ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠥᠷᠲᠡᠭᠡ
ᠨᠡᠶᠢᠲᠡᠯᠡᠭᠰᠡᠨ ᠴᠠᠭ᠄
2020/4/16
    ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠥᠷᠲᠡᠭᠡ 2018 ᠣᠨ ᠤ 6 ᠰᠠᠷ᠎ᠠ ᠶᠢᠨ 28 ᠤ ᠡᠳᠦᠷ ᠵᠢᠩᠬᠢᠨᠢ ᠪᠠᠷ ᠨᠡᠪᠲᠡᠷᠡᠨ ᠬᠡᠷᠡᠭᠯᠡᠭᠳᠡᠪᠡ᠃᠂ ᠲᠣᠰ ᠰᠦᠯᠵᠢᠶ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠤᠩᠭᠤᠯ ᠰᠦᠯᠵᠢᠶᠡᠨ ᠤ ᠴᠤᠭᠯᠠᠷᠡᠯ ᠤᠨ ᠬᠤᠰᠢᠭᠤ ᠰᠢᠶᠠᠨ ᠲᠣᠭᠤᠷᠢᠭ ᠤᠨ ᠨᠢᠭᠡᠨ ᠦᠷᠲᠡᠭᠡᠨ ᠴᠢᠭ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠬᠠᠷᠢᠭᠤᠴᠠᠨ ᠬᠠᠮᠢᠶᠠᠷᠴᠤ᠂ ᠲᠦᠴᠢᠦᠸᠠᠨ ᠰᠢᠶᠡᠨ ᠢ ᠤᠬᠠᠭᠤᠯᠵᠤ᠂ ᠲᠦᠴᠢᠦᠸᠠᠨ ᠰᠢᠶᠠᠨ ᠢ ᠳᠡᠯᠭᠡᠷᠡᠭᠦᠯᠵᠦ᠂ ᠲᠦᠴᠢᠦᠸᠠᠨ ᠰᠢᠶᠠᠨ ᠤ ᠤᠷᠤᠨ  ᠪᠦᠰᠡ ᠶᠢᠨ ᠥᠩᠭᠡ ᠦᠵᠡᠮᠵᠢ᠂ ᠡᠬᠢ ᠪᠠᠶᠠᠯᠢᠭ ᠤᠨ ᠣᠨᠴᠠᠯᠢᠭ᠂ ᠲᠡᠦᠬᠡ ᠰᠣᠶᠣᠯ᠂ ᠰᠣᠶᠣᠯ ᠢᠷᠭᠡᠨᠰᠢᠯ ᠤᠨ ᠣᠨᠴᠠ ᠴᠢᠨᠠᠷ ᠢ ᠳᠡᠯᠭᠡᠨ ᠦᠵᠡᠭᠦᠯᠬᠦ ᠴᠢᠬᠤᠯᠠ ᠲᠠᠪᠴᠠᠩ ᠪᠣᠯᠤᠨ᠎ᠠ᠃ ᠰᠦᠯᠵᠢᠶ᠎ᠡ ᠨᠢ ︽ᠰᠤᠨᠢᠨ ᠮᠡᠳᠡᠭᠡ︾᠂ ︽ᠢᠯᠡ ᠵᠠᠰᠠᠭ︾᠂ ︽ᠦᠢᠯᠡᠴᠢᠯᠡᠭᠡ︾᠂ ︽ᠰᠢᠨ᠎ᠡ ᠬᠥᠳᠡᠭᠡ︾᠂ ︽ ᠰᠤᠶᠤᠯ ᠡᠷᠳᠡᠨᠢ︾ ᠵᠡᠷᠭᠡ ᠬᠠᠪᠲᠠᠭᠠᠢ ᠪᠠᠷ ᠪᠦᠷᠢᠯᠳᠦᠵᠡᠶ᠃ ᠲᠤᠰ ᠰᠦᠯᠵᠢᠶᠡᠨ ᠤ ᠦᠷᠳᠡᠭᠡ ᠪᠠᠷ ᠳᠠᠮᠵᠢᠭᠤᠯᠤᠨ ᠥᠷᠭᠡᠨ ᠤᠯᠠᠨ ᠮᠣᠩᠭᠤᠯ ᠦᠨᠳᠦᠰᠦᠲᠡᠨ ᠤ ᠤᠯᠠᠨ ᠲᠦᠮᠡᠨ ᠳᠤ ᠲᠦᠴᠢᠦᠸᠠᠨ ᠰᠢᠶᠠᠨ ᠤ ᠵᠠᠩ ᠠᠭᠠᠯᠢ᠂ ᠰᠣᠨᠢᠨ ᠮᠡᠳᠡᠭᠡᠨ ᠤ ᠬᠡᠷᠡᠭ ᠵᠢᠴᠢ ᠨᠡᠶᠢᠲᠡᠯᠡᠭᠰᠡᠨ ᠡᠯ᠎ᠡ ᠵᠦᠢᠯ ᠤᠨ ᠰᠢᠨ᠎ᠡ ᠲᠦᠷᠦ ᠶᠢᠨ ᠪᠤᠳᠤᠯᠭ᠎ᠠ ᠶᠢ ᠴᠠᠭ ᠢᠮᠠᠭᠲᠠ ᠣᠶᠢᠯᠠᠭᠠᠵᠤ ᠪᠣᠯᠤᠨ᠎ᠠ᠃     ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠥᠷᠲᠡᠭᠡ ᠶᠢᠨ ᠳᠠᠩᠰᠠᠯᠠᠬᠤ ᠬᠡᠯᠪᠡᠷᠢ ᠨᠢ ᠳᠤᠤᠷᠠᠬᠢ ᠮᠡᠲᠦ ᠬᠤᠶᠠᠷ ᠵᠦᠶᠯ ᠪᠠᠶᠢᠨ᠎ᠠ᠃ ᠨᠢᠭᠡ ᠳᠤ ᠰᠢᠭᠤᠳ ᠰᠦᠯᠵᠢᠶᠡᠨ ᠤ ᠬᠠᠶ᠋ᠢᠭ http://mgl. tq. gov. cn  ᠂ ᠬᠤᠶᠠᠷ ᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ www. tq. gov.cn  ᠳᠤ ᠭᠠᠷᠴᠤ ᠪᠠᠷᠠᠭᠤᠨ ᠳᠡᠭᠡᠷ᠎ᠡ ᠲᠠᠯ᠎ᠠ ᠶᠢᠨ ᠮᠣᠩᠭᠤᠯ ᠭᠡᠳᠡᠭ ᠦᠰᠦᠭ ᠢ ᠳᠣᠶ᠋ᠢᠬᠤ ᠪᠠᠷ ᠳᠠᠮᠵᠢᠨ ᠮᠣᠩᠭᠤᠯ ᠬᠡᠯᠡᠨ ᠤ ᠰᠦᠯᠵᠢᠶ᠎ᠠ ᠳᠤ ᠤᠷᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号