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠨᠠᠢᠮᠠᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠄ | ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠷᠠᠭᠤᠯᠤᠨ᠎ᠠ ︔ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ | ᠡᠵᠡᠮᠳᠡᠬᠦ ᠴᠢᠳᠠᠪᠤᠷᠢ ᠶᠢ ᠴᠢᠩᠭᠠᠳᠬᠠᠨ᠎ᠠ ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ | ᠪᠤᠳᠤᠯᠭ᠎ᠠ ᠶᠢᠨ ᠰᠠᠭᠤᠷᠢ ᠴᠡᠭ ᠢ ᠪᠠᠷᠢᠮᠲᠠᠯᠠᠨ᠎ᠠ ︔ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ | ︔ ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ ︔ ᠭᠠᠭᠴᠠᠭᠠᠷ ᠡᠵᠡᠮᠰᠢᠯ ᠢ | ᠡᠰᠡᠷᠭᠦᠴᠡᠬᠦ ᠪᠠ ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ ᠦᠷᠭᠡᠳᠬᠦ ᠶᠢ ᠬᠤᠷᠢᠭᠯᠠᠨ ᠵᠣᠭᠰᠤᠭᠠᠬᠤ ᠶᠢ | ᠴᠢᠩᠭᠠᠳᠬᠠᠨ᠎ᠠ ︔ ᠶᠡᠭᠡ ᠬᠤᠳᠠ ᠶᠢᠨ ᠣᠷᠣᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ ︔ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠶᠡᠨ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠨ᠎ᠡ᠃ ᠬᠤᠷᠠᠯ ᠳᠤ ᠣᠷᠣᠯᠴᠠᠭᠰᠠᠨ ᠨᠥᠬᠦᠳ ᠤᠨ ᠦᠵᠡᠬᠦ ᠪᠠᠷ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ | ᠰᠠᠨᠠᠭ᠎ᠠ ᠭᠦᠨ ᠭᠦᠨᠵᠡᠭᠡᠶ ᠪᠠᠶᠢᠵᠤ᠂ ᠴᠢᠭᠯᠡᠯ ᠢ ᠵᠢᠭᠠᠭᠰᠠᠨ ᠢᠶᠠᠷ ᠪᠠᠷᠠᠬᠤ ᠥᠬᠡᠶ ᠪᠠᠰᠠ ᠠᠷᠭ᠎ᠠ ᠵᠠᠮ ᠢ | ᠲᠣᠳᠣᠷᠬᠠᠶᠢᠯᠠᠵᠤ᠂ ᠪᠥᠬᠦ ᠲᠠᠯ᠎ᠠ ᠶᠢ ᠬᠠᠮᠤᠷᠠᠭᠰᠠᠨ ᠢᠶᠠᠷ ᠪᠠᠷᠠᠬᠤ ᠥᠬᠡᠶ ᠪᠠᠰᠠ ᠭᠤᠣᠯᠳᠠᠯᠭ᠎ᠠ ᠶᠢ ᠳᠣᠪᠤᠶᠢᠯᠭᠠᠵᠤ᠂ | ᠠᠯᠢ ᠣᠯᠠᠨ ᠴᠢᠭᠯᠡᠯᠲᠦ ᠴᠢᠨᠠᠷᠲᠠᠶ᠂ ᠦᠨᠳᠦᠰᠦᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠠᠰᠠᠭᠤᠳᠠᠯ ᠢ ᠭᠦᠨᠵᠡᠭᠡᠶ | ᠲᠣᠳᠣᠷᠬᠠᠶᠢᠯᠠᠨ ᠥᠭᠦᠯᠡᠪᠡ᠃ ︽ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠢ ᠴᠢᠩᠭᠠᠷᠠᠭᠤᠯᠬᠤ ︾ ᠶᠢ ᠨᠠᠢᠮᠠᠨ ᠶᠡᠭᠡ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠳᠤ | ᠲᠠᠯᠪᠢᠪᠠ᠃ ᠡᠭᠦᠨ ᠠᠴᠠ ᠡᠮᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ | ᠰᠠᠨᠠᠭᠤᠯᠭ᠎ᠠ ᠳᠤ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠡᠯ᠎ᠡ ᠵᠦᠢᠯ ᠤᠨ | ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠪᠠ᠃ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠪᠦᠬᠦ ᠪᠥᠮᠪᠥᠷᠴᠡᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠳᠤ ᠬᠠᠨᠳᠤᠭᠤᠯᠵᠤ᠂ ᠬᠤᠷᠠᠯ ᠠᠴᠠ ᠤᠯᠤᠰ ᠨᠢ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠵᠤᠬᠢᠶᠠᠨ ᠪᠠᠶᠢᠭᠤᠯᠤᠭᠴᠢ ᠪᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠬᠡᠷᠡᠭᠴᠡᠭᠡ ᠪᠠᠷ ᠤᠳᠤᠷᠢᠳᠤᠮᠵᠢ | ᠪᠤᠯᠭᠠᠬᠤ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠭᠯᠡᠯ ᠪᠠ | ᠭᠤᠤᠯᠳᠠᠯᠭ᠎ᠠ ᠶᠢ ᠲᠤᠭᠳᠠᠭᠠᠵᠤ᠂ ᠤᠯᠤᠰ ᠤᠨ ᠬᠦᠭᠵᠢᠯᠳᠡ ᠪᠠ ᠠᠮᠤᠷ ᠲᠦᠪᠰᠢᠨ ᠢ ᠬᠢᠵᠠᠭᠠᠷᠯᠠᠵᠤ ᠪᠠᠶᠢᠭ᠎ᠠ | ᠴᠢᠬᠤᠯᠠ ᠶᠡᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠪᠠ ᠲᠣᠭᠲᠠᠴᠠ ᠭᠡᠬᠦ ᠬᠤᠶᠠᠷ | ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠠᠮᠤᠷ ᠲᠣᠭᠲᠠᠭᠤᠨ ᠪᠠᠶᠢᠯᠭᠠᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢᠨ ᠰᠠᠭᠤᠷᠢ ᠮᠥᠨ᠃ ᠬᠤᠷᠠᠯ ᠠᠴᠠ᠂ ᠵᠠᠩᠭᠢᠯᠠᠭ᠎ᠠ ᠶᠢᠨ ᠭᠤᠤᠯᠯᠠᠭᠴᠢ ᠮᠡᠷᠭᠡᠵᠢᠯ ᠤᠨ | ᠰᠢᠪᠲᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠵᠤ᠂ ᠨᠢᠭᠡ ᠪᠦᠯᠦᠭ ︽ᠪᠤᠭᠤᠮᠢ ︾ ᠪᠤᠯᠵᠦ ᠪᠠᠶᠢᠭ᠎ᠠ | ᠠᠰᠠᠭᠤᠳᠠᠯ ᠢ ᠲᠦᠷᠭᠡᠨ ᠰᠢᠢᠳᠪᠦᠷᠢᠯᠡᠵᠤ᠂ ᠠᠵᠤ ᠦᠢᠯᠡᠰ ᠤᠨ ᠳᠠᠪᠠᠭᠤᠯᠢᠭ ᠬᠦᠷᠢᠶᠡᠨ ᠳᠤ ᠠᠵᠢᠯ ᠢᠶᠠᠨ ᠨᠠᠷᠢᠯᠢᠭ | ᠬᠢᠵᠤ᠂ ᠨᠡᠩ ᠤᠯᠠᠨ ᠭᠤᠴᠤ ᠮᠡᠷᠭᠡᠵᠢᠯ ᠢ ᠡᠭᠦᠳᠬᠦ ᠬᠡᠷᠡᠭᠳᠠᠢ ᠁ ᠳᠤᠲᠠᠭᠤᠳᠠᠯ ᠲᠠᠯ᠎ᠠ ᠪᠠᠨ ᠨᠥᠬᠦᠪᠥᠷᠢᠯᠡᠨ | ᠳᠠᠪᠠᠭᠤᠯᠢᠭ ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ ᠣᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ | ᠬᠡᠷᠡᠭᠲᠡᠢ ᠭᠡᠵᠦ ᠳᠤᠷᠠᠳᠪᠠ᠃ ︽ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ ︾ ᠢ ᠤᠷᠢᠳᠤ ᠭᠠᠷᠤᠭ᠎ᠠ ᠤᠢᠭᠡᠢ | ᠴᠢᠬᠤᠯᠠᠴᠢᠯᠠᠨ ᠦᠵᠡᠪᠡ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ | ᠲᠠᠯ᠎ᠠ ᠠᠴᠠ᠂ ᠬᠤᠷᠠᠯ ᠠᠴᠠ ᠦᠷ᠎ᠡ ᠶᠢᠨ ᠡᠬᠢ ᠰᠤᠷᠪᠤᠯᠵᠢ ᠶᠢᠨ ︽ᠪᠤᠭᠤᠮᠢ ︾ ᠪᠤᠯᠵᠦ ᠪᠠᠶᠢᠭ᠎ᠠ ᠮᠡᠷᠭᠡᠵᠢᠯ ᠤᠨ | ᠰᠢᠪᠳᠤᠯᠤᠯᠳᠠ ᠶᠢ ᠦᠷᠨᠢᠭᠦᠯᠵᠤ᠂ ᠦᠷ᠎ᠠ ᠶᠢᠨ ᠦᠢᠯᠡᠰ ᠤᠨ ᠬᠤᠪᠢᠰᠤᠯᠲᠠ ᠶᠢᠨ ᠲᠠᠶᠢᠨ ᠢ ᠵᠤᠷᠢᠭᠳᠠᠢ ᠬᠢᠬᠦ | ᠬᠡᠷᠡᠭᠳᠠᠢ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠵᠤ᠂ ᠲᠠᠷᠢᠶᠠᠨ ᠭᠠᠵᠠᠷ ᠢ | ︽ᠲᠠᠷᠢᠶᠠᠯᠠᠩ ᠤᠨ ᠪᠤᠰᠤ ︾ ᠪᠣᠯᠭᠠᠬᠤ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ︾ ᠪᠤᠯᠭᠠᠬᠤ ᠶᠢ | ᠡᠷᠡᠰ ᠰᠡᠷᠭᠡᠶᠢᠯᠡᠵᠤ᠂ ᠲᠠᠷᠢᠶᠠᠨ ᠭᠠᠵᠠᠷ ᠤᠨ ᠡᠵᠡᠯᠡᠯᠲᠡ ᠨᠦᠬᠦᠪᠦᠷᠢ ᠶᠢ ᠲᠡᠩᠴᠡᠭᠦᠷᠢᠳᠠᠢ ᠪᠤᠯᠭᠠᠬᠤ ᠶᠢ | ᠵᠢᠷᠤᠮᠵᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃ ︽ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ | ᠡᠮᠬᠢ ᠵᠠᠮᠪᠠᠷᠠᠭ᠎ᠠ ᠦᠭᠡᠢ ᠦᠷᠭᠡᠳᠬᠦ ᠶᠢ ᠬᠤᠷᠢᠭᠯᠠᠨ ᠵᠣᠭᠰᠤᠭᠠᠬᠤ ᠶᠢ ᠴᠢᠩᠭᠠᠳᠬᠠᠬᠤ ︾ ᠨᠢ ᠠᠯᠤᠰ ᠬᠡᠲᠦ ᠶᠢᠨ | ᠬᠤᠯᠪᠤᠭᠳᠠᠯ ᠲᠠᠢ ᠪᠠᠶᠢᠵᠤ᠂ ᠤᠯᠠᠨ ᠤ ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠃ ᠬᠤᠷᠠᠯ ᠠᠴᠠ᠂ | ᠭᠠᠭᠴᠠᠭᠠᠷ ᠡᠵᠡᠮᠰᠢᠯ ᠢ ᠡᠰᠡᠷᠭᠦᠴᠡᠬᠦ᠂ ᠲᠦᠪ ᠪᠤᠰᠤ ᠦᠷᠢᠰᠦᠯᠲᠦᠭᠡᠡ ᠢ ᠡᠰᠡᠷᠭᠦᠴᠡᠬᠦ ᠪᠤᠯ ᠨᠡᠶᠢᠭᠡᠮ ᠵᠢᠷᠤᠮ ᠤᠨ | ᠵᠠᠬ᠎ᠠ ᠲᠡᠯᠭᠡᠭᠦᠷ ᠤᠨ ᠠᠵᠦ ᠠᠬᠤᠢ ᠶᠢᠨ ᠪᠠᠶᠢᠭᠤᠯᠤᠮᠵᠢ ᠶᠢ ᠪᠦᠷᠢᠨᠰᠢᠭᠦᠯᠵᠤ᠂ ᠴᠢᠨᠠᠷ ᠰᠠᠶᠢᠲᠠᠢ ᠬᠦᠭᠵᠢᠯᠲᠠ ᠶᠢ | ᠠᠬᠢᠭᠤᠯᠬᠤ ᠲᠤᠲᠤᠭᠠᠲᠤ ᠱᠠᠭᠠᠷᠲᠠᠯᠭ᠎ᠠ ᠮᠦᠨ ᠭᠡᠵᠦ ᠲᠣᠳᠤᠷᠬᠠᠢ ᠵᠢᠭᠠᠵᠤ ᠭᠠᠷᠭᠠᠪᠠ᠃ ᠤᠯᠤᠰ ᠠᠴᠠ ᠲᠠᠪᠴᠠᠩᠳᠦ | ᠠᠵᠦ ᠠᠬᠤᠢᠢᠯᠠᠯ ᠤᠨ ᠰᠢᠨ᠎ᠠ ᠶᠢ ᠡᠭᠦᠳᠴᠤ ᠬᠦᠭᠵᠢᠬᠦ ᠶᠢ ᠨᠢ ᠳᠡᠮᠵᠢᠬᠦ᠂ ᠤᠯᠠᠠ ᠤᠯᠤᠰ ᠤᠨ ᠦᠷᠢᠰᠦᠯᠲᠦᠬᠦ | ᠬᠦᠴᠦᠨ ᠢ ᠴᠢᠩᠭᠠᠳᠬᠠᠬᠤ ᠶᠢ ᠲᠣᠳᠤᠷᠬᠠᠶᠢᠯᠠᠭᠰᠠᠨ ᠤ ᠬᠠᠮᠲᠤ ᠳᠦᠷᠢᠮ ᠲᠤᠭᠲᠠᠭᠠᠯ ᠢ ᠴᠢᠩᠭᠠᠳᠬᠠᠠ᠂ ᠬᠢᠨᠠᠯᠲᠠ | ᠬᠠᠮᠢᠶᠠᠷᠤᠯᠲᠠ ᠶᠢᠨ ᠴᠢᠲᠠᠪᠤᠷᠢ ᠶᠢ ᠲᠡᠭᠡᠭᠰᠢᠯᠡᠭᠦᠯᠵᠦ᠂ ᠭᠠᠭᠴᠠᠭᠠᠷ ᠡᠵᠡᠮᠰᠢᠯ ᠪᠠ ᠲᠦᠪ ᠪᠤᠰᠤ ᠦᠷᠢᠰᠦᠯᠲᠦᠭᠡᠡ ᠤ | ᠠᠵᠢᠯᠯᠠᠭ᠎ᠠ ᠶᠢ ᠡᠷᠡᠰ ᠡᠰᠡᠷᠭᠦᠴᠡᠬᠦ ᠶᠢ ᠴᠢᠩᠭᠠᠳᠬᠠᠬᠤ ᠬᠡᠷᠡᠭᠲᠡᠢ ᠭᠡᠪᠡ᠃ ︽ᠶᠡᠭᠡ ᠬᠤᠳᠠ ᠶᠢᠨ ᠣᠷᠣᠨ | ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ︾ ᠨᠢ ᠠᠷᠠᠳ ᠤᠯᠠᠨ ᠤ ᠪᠤᠶᠠᠨ ᠵᠢᠷᠭᠠᠯ ᠲᠠᠢ | ᠬᠤᠯᠪᠣᠭᠳᠠᠨ᠎ᠠ᠃ ᠡᠨᠡ ᠤᠳᠠᠭ᠎ᠠ ᠶᠢᠨ ᠬᠤᠷᠠᠯ ᠠᠴᠠ ︽ᠭᠡᠷ ᠪᠠᠶᠢᠰᠢᠩ ᠨᠢ ᠰᠠᠭᠤᠬᠤ ᠳᠤ ᠵᠣᠷᠢᠭᠤᠯᠤᠭᠰᠠᠨ ᠶᠤᠮ᠂ | ᠰᠠᠷᠢᠭᠠᠯᠠᠬᠤ ᠳᠤ ᠵᠣᠷᠢᠭᠤᠯᠤᠭᠰᠠᠨ ᠪᠢᠰᠢ ︾ ᠭᠡᠳᠡᠭ ᠲᠦᠷᠦ ᠶᠢᠨ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ | ᠪᠠᠷᠢᠮᠲᠠᠯᠠᠬᠤ ᠶᠢᠨ ᠬᠠᠮᠲᠤ ᠤᠢᠢᠷ᠎ᠠ ᠶᠢᠨ ᠬᠤᠭᠤᠴᠠᠭᠠᠨ ᠤ ︽ᠳ᠋ᠠᠨ ᠺᠧ ᠨᠡᠶᠢᠲᠡ ᠶᠢᠨ ᠰᠠᠭᠤᠴᠠ ︾ ᠵᠡᠷᠭᠡ | ᠠᠰᠠᠭᠤᠳᠠᠯ ᠳᠤ ᠣᠨᠤᠪᠴᠢᠲᠠᠢ ᠴᠢᠭᠯᠡᠭᠦᠯᠵᠦ᠂ ᠭᠡᠷ ᠪᠠᠶᠢᠰᠢᠩ ᠢ ︽ᠤᠷᠲᠤ ᠬᠤᠭᠤᠴᠠᠭ᠎ᠠ ᠪᠠᠷ ᠲᠦᠷᠢᠶᠡᠰᠦᠯᠡᠬᠦ | ᠲᠦᠷᠦ ᠶᠢᠨ ᠪᠤᠲᠤᠯᠭ᠎ᠠ ᠶᠢ ᠲᠦᠷᠭᠡᠡ ᠪᠦᠷᠢᠨᠰᠢᠭᠦᠯᠵᠦ᠂ ᠲᠦᠷᠢᠶᠡᠰᠦᠯᠡᠬᠦ ᠬᠤᠲᠠᠯᠲᠤᠨ ᠠᠪᠬᠤ ᠤᠷᠤᠨ ᠰᠠᠭᠤᠴᠠ ᠶᠢ | ᠠᠯᠬᠤᠮ ᠠᠯᠬᠤᠮ ᠢᠶᠠᠷ ᠤᠯᠠᠠ ᠨᠡᠶᠢᠲᠡ ᠶᠢᠨ ᠦᠢᠯᠡᠴᠢᠯᠡᠭᠡ ᠶᠢ ᠡᠳ᠋ᠯᠡᠬᠦ ᠲᠠᠯ᠎ᠠ ᠪᠠᠷ ᠡᠷᠭᠡ ᠲᠡᠭᠰᠢ ᠡᠷᠭᠡ ᠲᠠᠢ | ᠪᠤᠯᠭᠠᠵᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ ᠵᠠᠬ᠎ᠠ ᠲᠡᠯᠭᠡᠬᠦᠷ ᠤᠨ ᠬᠦᠭᠵᠢᠯᠲᠠ ᠶᠢ | ᠵᠢᠷᠤᠮᠵᠢᠭᠤᠯᠬᠤ ᠭᠡᠷᠡᠭᠲᠡᠢ ︾ ᠭᠡᠵᠦ ᠲᠣᠳᠤᠷᠬᠠᠢ ᠳᠤᠷᠠᠳᠤᠨ ᠭᠠᠷᠭᠠᠪᠠ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠳᠡᠭᠡᠷ ᠠᠯᠢ ᠤᠯᠠᠨ | ᠭᠤᠣᠯᠳᠠᠯᠭ᠎ᠠ ᠲᠠᠢ ᠡᠭᠦᠷᠭᠡ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠡᠷᠴᠢᠮᠲᠡᠢ ᠬᠠᠷᠢᠭᠤᠯᠲᠠ | ᠥᠭᠴᠡᠢ᠃ ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ ᠬᠤᠷᠠᠯ ᠳᠤ ᠣᠷᠣᠯᠴᠠᠭᠰᠠᠨ ᠨᠥᠬᠦᠳ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠠᠶᠢᠷᠢᠯᠠᠭᠤᠯᠤᠯᠲᠠ ᠡᠭᠦᠷᠭᠡ ᠶᠢᠨ ᠲᠣᠭᠤᠷᠢᠨ ᠳᠤ | ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠣᠰ ᠲᠣᠰ ᠤᠨ ᠲᠤᠰᠬᠠᠶ ᠮᠡᠷᠭᠡᠵᠢᠯ ᠤᠨ ᠬᠠᠷᠠᠭᠠᠰᠤ ᠠᠴᠠ ᠲᠠᠷᠠᠭ᠎ᠠ ᠵᠢᠯ ᠤᠨ | ᠠᠵᠤ ᠠᠬᠤᠶ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ | ᠠᠭᠤᠵᠢᠷᠠᠲᠠᠯ᠎ᠠ ᠶᠠᠷᠢᠯᠴᠠᠵᠤ᠂ ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠬᠤᠷᠠᠯ ᠳᠤ | ᠣᠷᠣᠯᠴᠠᠭᠰᠠᠨ ᠨᠥᠬᠦᠳ ᠠᠴᠠ ᠢᠯᠡᠳᠬᠡᠬᠦ ᠳᠤ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠨᠠᠷᠢᠨ ᠪᠤᠳᠤᠯᠢᠶᠠᠨᠲᠠᠶ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠡᠵᠡᠮᠳᠡᠯ᠂ ᠬᠥᠭᠵᠢᠯᠲᠡ ᠶᠢᠨ ᠵᠢᠮ᠎ᠡ | ᠶᠣᠰᠣ ᠶᠢᠨ ᠲᠤᠬᠠᠢ ᠭᠦᠨᠵᠡᠭᠡᠶ ᠠᠵᠢᠭᠯᠠᠯᠲᠠ᠂ ᠬᠥᠭᠵᠢᠯᠲᠡ ᠶᠢᠨ ᠬᠠᠷᠠᠯᠲᠠ ᠶᠢᠨ ᠲᠤᠬᠠᠢ ᠣᠨᠤᠪᠴᠢᠲᠠᠢ | ᠲᠦᠯᠦᠪᠯᠡᠭᠡ ᠶᠢ ᠲᠤᠰᠬᠠᠵᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠦᠨᠳᠦᠰᠦᠨ | ᠵᠢᠷᠤᠮᠯᠠᠯ ᠬᠠᠩᠭᠠᠵᠤ᠂ ᠳᠠᠷᠠᠭ᠎ᠠ ᠵᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ︽ᠠᠩᠬᠠᠨ ᠤ | ᠠᠯᠬᠤᠮ ᠢ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠢ ᠨᠡᠭᠡᠭᠡᠬᠦ ︾ ᠴᠢᠭᠯᠡᠯ ᠢ ᠲᠣᠳᠣᠷᠬᠠᠶ ᠵᠢᠭᠠᠵᠤ | ᠥᠭᠴᠡᠶ ᠭᠡᠪᠡ᠃ ᠭᠤᠣᠯ ᠲᠤᠯᠭᠠᠭᠤᠷᠢᠯᠠᠬᠤ ᠬᠦᠴᠦᠨ — ᠲᠦᠭ ᠲᠦᠮᠡᠨ ᠢᠶᠠᠷ ᠢᠶᠠᠨ ᠰᠡᠳᠬᠢᠯ ᠠᠯᠬᠤᠭ᠎ᠠ ᠪᠠᠨ | ᠨᠢᠭᠡᠳᠬᠡᠵᠦ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ | ᠦᠨᠡᠨ ᠬᠦ ᠠᠳᠬᠤᠵᠤ ᠰᠢᠷᠭᠠᠭᠤ ᠠᠵᠢᠯᠯᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠠᠵᠤ ᠠᠬᠤᠢ ᠶᠢᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ ᠰᠢᠨ᠎ᠡ ᠠᠶᠠᠯᠠᠯ ᠢ ᠡᠬᠢᠯᠡᠭᠦᠯᠬᠦ ᠳᠤ | ᠶᠠᠭᠤᠨ ᠳᠤ ᠲᠥᠰᠢᠭᠯᠡᠵᠦ᠂ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠢ ᠠᠷᠭᠠᠴᠠᠭᠠᠵᠤ ᠴᠤᠴᠠᠯᠲᠠ ᠦᠭᠡᠢ | ᠤᠷᠤᠭᠰᠢᠯᠠᠬᠤ ᠪᠤᠢ ︖ ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ | ᠢᠯᠠᠨ ᠳᠠᠪᠠᠭ᠋ᠤ ᠶᠢᠨ ︽ᠷᠢᠳᠢ ᠰᠢᠳᠢ ︾ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠶᠢᠨ | ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠤᠳᠤᠷᠢᠳᠬᠤ ᠪᠠᠶᠢᠭᠤᠯᠤᠯ ᠲᠣᠭᠲᠠᠴᠠ ᠶᠢ ᠪᠠᠷᠢᠮᠲᠠᠯᠠᠨ ᠪᠦᠷᠢᠨᠰᠢᠭᠦᠯᠵᠦ᠂ ᠪᠦᠬᠦ ᠨᠠᠮ ᠤᠨ | ᠠᠯᠬᠤᠭ᠎ᠠ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠠ᠃ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ | ᠮᠠᠨ ᠤ ᠨᠠᠮ ᠤᠨ ᠲᠦᠷᠦ ᠶᠢ ᠵᠠᠰᠠᠬᠤ ᠶᠢᠨ ᠴᠢᠬᠤᠯᠠ ᠶᠡᠭᠡ ᠡᠭᠦᠷᠭᠡ ᠮᠥᠨ᠃ ︽ᠨᠠᠮ ᠤᠨ ᠤᠳᠤᠷᠢᠳᠤᠯᠭ᠎ᠠ | ᠲᠤᠬᠰᠢᠨ ᠳᠠᠪᠠᠯᠭᠠᠨ ᠰᠢᠷᠦᠭᠦᠨ ᠤᠷᠤᠰᠬᠠᠯ ᠤᠨ ᠳᠤᠮᠳᠠ ᠬᠠᠳᠠ ᠴᠢᠯᠠᠭᠤ ᠮᠡᠲᠦ ᠪᠠᠲᠤ ᠪᠠᠬᠢ ᠶᠤᠮ ︾ ︽ᠶᠡᠷᠦ | ᠪᠤᠰᠤ ᠶᠢᠨ ᠠᠮᠵᠢᠯᠲᠠ ᠪᠦᠲᠦᠮᠵᠢ ᠶᠢᠨ ᠠᠷᠤ ᠳᠤ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ | ᠪᠠᠶᠢᠨ᠎ᠠ᠂ ᠨᠠᠮ ᠤᠨ ᠤᠳᠤᠷᠢᠳᠤᠯᠭ᠎ᠠ ᠳᠣᠣᠷ᠎ᠠ ᠬᠦᠴᠦᠷᠬᠡᠭ ᠶᠡᠭᠡ ᠲᠠᠶᠢᠴᠢᠨ ᠬᠦᠴᠦᠨ ᠢ ᠪᠦᠷᠢᠯᠳᠦᠭᠦᠯᠵᠡᠢ ︾ | ︽︿ᠳᠤᠮᠳᠠᠳᠤ ᠤᠯᠤᠰ ᠤᠨ ᠵᠠᠰᠠᠯᠲᠠ ﹀ ᠶᠢᠨ ᠢᠯᠡᠳᠲᠡ ᠳᠠᠪᠠᠭᠤᠯᠢᠭ ᠢ ᠪᠦᠬᠦ ᠲᠠᠯ᠎ᠠ ᠪᠠᠷ ᠲᠤᠰᠬᠠᠪᠠ ︾ ᠁ | ᠬᠤᠷᠠᠯ ᠤᠨ ᠬᠤᠭᠤᠴᠠᠭᠠᠨ ᠳᠤ᠂ ︽ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠬᠤ ︾ ᠨᠢ ᠡᠯ᠎ᠡ ᠳᠤᠭᠤᠶᠢᠯᠠᠩ ᠤᠨ ᠶᠠᠷᠢᠯᠴᠠᠭᠠᠨ ᠤ ᠬᠠᠮᠲᠤ ᠶᠢᠨ ᠲᠠᠨᠢᠯᠲᠠ ᠪᠣᠯᠪᠠ | ᠃ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠪᠠᠷᠠᠯᠠᠨ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠬᠠᠷᠠᠬᠤᠶ᠎ᠠ᠂ ᠪᠢᠳᠡ ᠦᠷᠭᠦᠯᠵᠢᠯᠡᠨ ᠡᠷᠡᠮᠡᠬᠡᠶᠢᠯᠡᠨ ᠲᠡᠮᠡᠴᠡᠵᠦ᠂ ᠰᠢᠨ᠎ᠡ ᠶᠢ ᠡᠭᠦᠳᠦᠨ | ᠤᠷᠤᠭᠰᠢᠯᠠᠬᠤ ᠴᠢᠬᠤᠯᠠᠲᠠᠢ ᠪᠠᠶᠢᠨ᠎ᠠ᠃ ᠪᠠᠶᠢᠳᠠᠯ ᠬᠡᠳᠦᠢ ᠨᠠᠷᠢᠨ ᠪᠤᠳᠤᠯᠢᠶᠠᠨᠲᠠᠢ ᠡᠭᠦᠷᠭᠡ ᠬᠡᠳᠦᠢ ᠪᠡᠷᠬᠡ | ᠬᠠᠲᠠᠭᠤᠵᠢᠯᠲᠠᠢ ᠪᠣᠯᠬᠤ ᠳᠣᠲᠣᠮ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠨᠡ ᠬᠦ ᠴᠢᠭᠯᠡᠯ ᠵᠢᠭᠠᠭᠰᠠᠨ | ᠵᠦᠭᠯᠡᠭᠦᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠲᠦᠰᠢᠭ ᠲᠤᠯᠭᠠᠭᠤᠷᠢ ᠠᠴᠠ ᠤᠯᠠᠮ ᠰᠠᠯᠵᠤ | ᠪᠣᠯᠬᠤ ᠦᠭᠡᠢ ᠪᠦᠭᠡᠳ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠪᠠᠷᠢᠮᠲᠠᠯᠠᠨ ᠴᠢᠩᠭᠠᠳᠬᠠᠬᠤ | ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ᠂ ᠠᠯᠢᠪᠠ ᠢᠳᠡᠪᠬᠢ ᠬᠦᠴᠦᠨ ᠵᠦᠶ᠋ᠯ ᠢ ᠭᠦᠶ᠋ᠴᠡᠳ ᠳᠠᠶᠢᠴᠢᠯᠠᠵᠤ᠂ ᠪᠦᠯᠬᠦᠮᠳᠡᠵᠦ | ᠪᠣᠯᠬᠤ ᠬᠦᠴᠦᠨ ᠪᠦᠬᠦᠨ ᠲᠠᠢ ᠥᠷᠭᠡᠨ ᠢᠶᠠᠷ ᠪᠦᠯᠬᠦᠮᠳᠡᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠪᠠ᠃ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠤᠯᠤᠰ ᠲᠦᠷᠦ ᠶᠢᠨ ᠤᠬᠠᠮᠰᠠᠷ ᠢᠶᠠᠨ ᠪᠠᠲᠤᠳᠬᠠᠨ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ — ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ︽ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠤ | ᠠᠬᠤᠢ ᠶᠢᠨ ᠠᠵᠢᠯ ᠢ ᠴᠢᠬᠤᠯᠠᠴᠢᠯᠠᠬᠤ ᠬᠡᠷᠡᠭᠲᠡᠢ ︾ ︽ᠤᠯᠤᠰ ᠲᠦᠷᠦ ᠶᠢᠨ ᠬᠠᠷᠠᠴᠠ ᠪᠠᠷ ᠠᠵᠤ ᠠᠬᠤᠢ | ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠤ ᠴᠢᠳᠠᠮᠠᠭᠠᠢ ᠪᠠᠶᠢᠬᠤ ᠬᠡᠷᠡᠭᠲᠡᠢ ︾ ︽ᠤᠯᠤᠰ | ᠲᠦᠷᠦ ᠶᠢᠨ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ | ᠠᠬᠤᠢ ᠶᠢᠨ ᠠᠵᠢᠯᠯᠠᠭᠠᠨ ᠤ ᠤᠯᠤᠰ ᠲᠦᠷᠦ ᠶᠢᠨ ᠦᠷ᠎ᠡ ᠳ᠋ᠦᠩ ᠢ ᠴᠢᠳᠠᠮᠠᠭᠠᠢ ᠠᠵᠢᠭᠯᠠᠬᠤ ᠬᠡᠷᠡᠭᠲᠡᠢ ︾ ᠭᠡᠪᠠ᠃ | ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ | ᠡᠷᠴᠢᠮᠲᠡᠢ ᠨᠠᠶᠢᠳᠠᠪᠤᠷᠢᠵᠢᠭᠤᠯᠬᠤ ᠬᠡᠷᠡᠭᠲᠡᠢ᠂ ᠬᠤᠭᠤᠰᠣᠨ ᠤᠷᠢᠶ᠎ᠠ ᠬᠠᠰᠬᠢᠷᠤᠭᠠᠳ ᠨᠠᠶᠢᠳᠠᠪᠤᠷᠢᠵᠢᠭᠤᠯᠬᠤ ᠦᠭᠡᠢ | ᠪᠠᠶᠢᠵᠤ ᠪᠣᠯᠬᠤ ᠦᠭᠡᠢ᠂ ᠨᠡᠩ ᠴᠤ ᠬᠡᠯᠪᠡᠷᠢᠴᠢ ᠦᠵᠡᠯ᠂ ᠨᠣ᠋ |