ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ | ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ | ᠲᠥᠯᠥᠪᠯᠡᠭᠡ ᠶᠢ ᠦᠷᠭᠦᠯᠵᠢᠯᠡᠭᠦᠯᠬᠦ ᠪᠠᠷ ᠲᠣᠭᠲᠠᠭᠠᠪᠠ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ | ᠪᠠ ᠰᠢᠢᠳᠪᠦᠷᠢᠯᠡᠬᠦ ᠲᠦᠷᠢᠮ ︵ᠲᠥᠰᠦᠯ ︶︾ ᠪᠠ ︽ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ | ᠲᠠᠯᠪᠢᠬᠤ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ ︾ ᠢ ᠪᠠᠲᠤᠯᠠᠪᠠ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 21 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ | ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠪᠣᠯᠣᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ | ᠥᠷᠭᠦᠯᠵᠢᠯᠡᠭᠦᠯᠬᠦ ᠪᠠᠷ ᠲᠣᠭᠲᠠᠭᠠᠵᠤ᠂ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ | ᠰᠢᠢᠳᠪᠦᠷᠢᠯᠡᠬᠦ ᠲᠦᠷᠢᠮ ︵ᠲᠥᠰᠦᠯ ︶︾ ᠪᠠ ︽ᠡᠮᠴᠢᠯᠡᠭᠡᠨ ᠤ ᠪᠠᠭᠠᠵᠢ ᠬᠡᠷᠡᠭᠰᠡᠯ ᠳᠤ ᠬᠢᠨᠠᠯᠲᠠ ᠲᠠᠯᠪᠢᠬᠤ | ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ ︶︾ ᠢ ᠪᠠᠲᠤᠯᠠᠪᠠ᠃ ᠬᠤᠷᠠᠯ ᠠᠴᠠ | ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠡᠨᠡ ᠵᠢᠯ ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ | ᠳᠡᠮᠵᠢᠯᠭᠡ ᠪᠠᠨ ᠨᠡᠮᠡᠭᠳᠡᠭᠦᠯᠬᠦ᠂ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠦᠴᠢᠷ ᠢ | ᠲᠤᠭᠤᠯᠤᠭᠤᠯᠬᠤ ᠶᠢᠨ ᠲᠥᠯᠥᠭᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠭᠤᠰ ᠤᠨ ᠲᠥᠷᠥ ᠶᠢᠨ | ᠪᠣᠳᠣᠯᠭ᠎ᠠ ᠶᠢ ᠰᠢᠭᠤᠳ ᠬᠦᠷᠲᠡᠬᠦ ᠬᠤᠶᠠᠷ ᠠᠷᠭ᠎ᠠ ᠶᠢ ᠨᠡᠶᠢᠲᠡᠯᠡᠪᠡ᠄ ᠲᠣᠬᠠᠶᠢᠯᠠᠪᠠᠯ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠩᠬᠢ ᠳᠤ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠡᠬᠡ ᠬᠦᠤ ᠮᠥᠩᠭᠦ ᠶᠢ ᠨᠢ ᠪᠤᠴᠠᠭᠠᠬᠤ ᠶᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ | ᠬᠡᠷᠡᠭᠵᠢᠭᠦᠯᠬᠦ ᠳᠤ ᠵᠣᠬᠢᠬᠤ ᠬᠡᠮᠵᠢᠶᠡᠨ ᠤ ᠤᠷᠮᠠᠰᠢᠭᠤᠯᠤᠯ ᠣᠯᠭᠤᠬᠤ ᠪᠠ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠪᠠᠩᠬᠢ ᠠᠴᠠ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ | ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠣᠯᠣᠨ᠎ᠠ᠃ ᠡᠨᠡᠬᠦ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ 310 ᠭᠠᠷᠤᠶ ᠲᠦᠮᠡᠨ ᠡᠷᠦᠬᠡ ᠵᠢᠵᠢᠭ | ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ | ᠨᠠᠮᠳᠠᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠰᠠᠭᠤᠭᠠᠯᠢ ᠠᠷᠠᠳ ᠤᠨ ᠠᠵᠢᠯ | ᠣᠯᠭᠤᠯᠲᠠ ᠶᠢ ᠪᠠᠲᠤᠯᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠣᠳᠣᠬᠠᠨ ᠳᠤ ᠠᠵᠤ ᠠᠬᠤᠶ ᠠᠯᠬᠤᠮ | ᠠᠯᠬᠤᠮ ᠢᠶᠠᠷ ᠬᠡᠪ ᠤᠨ ᠪᠠᠶᠢᠳᠠᠯ ᠳᠤ ᠪᠠᠨ ᠣᠷᠣᠵᠤ ᠪᠠᠶᠢᠭ᠎ᠠ ᠪᠣᠯᠪᠠᠴᠤ ᠵᠢᠵᠢᠭ ᠪᠢᠴᠢᠯ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ᠣᠨᠴᠠᠭᠠᠢ ᠬᠦᠴᠢᠷᠳᠡᠯ ᠢ ᠮᠥᠨ ᠬᠦ ᠬᠠᠪᠰᠤᠷᠤᠨ ᠲᠡᠳᠬᠦᠬᠦ | ᠴᠢᠬᠤᠯᠠᠲᠠᠶ ᠪᠠᠶᠢᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠢ ᠲᠠᠢ | ᠪᠠᠶᠢᠯᠭᠠᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠥᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ | ᠪᠣᠯᠤᠨ ᠥᠷᠭᠦᠯᠵᠢᠯᠡᠭᠦ᠋ᠢᠴᠡ ᠴᠢᠨᠠᠷ ᠢ ᠪᠠᠲᠤᠯᠠᠨ᠂ ᠲᠥᠷᠥ ᠶᠢᠨ ᠪᠣᠳᠣᠯᠭ᠎ᠠ ᠶᠢ ᠥᠷᠭᠦᠯᠵᠢᠯᠡᠭᠦᠯᠬᠦ ᠪᠠ ᠵᠦᠶ | ᠵᠣᠬᠢᠰᠲᠠᠶ ᠲᠣᠬᠢᠷᠠᠭᠤᠯᠬᠤ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠬᠡᠷᠡᠭᠲᠡᠢ ᠪᠠᠶᠢᠨ᠎ᠠ᠃ | ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠤᠤᠯ ᠤᠨ ᠲᠣᠭᠲᠠᠭᠠᠭᠰᠠᠨ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠶᠢ ᠨᠢ | ᠪᠤᠴᠠᠭᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ | ᠡᠨᠡᠬᠦ ᠰᠠᠭᠤᠷᠢᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠶᠢ ᠵᠣᠬᠢᠰᠲᠠᠶ ᠤᠷᠳᠤᠳᠬᠠᠨ᠂ ᠵᠠᠬ᠎ᠠ | ᠳᠡᠯᠭᠡᠭᠦᠷᠴᠢᠯᠡᠬᠦ ᠵᠠᠷᠴᠢᠮ ᠤᠨ ᠶᠣᠰᠣᠭᠠᠷ ᠤᠷᠲᠤᠳᠬᠠᠪᠠᠰᠤ ᠵᠣᠬᠢᠬᠤ ᠪᠦᠬᠦᠨ ᠢ ᠤᠷᠲᠤᠳᠬᠠᠵᠤ᠂ ᠪᠠᠩᠬᠢ ᠪᠣᠯᠤᠨ | ᠠᠵᠤ ᠠᠬᠤᠶᠢᠯᠠᠯ ᠡᠵᠡᠨ ᠮᠡᠳᠡᠨ ᠵᠥᠪᠳᠡᠯᠴᠡᠵᠦ ᠲᠣᠭᠲᠠᠭᠠᠬᠤ ᠬᠡᠷᠡᠭᠲᠡᠶ᠃ ᠵᠢᠭᠡᠯᠡᠯᠭᠡ ᠶᠢᠨ ᠡᠬᠡ ᠬᠦᠦ | ᠮᠥᠩᠭᠦ ᠶᠢ ᠨᠢ ᠪᠤᠴᠠᠭᠠᠬᠤ ᠶᠢ ᠬᠤᠶᠢᠰᠢᠯᠠᠭᠤᠯᠤᠭᠰᠠᠨ ᠮᠥᠷᠲᠡᠭᠡᠨ ᠬᠤᠭᠤᠴᠠᠭ᠎ᠠ ᠨᠢ 6 ᠰᠠᠷ᠎ᠠ ᠠᠴᠠ ᠳᠡᠭᠡᠭᠰᠢ | ᠪᠠᠶᠢᠬᠤ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠵᠢᠭᠡᠯᠡᠯᠭᠡ ᠶᠢᠨ ᠡᠬᠡ ᠮᠥᠩᠭᠦ ᠶᠢᠨ 1% ᠪᠠᠷ | ᠦᠷᠭᠦᠯᠵᠢᠯᠡᠨ ᠤᠷᠮᠠᠰᠢᠭᠤᠯᠬᠤ ᠬᠡᠷᠡᠭᠲᠡᠶ᠃ ᠬᠤᠶᠠᠷ ᠲᠤ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ | ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠬᠤᠭᠤᠴᠠᠭ᠎ᠠ ᠶᠢᠨ ᠡᠨᠡ | ᠵᠢᠯ ᠤᠨ ᠡᠴᠦᠰ ᠠᠴᠠ ᠵᠣᠬᠢᠰᠲᠠᠶ ᠤᠷᠲᠤᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠩᠬᠢ ᠨᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ | ᠵᠢᠭᠡᠯᠡᠯᠭᠡ ᠲᠠᠯᠪᠢᠪᠠᠯ᠂ ᠵᠢᠭᠡᠯᠡᠯᠭᠡ ᠶᠢᠨ ᠡᠬᠡ ᠮᠥᠩᠭᠦ ᠶᠢᠨ 40% ᠪᠠᠷ ᠦᠷᠭᠦᠯᠵᠢᠯᠡᠨ ᠬᠠᠷᠠᠭᠠᠯᠵᠠᠯᠲᠤ ᠪᠠᠯᠠ | ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠵᠣᠭᠤᠰ ᠤᠨ ᠲᠥᠷᠥ ᠶᠢᠨ ᠪᠣᠳᠣᠯᠭ᠎ᠠ ᠶᠢ | ᠰᠢᠭᠤᠳ ᠬᠦᠷᠲᠡᠬᠦ ᠠᠷᠭ᠎ᠠ ᠶᠢ ᠰᠠᠶᠢᠲᠤᠷ ᠬᠡᠷᠡᠭᠵᠢᠭᠦᠯᠬᠦ ᠪᠠ ᠵᠣᠬᠢᠰᠲᠠᠶ ᠤᠷᠲᠤᠳᠬᠠᠬᠤ ᠶᠠᠪᠤᠳᠠᠯ ᠨᠢ᠂ ᠵᠢᠵᠢᠭ | ᠪᠢᠴᠢᠯ ᠠᠵᠤ ᠠᠬᠤᠶᠢᠯᠠᠯ ᠢ ᠬᠠᠪᠰᠤᠷᠤᠨ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠤᠨ | ᠬᠤᠪᠢᠷᠠᠯᠲᠠ ᠶᠢ ᠨᠡᠩ ᠰᠠᠶᠢᠲᠤᠷ ᠠᠷᠭᠠᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠰᠡᠷᠭᠦᠯᠲᠡ ᠶᠢ | ᠪᠡᠶᠡᠯᠡᠭᠦᠯᠬᠦ ᠳᠤ ᠠᠰᠢᠭᠲᠠᠶ ᠶᠤᠮ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠣᠯᠢ ᠪᠠᠷ ᠵᠠᠰᠠᠬᠤ ᠠᠷᠭ᠎ᠠ ᠪᠠᠷ | ᠴᠢᠬᠤᠯᠠ ᠪᠦᠬᠦᠢ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠣᠯᠠᠨ ᠲᠦᠮᠡᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠠᠴᠠ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ ︵ | ᠲᠥᠰᠦᠯ ︶︾ ᠢ ᠪᠠᠲᠤᠯᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠬᠠᠤᠯᠢ ᠪᠤᠰᠤ ᠪᠡᠯᠡ ᠴᠤᠭᠯᠠᠭᠤᠯᠬᠤ ᠠᠵᠢᠯ ᠢ ᠰᠡᠷᠭᠡᠶᠢᠯᠡᠬᠦ ᠪᠠ ᠰᠢᠢᠳᠪᠦᠷᠢᠯᠡᠬᠦ | ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ ᠲᠣᠭᠲᠠᠭᠠᠭᠰᠠᠨ ᠪᠦᠭᠡᠳ ᠣᠷᠣᠨ ᠨᠤᠲᠤᠭ ᠤᠨ ᠡᠯ᠎ᠡ | ᠱᠠᠲᠤᠨ ᠤ ᠵᠠᠰᠠᠭ ᠤᠨ ᠣᠷᠳᠣᠨ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠯ᠂ ᠢᠨᠲ᠋ᠧᠷ ᠰᠦᠯᠵᠢᠶᠡᠨ ᠤ ᠬᠠᠮᠢᠶᠠᠷᠤᠯᠲᠠ᠂ ᠵᠠᠷ ᠮᠡᠳᠡᠭᠡ ᠪᠠ ᠪᠡᠯᠡ ᠮᠥᠩᠭᠦ ᠶᠢᠨ | ᠬᠢᠨᠠᠨ ᠬᠡᠮᠵᠢᠯᠲᠡ ᠵᠡᠷᠭᠡ ᠲᠠᠯ᠎ᠠ ᠪᠠᠷ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ | ᠲᠣᠲᠣᠷᠬᠠᠶᠢᠯᠠᠵᠤ᠂ ᠪᠠᠶᠢᠴᠠᠭᠠᠨ ᠰᠢᠢᠳᠪᠦᠷᠢᠯᠡᠬᠦ ᠶᠠᠪᠤᠴᠠ ᠳᠠᠬᠢ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠬᠢᠨᠠᠨ ᠬᠠᠮᠢᠶᠠᠷᠴᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠠᠢ᠃ ᠲᠥᠰᠦᠯ ᠳᠤ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠵᠠᠰᠠᠭ ᠵᠠᠬᠢᠷᠭᠠᠨ᠂ ᠡᠷᠡᠭᠦᠤ ᠶᠢᠨ ᠬᠠᠷᠢᠭᠤᠴᠠᠯᠭ᠎ᠠ ᠪᠠ ᠪᠡᠯᠡ ᠮᠥᠩᠭᠦ ᠶᠢ | ᠢᠯᠭᠠᠷᠠᠭᠤᠯᠤᠨ ᠪᠤᠴᠠᠭᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠭᠰᠠᠳ ᠤᠨ ᠬᠠᠷᠢᠭᠤᠴᠠᠪᠠᠰᠤ | ᠵᠣᠬᠢᠬᠤ ᠦᠷ᠎ᠡ ᠳ᠋ᠦᠩ ᠵᠡᠷᠭᠡ ᠶᠢᠨ ᠲᠠᠯ᠎ᠠ ᠪᠠᠷ ᠴᠢᠩᠭ᠎ᠠ ᠲᠣᠭᠲᠠᠭᠠᠯ ᠭᠠᠷᠭᠠᠵᠠᠶ᠃ ᠲᠥᠰᠦᠯ ᠳᠤ ᠪᠠᠰᠠ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠢ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠨᠡᠶᠢᠭᠡᠮ | ᠨᠡᠶᠢᠲᠡ ᠶᠢᠨ ᠬᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠦᠵᠡᠯ ᠤᠬᠠᠮᠰᠠᠷ ᠪᠠ ᠢᠯᠭᠠᠨ | ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭᠠᠵᠠᠢ᠃ ᠬᠤᠷᠠᠯ ᠠᠴᠠ ᠵᠢᠭᠠᠵᠤ | ᠭᠠᠷᠭᠠᠭᠰᠠᠨ ᠨᠢ᠂ ᠡᠮᠴᠢᠯᠡᠭᠡᠨ ᠤ ᠪᠠᠭᠠᠵᠢ ᠬᠡᠷᠡᠭᠰᠡᠯ ᠨᠢ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ | ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ ᠬᠠᠮᠤᠭ ᠤᠨ ᠴᠢᠩᠭ᠎ᠠ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ᠡᠮᠴᠢᠯᠡᠭᠡᠨ ᠤ ᠪᠠᠭᠠᠵᠢ ᠬᠡᠷᠡᠭᠰᠡᠯ ᠳᠤ | ᠬᠢᠨᠠᠯᠲᠠ ᠲᠠᠯᠪᠢᠬᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ ︶︾ ᠢ ᠪᠠᠲᠤᠯᠠᠵᠤ᠂ | ᠠᠵᠤ ᠠᠬᠤᠶᠢᠯᠠᠯ᠂ ᠰᠤᠳᠤᠯᠤᠨ ᠦᠢᠯᠡᠳᠬᠦ ᠪᠠᠶᠢᠭᠤᠯᠤᠮᠵᠢ ᠶᠢᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ | ᠲᠥᠪᠰᠢᠨ ᠴᠢᠨᠠᠷ ᠪᠣᠯᠣᠨ ᠦᠷ᠎ᠡ ᠪᠦᠳᠦᠮᠵᠢᠳᠦ ᠴᠢᠨᠠᠷ ᠲᠤ ᠬᠠᠷᠢᠭᠤᠴᠠᠬᠤ ᠬᠠᠷᠢᠭᠤᠴᠠᠯᠭ᠎ᠠ ᠶᠢ ᠴᠢᠩᠭᠠᠳᠬᠠᠵᠤ᠂ | ᠬᠢᠨᠠᠨ ᠵᠥᠪᠰᠢᠶᠡᠷᠡᠯ᠂ ᠳᠠᠩᠰᠠᠯᠠᠭᠤᠯᠬᠤ ᠳᠡᠰ ᠳᠠᠷᠠᠭᠠᠯᠠᠯ ᠢ ᠲᠤᠲᠤᠷᠬᠠᠶᠢᠯᠠᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ | ᠪᠠᠷᠢᠯ ᠢ ᠲᠡᠭᠦᠯᠳᠡᠷᠵᠢᠭᠦᠯᠵᠦ᠂ ᠦᠢᠯᠡᠳᠬᠦᠨ ᠤ ᠴᠤᠷ ᠤᠨ ᠭᠠᠭᠴᠠ ᠢᠯᠭᠠᠬᠤ ᠲᠡᠮᠳᠡᠭ ᠢ ᠮᠥᠷᠳᠡᠨ ᠪᠠᠶᠢᠴᠠᠭᠠᠬᠤ | ᠵᠡᠷᠭᠡ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠡᠮᠡᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠭᠡᠬᠦ | ᠡᠷᠴᠢᠮ ᠢ ᠴᠢᠩᠭᠠᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠳᠤ ᠬᠤᠯᠪᠣᠭᠳᠠᠭᠰᠠᠨ ᠬᠦᠨᠳᠦ ᠨᠣᠴᠢᠲᠠᠶ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠬᠤ ᠵᠣᠭᠤᠰᠣᠨ ᠤ ᠲᠤᠭ᠎ᠠ ᠶᠢ ᠶᠡᠬᠡᠪᠡᠷ ᠨᠡᠮᠡᠭᠳᠡᠭᠦᠯᠦᠨ᠂ | ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠨᠢᠭᠡᠴᠢ ᠵᠢᠴᠢ ᠬᠠᠷᠢᠭᠤᠴᠠᠯᠭᠠᠲᠠᠨ ᠤ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠ ᠠᠵᠢᠯ ᠲᠦᠷᠦᠯ ᠪᠣᠯᠣᠨ ᠵᠠᠬ᠎ᠠ ᠳᠡᠯᠭᠡᠭᠦᠷ ᠲᠤ ᠣᠷᠣᠬᠤ ᠶᠢ ᠨᠢ | ᠴᠠᠭᠠᠵᠠᠯᠠᠬᠤ ᠵᠡᠷᠭᠡ ᠴᠢᠩᠭ᠎ᠠ ᠰᠢᠢᠳᠬᠡᠯ ᠥᠭᠴᠦ᠂ ᠶᠠᠯᠠᠲᠤ ᠠᠵᠢᠯᠯᠠᠭ᠎ᠠ ᠳᠤ ᠬᠤᠯᠪᠣᠭᠳᠠᠪᠠᠯ ᠬᠠᠤᠯᠢ ᠶᠣᠰᠣᠭᠠᠷ | ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠷ ᠪᠣᠯᠵᠠᠢ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ | |