ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ | ᠬᠤᠷᠠᠯ 25 ᠤ ᠦᠳᠡ ᠶᠢᠨ ᠡᠮᠦᠨ᠎ᠡ ᠸᠢᠳᠢᠣ᠋ | ᠬᠤᠷᠠᠯ ᠬᠤᠷᠠᠯᠳᠤᠭᠤᠯᠪᠠ᠃ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠶᠠᠩ | ᠬᠤᠷᠠᠯ ᠳᠤ ᠣᠷᠣᠯᠴᠠᠪᠠ᠃ 12 ᠭᠡᠰᠢᠭᠦᠨ ᠶᠡᠭᠡ | ᠬᠤᠷᠠᠯ ᠳᠡᠭᠡᠷ᠎ᠡ ᠦᠭᠡ ᠬᠡᠯᠡᠪᠡ᠃ ᠬᠤᠷᠠᠯ ᠨᠢ | ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠪᠠᠶᠢᠭᠤᠯᠭ᠎ᠠ ᠳᠤ ᠭᠤᠤᠯ | ᠬᠤᠷᠠᠯ ᠤᠨ ᠲᠠᠯᠠᠪᠠᠢ ᠭᠠᠷᠭᠠᠵᠤ᠂ | ᠭᠡᠰᠢᠭᠦᠳ ᠤᠨ ᠰᠠᠭᠤᠭ᠎ᠠ ᠭᠠᠵᠠᠷ ᠲᠤ | ᠬᠤᠪᠢᠶᠠᠷᠢ ᠬᠤᠷᠠᠯ ᠤᠨ ᠲᠠᠯᠠᠪᠠᠢ | ᠭᠠᠷᠭᠠᠪᠠ᠃ | ᠨᠠᠮ ᠤᠨ ᠲᠥᠪ ᠬᠤᠷᠢᠶᠠᠨ ᠤ ᠱᠦᠵᠢ ᠨᠡᠷ ᠤᠨ | ᠭᠠᠵᠠᠷ ᠤᠨ ᠱᠦᠵᠢ᠂ ᠲᠥᠪ ᠤᠨ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠶᠢᠦ | ᠴᠢᠤᠸᠠᠨ ᠬᠤᠷᠠᠯ ᠳᠤ ᠣᠷᠣᠯᠴᠠᠨ | ᠬᠡᠰᠢᠬᠦᠳ ᠤᠨ ᠬᠡᠯᠡᠬᠦ ᠶᠢ ᠰᠣᠨᠣᠰᠪᠠ᠃ | ᠬᠤᠸᠠᠩ ᠯᠦ ᠴᠢ ᠭᠡᠰᠢᠭᠦᠨ᠂ ᠬᠢᠲᠠᠳ ᠡᠮ | ᠡᠮᠨᠡᠯᠭᠡ ᠬᠦᠨᠳᠦ ᠶᠡᠭᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠭᠦ | ᠳᠤᠮᠳᠠ ᠴᠢᠬᠤᠯᠠ ᠦᠢᠯᠡᠳᠦᠯ | ᠦᠵᠡᠭᠦᠯᠦᠭᠰᠡᠨ ᠢ ᠦᠢᠯᠡᠳᠦᠯᠭᠡ | ᠭᠡᠷᠡᠴᠢᠯᠡᠵᠡᠶ᠃ ᠬᠢᠲᠠᠳ ᠧᠦ᠋ᠷᠣᠫᠠ ᠡᠮ | ᠡᠮᠨᠡᠯᠭᠡ ᠶᠢᠨ ᠬᠠᠮᠵᠢᠯᠴᠠᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠢᠲᠠᠳ ᠡᠮ | ᠡᠮᠨᠡᠯᠭᠡ ᠶᠢᠨ ᠲᠤᠰᠬᠠᠶ ᠮᠡᠷᠭᠡᠵᠢᠯᠲᠡᠨ ᠢ | ᠤᠯᠤᠰ ᠤᠨ ᠡᠯ᠎ᠡ ᠱᠠᠲᠤᠨ ᠤ ᠡᠪᠡᠳᠴᠢᠨ | ᠡᠮᠭᠡᠭ ᠢ ᠰᠡᠷᠭᠡᠶᠢᠯᠡᠨ ᠵᠠᠰᠠᠬᠤ | ᠰᠢᠢᠳᠪᠦᠷᠢᠲᠦ ᠪᠣᠳᠣᠯᠭ᠎ᠠ ᠪᠠ ᠲᠥᠰᠦᠯ | ᠲᠣᠭᠲᠠᠭᠠᠬᠤ ᠳᠤ ᠣᠷᠣᠯᠴᠠᠭᠤᠯᠵᠤ᠂ ᠬᠢᠲᠠᠳ | ᠡᠮ ᠡᠮᠨᠡᠯᠭᠡ ᠶᠢᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ | ᠬᠢᠲᠠᠳ ᠧᠦ᠋ᠷᠣᠫᠠ ᠡᠮ ᠡᠮᠨᠡᠯᠭᠡ ᠶᠢ | ᠤᠶᠠᠯᠳᠤᠭᠤᠯᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ | ᠰᠤᠳᠤᠯᠭᠠᠨ ᠤ ᠲᠠᠪᠴᠠᠩ ᠢ ᠪᠠᠶᠢᠭᠤᠯᠬᠤ | ᠳᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠴᠧᠩ ᠬᠤᠩ ᠭᠡᠰᠢᠭᠦᠨ ᠳᠤᠮᠳᠠᠳᠤ ᠤᠯᠤᠰ ᠤᠨ | ᠠᠷᠠᠳᠴᠢᠯᠠᠭᠰᠠᠨ ᠬᠤᠯᠪᠣᠭ᠎ᠠ ᠶᠢᠨ ᠲᠥᠪ | ᠬᠤᠷᠢᠶ᠎ᠠ ᠶᠢ ᠲᠥᠯᠥᠭᠡᠯᠡᠨ ᠦᠭᠡ | ᠬᠡᠯᠡᠭᠦ ᠳᠡᠭᠡᠨ᠂ ᠮᠠᠨ ᠤ ᠤᠯᠤᠰ ᠤᠨ | ᠬᠡᠤᠬᠡᠳ ᠪᠠᠭᠠᠴᠤᠳ ᠤᠨ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠤᠨ ᠭᠤᠤᠯ | ᠭᠦᠢᠴᠡᠳᠬᠡᠯ ᠲᠤᠭ᠎ᠠ ᠵᠠᠯᠭᠠᠭ᠎ᠠ ᠪᠠᠷ ᠬᠤᠷᠢ | ᠭᠠᠷᠤᠶ ᠵᠢᠯ ᠳᠣᠷᠣᠭᠰᠢᠯᠠᠭᠰᠠᠨ ᠤ ᠭᠦᠨ | ᠳᠠᠪᠬᠤᠷᠭ᠎ᠠ ᠶᠢᠨ ᠰᠢᠯᠲᠠᠭᠠᠨ ᠨᠢ | ᠰᠢᠨᠵᠢᠯᠡᠬᠦ ᠤᠬᠠᠭᠠᠨᠴᠢ ᠰᠢᠰᠲ᠋ᠧᠮᠳᠦ | ᠡᠷᠡᠭᠦᠯ ᠮᠡᠨᠳᠦ ᠶᠢᠨ ᠬᠥᠮᠦᠵᠢᠯ᠂ ᠪᠡᠶ᠎ᠡ | ᠮᠠᠬᠠᠪᠣᠳ ᠤᠨ ᠰᠢᠯᠭᠠᠨ ᠬᠡᠮᠵᠢᠯᠲᠡ ᠪᠠ | ᠬᠤᠷᠢᠭᠯᠠᠯᠳᠠ ᠶᠢᠨ ᠰᠢᠰᠲ᠋ᠧᠮ | ᠳᠤᠲᠠᠭᠳᠠᠭᠰᠠᠨ ᠠᠴᠠ ᠪᠣᠯᠤᠭᠰᠠᠨ ᠶᠤᠮ | ᠭᠡᠵᠠᠢ᠃ ᠳᠡᠷᠡ ᠰᠠᠨᠠᠭᠤᠯᠭ᠎ᠠ ᠳᠠᠭᠠᠨ᠂ | ᠡᠷᠡᠭᠦᠯ ᠮᠡᠨᠳᠦ ᠶᠢᠨ ᠬᠥᠮᠦᠵᠢᠯ ᠢ ᠤᠯᠤᠰ | ᠠᠷᠠᠳ ᠤᠨ ᠰᠤᠷᠭᠠᠨ ᠬᠥᠮᠦᠵᠢᠯ ᠤᠨ | ᠰᠢᠰᠲ᠋ᠧᠮ ᠳᠤ ᠣᠷᠣᠭᠤᠯᠵᠤ᠂ ᠬᠡᠤᠬᠡᠳ | ᠵᠠᠯᠠᠭᠤᠴᠤᠳ ᠪᠠᠭᠠᠴᠤᠳ ᠤᠨ ᠬᠠᠷᠠᠬᠠᠨ | ᠪᠠᠭ᠎ᠠ ᠠᠴᠠ ᠪᠠᠨ ᠡᠷᠡᠭᠦᠯ ᠰᠠᠶᠢᠬᠠᠨ | ᠠᠮᠢᠳᠤᠷᠠᠯ ᠤᠨ ᠠᠷᠭ᠎ᠠ ᠮᠠᠶ᠋ᠢᠭ ᠲᠠᠢ | ᠪᠣᠯᠬᠤ ᠶᠢ ᠠᠬᠢᠭᠤᠯᠬᠤ ᠬᠡᠷᠡᠭᠲᠡᠶ︔ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠠᠵᠢᠯ ᠢ ᠴᠢᠩᠭᠠᠳᠬᠠᠵᠤ᠂ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢᠨ | ᠪᠠᠶᠢᠴᠠᠭᠠᠯᠲᠠ ᠶᠢᠨ ᠵᠠᠭᠪᠤᠷ ᠪᠠ | ᠠᠭᠤᠯᠭ᠎ᠠ ᠶᠢ ᠰᠢᠯᠢᠳᠡᠭᠵᠢᠭᠦᠯᠵᠦ᠂ ᠡᠷᠲᠡ | ᠢᠯᠡᠷᠡᠭᠦᠯᠵᠦ᠂ ᠡᠷᠲᠡ ᠬᠤᠷᠢᠭᠯᠠᠬᠤ | ᠴᠢᠬᠤᠯᠠᠳᠠᠢ︔ ᠪᠦᠬᠦ ᠤᠯᠤᠰ ᠤᠨ ᠬᠡᠤᠬᠡᠳ | ᠪᠠᠭᠠᠴᠤᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢᠨ ᠲᠣᠮᠣ | ᠳ᠋ᠠᠶᠢᠲ᠋ᠠ ᠶᠢᠨ ᠲᠠᠪᠴᠠᠩ ᠪᠣᠯᠤᠨ ᠰᠢᠯᠭᠠᠨ | ᠬᠡᠮᠵᠢᠵᠦ ᠤᠷᠢᠳᠴᠢᠯᠠᠨ ᠰᠡᠷᠭᠡᠶᠢᠯᠡᠬᠦ | ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ ᠰᠢᠰᠲ᠋ᠧᠮ ᠢ ᠪᠠᠶᠢᠭᠤᠯᠵᠤ᠂ | ᠬᠡᠤᠬᠡᠳ ᠵᠠᠯᠠᠭᠤᠴᠤᠳ ᠪᠠᠭᠠᠴᠤᠳ ᠤᠨ | ᠡᠷᠡᠭᠦᠯ ᠢᠶᠠᠷ ᠦᠰᠦᠨ ᠪᠤᠶᠢᠵᠢᠬᠤ ᠶᠢ | ᠬᠠᠮᠲᠤ ᠪᠠᠷ ᠠᠬᠢᠭᠤᠯᠪᠠᠯ ᠵᠤᠬᠢᠨ᠎ᠠ ᠭᠡᠪᠡ᠃ | ᠵᠧᠤ ᠬᠠᠨ ᠮᠢᠨ ᠭᠡᠰᠢᠭᠦᠨ ᠳᠤᠮᠳᠠᠳᠤ | ᠤᠯᠤᠰ ᠤᠨ ᠠᠷᠠᠳᠴᠢᠯᠠᠯ ᠢᠶᠠᠷ ᠤᠯᠤᠰ ᠢᠶᠠᠨ | ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢ | ᠲᠥᠯᠥᠭᠡᠯᠡᠨ ᠦᠭᠡ ᠭᠡᠯᠡᠬᠦ ᠳᠡᠭᠡᠨ᠂ ᠭᠤᠤᠯ | ᠬᠤᠲᠠ ᠶᠢᠨ ᠬᠥᠭᠵᠢᠯᠲᠡ ᠶᠢ | ᠲᠦᠷᠭᠡᠳᠬᠡᠬᠦ ᠨᠢ ᠦᠢᠯᠡᠳᠪᠦᠷᠢᠯᠡᠯ ᠤᠨ | ᠴᠢᠬᠤᠯᠠ ᠬᠦᠴᠦᠨ ᠵᠦᠢᠯ ᠤᠨ ᠵᠣᠬᠢᠰᠲᠠᠶ | ᠰᠢᠯᠵᠢᠯᠲᠡ ᠬᠢᠭᠦ ᠪᠣᠯᠤᠨ ᠥᠨᠳᠥᠷ | ᠪᠦᠲᠦᠮᠵᠢᠲᠡᠶ ᠴᠤᠭᠯᠠᠷᠠᠬᠤ ᠳᠤ ᠠᠰᠢᠭᠲᠠᠶ | ᠪᠠᠶᠢᠵᠤ᠂ ᠨᠥᠯᠥᠭᠡᠯᠡᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠣᠷᠣᠨ | ᠪᠦᠰᠡ ᠶᠢᠨ ᠴᠢᠨᠠᠷ ᠰᠠᠶᠢᠲᠠᠶ ᠵᠣᠬᠢᠴᠠᠩᠭᠤᠶ | ᠬᠥᠭᠵᠢᠯᠲᠡ ᠶᠢ ᠠᠬᠢᠭᠤᠯᠳᠠᠭ᠃ | ᠰᠢᠰᠲ᠋ᠧᠮ ᠲᠠᠢ ᠲᠥᠯᠥᠪᠵᠢᠭᠦᠯᠵᠤ᠂ ᠭᠤᠤᠯ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠵᠦᠢ ᠵᠣᠬᠢᠰᠲᠠᠶ ᠪᠠᠶᠢᠷᠢᠯᠠᠭᠤᠯᠤᠯᠲᠠ | ᠪᠣᠯᠤᠨ ᠣᠨᠴᠠᠯᠢᠭ ᠢ ᠢᠯᠡᠷᠡᠭᠦᠯᠬᠦ ᠶᠢ | ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠭᠤᠤᠯ ᠡᠭᠦᠷᠭᠡ ᠶᠢᠨ | ᠨᠢᠭᠡ ᠪᠣᠯᠭᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠤᠨ᠂ ᠣᠷᠣᠨ ᠪᠦᠰᠡ ᠶᠢᠨ | ᠬᠤᠭᠤᠷᠣᠨᠳᠣᠬᠢ ᠵᠥᠪᠳᠡᠯᠴᠡᠭᠡ | ᠬᠠᠮᠲᠤᠷᠠᠯᠴᠠᠭ᠎ᠠ ᠶᠢ ᠴᠢᠩᠭᠠᠳᠬᠠᠵᠤ᠂ | ᠶᠡᠭᠡ ᠬᠤᠲᠠ ᠶᠢᠨ ᠳᠤᠭᠤᠷᠢᠭ ᠤᠨ ᠨᠢᠭᠡ | ᠴᠣᠭᠴᠠᠵᠢᠯᠲᠠ ᠶᠢ ᠠᠬᠢᠭᠤᠯᠵᠤ᠂ ᠭᠤᠤᠯ | ᠬᠤᠲᠠ ᠶᠢᠨ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠵᠦ᠂ | ᠬᠤᠲᠠ ᠶᠢᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠪᠡᠯ ᠵᠤᠬᠢᠨ᠎ᠡ ᠬᠡᠪᠡ᠃ | ᠯᠦᠸᠧ ᡁᠢ ᠵᠢᠶᠦ᠋ᠨ ᠭᠡᠰᠢᠭᠦᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠢᠵᠢᠭ ᠤᠨ | ᠪᠠᠶᠢᠳᠠᠯ ᠤᠨ ᠨᠥᠯᠥᠭᠡ ᠪᠠᠷ ᠬᠦᠯᠤᠰᠤᠨ | ᠠᠵᠢᠯᠴᠢᠳ ᠤᠨ ᠠᠵᠢᠯ ᠣᠯᠭᠤᠯᠲᠠ ᠳᠤ ᠬᠦᠨᠳᠦ | ᠬᠡᠴᠡᠭᠦᠤ ᠪᠠᠶᠢᠳᠠᠯ ᠲᠤᠯᠭᠠᠷᠠᠵᠤ | ᠪᠠᠶᠢᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ | ᠪᠠᠶᠢᠳᠠᠯ ᠢ ᠣᠨᠣᠪᠴᠢᠲᠠᠶ ᠡᠵᠡᠮᠳᠡᠵᠦ᠂ ᠠᠵᠤ | ᠦᠢᠯᠡᠰ ᠢᠶᠠᠷ ᠠᠵᠢᠯ ᠣᠯᠭᠤᠯᠲᠠ ᠶᠢ | ᠲᠣᠭᠲᠠᠪᠤᠷᠢᠵᠢᠭᠤᠯᠤᠨ᠂ ᠪᠥᠬᠦ ᠠᠵᠤ | ᠦᠢᠯᠡᠰ ᠤᠨ ᠬᠡᠯᠬᠢᠶ᠎ᠡ ᠬᠠᠮᠵᠢᠯᠴᠠᠨ | ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠬᠤ ᠬᠡᠷᠡᠭᠲᠡᠢ︔ | ᠥᠭᠡᠷᠡᠴᠢᠯᠡᠯᠲᠡ ᠪᠠᠷ ᠠᠵᠢᠯ ᠣᠯᠭᠤᠯᠲᠠ ᠶᠢ | ᠠᠬᠢᠭᠤᠯᠵᠤ᠂ ᠬᠤᠳᠠ ᠬᠥᠳᠡᠭᠡ ᠶᠢᠨ | ᠨᠢᠭᠡᠳᠦᠯᠲᠡᠶ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ | ᠰᠢᠰᠲ᠋ᠧᠮ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ᠰᠢᠨ᠎ᠡ ᠤᠷ᠎ᠠ ᠴᠢᠳᠠᠪᠤᠷᠢ | ᠰᠢᠨ᠎ᠡ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ ᠢ ᠥᠷᠨᠢᠭᠦᠯᠦᠨ᠎ᠡ︔ | ᠦᠢᠯᠡᠴᠢᠯᠡᠭᠡ ᠪᠠᠷ ᠠᠵᠢᠯ ᠣᠯᠭᠤᠯᠲᠠ ᠶᠢ | ᠪᠠᠲᠤᠯᠠᠵᠤ᠂ ᠬᠢᠵᠢᠭ ᠤᠨ ᠪᠠᠶᠢᠳᠠᠯ ᠤᠨ | ᠳᠠᠭᠠᠷᠢᠯᠲᠠ ᠳᠤ ᠤᠴᠠᠷᠠᠭᠰᠠᠨ ᠠᠵᠤ ᠦᠢᠯᠡᠰ᠂ | ᠠᠵᠤ ᠠᠬᠤᠢᠢᠯᠠᠯ ᠢ ᠲᠡᠳᠬᠦᠨ ᠳᠡᠮᠵᠢᠬᠦ ᠪᠠᠨ | ᠦᠷᠭᠡᠳᠭᠡᠵᠤ᠂ ᠶᠠᠳᠠᠭᠤᠷᠠᠭᠰᠠᠨ ᠪᠤᠶᠤ | ᠳᠠᠬᠢᠨᠳᠠ ᠶᠠᠳᠠᠭᠤᠷᠠᠭᠰᠠᠨ ᠬᠥᠯᠥᠰᠥᠨ | ᠠᠵᠢᠯᠴᠢᠳ ᠢ ᠬᠠᠪᠰᠤᠷᠤᠨ ᠲᠡᠳᠬᠦᠬᠦ | ᠬᠦ᠋ᠷᠢᠶᠡ ᠬᠡᠪᠴᠢᠶᠡᠨ ᠳᠤ ᠣᠷᠣᠭᠤᠯᠪᠠᠯ | ᠵᠤᠬᠢᠨ᠎ᠠ ᠬᠡᠪᠡ᠃ | ᠵᠠᠩ ᠢᠦᠢ ᠳ᠋ᠦᠩ ᠭᠡᠰᠢᠭᠦᠨ ᠳᠤᠮᠳᠠᠳᠤ | ᠤᠯᠤᠰ ᠤᠨ ᠠᠷᠠᠳᠴᠢᠯᠠᠯ ᠢᠶᠠᠷ ᠠᠬᠢᠭᠤᠯᠬᠤ | ᠬᠤᠷᠠᠯ ᠤᠨ ᠲᠥᠪ ᠬᠤᠷᠢᠶ᠎ᠠ ᠶᠢ ᠲᠥᠯᠥᠭᠡᠯᠡᠨ | ᠦᠭᠡ ᠬᠡᠯᠡᠬᠦ ᠳᠡᠭᠡᠨ᠂ ᠣᠳᠣᠬᠠᠨ ᠳᠤ ᠮᠠᠨ ᠤ | ᠤᠯᠤᠰ ᠤᠨ ᠪᠦᠬᠦ ᠠᠷᠠᠳ ᠤᠨ ᠨᠤᠮ ᠤᠩᠰᠢᠯᠭ᠎ᠠ | ᠲᠡᠶᠢᠮᠦ ᠰᠠᠶᠢᠨ ᠲᠦᠭᠡᠮᠡᠯᠵᠢᠭᠡᠳᠦᠢ᠂ ᠨᠠᠩ | ᠴᠦ ᠭᠦᠨᠵᠡᠭᠡᠶ ᠪᠢᠰᠢ ᠪᠠᠶᠢᠨ᠎ᠠ᠃ ᠬᠠᠤᠯᠢ | ᠲᠣᠭᠲᠠᠭᠠᠬᠤ ᠠᠬᠢᠴᠠ ᠶᠢ ᠲᠦᠷᠭᠡᠳᠬᠡᠵᠦ᠂ | ᠪᠥᠬᠦ ᠠᠷᠠᠳ ᠤᠨ ᠨᠤᠮ ᠤᠩᠰᠢᠯᠭ᠎ᠠ ᠶᠢ | ᠭᠦᠨᠵᠡᠭᠡᠶ ᠠᠬᠢᠭᠤᠯᠬᠤ ᠳᠤ ᠬᠠᠤᠯᠢᠵᠢᠯ ᠤᠨ | ᠪᠠᠲᠤᠯᠠᠭ᠎ᠠ ᠬᠠᠩᠭᠠᠬᠤ ᠴᠢᠬᠤᠯᠠᠳᠠᠢ︔ | ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠰᠣᠶᠣᠯ ᠤᠨ | ᠴᠢᠭᠯᠡᠯ ᠢ ᠪᠠᠲᠤ ᠡᠵᠡᠮᠳᠡᠵᠦ᠂ | ᠰᠠᠨᠠᠭᠠᠴᠢᠯᠠᠭ᠎ᠠ ᠠᠴᠠ ᠪᠠᠨ ᠬᠥᠲᠥᠯᠥᠨ | ᠳᠠᠭᠠᠭᠤᠯᠵᠤ᠂ ᠪᠦᠬᠦ ᠠᠷᠠᠳ ᠤᠨ ᠨᠤᠮ ᠤᠩᠰᠢᠬᠤ | ᠬᠢᠷᠢ ᠲᠦᠪᠰᠢᠨ ᠢ ᠳᠡᠭᠡᠭᠰᠢᠯᠡᠭᠦᠯᠬᠦ | ᠴᠢᠬᠤᠯᠠᠳᠠᠢ︔ ᠬᠡᠪᠯᠡᠯ᠂ | ᠵᠠᠭᠤᠴᠢᠯᠠᠭᠤᠷ ᠤᠨ ᠪᠠᠶᠢᠭᠤᠯᠤᠮᠵᠢ ᠪᠣᠯᠤᠨ | ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ᠂ ᠲᠤᠰᠬᠠᠶ ᠮᠡᠷᠭᠡᠵᠢᠯᠲᠡᠨ | ᠡᠷᠳᠡᠮᠲᠡᠳ ᠤᠨ ᠭᠠᠷ ᠬᠤᠯᠪᠣᠯᠴᠠᠬᠤ ᠶᠢ | ᠠᠬᠢᠭᠤᠯᠵᠤ᠂ ᠰᠢᠯᠢᠳᠡᠭ ᠨᠣᠮ ᠪᠢᠴᠢᠭ ᠢ | ᠬᠦᠨᠴᠡ ᠲᠠᠢ ᠲᠠᠶᠢᠯᠪᠤᠷᠢᠯᠠᠬᠤ᠂ | ᠤᠯᠠᠮᠵᠢᠯᠠᠨ ᠳᠡᠯᠭᠡᠷᠡᠭᠦᠯᠬᠦ ᠠᠵᠢᠯ ᠢ | ᠰᠠᠶᠢᠲᠤᠷ ᠬᠢᠵᠦ᠂ ᠪᠦᠬᠦ ᠠᠷᠠᠳ ᠤᠨ ᠨᠤᠮ | ᠤᠩᠰᠢᠯᠭ᠎ᠠ ᠶᠢᠨ ᠬᠡᠯᠪᠡᠷᠢ ᠶᠢ | ᠪᠠᠶᠠᠯᠢᠭᠵᠢᠭᠤᠯᠵᠤ᠂ ᠨᠣᠮ ᠤᠨ | ᠰᠤᠷᠪᠤᠯᠵᠢᠲᠤ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠬᠡᠷᠡᠭᠳᠡᠢ ᠬᠡᠪᠡ᠃ | ᠶᠠᠨ ᠰᠢᠶᠣᠤ ᠫᠸᠢ ᠭᠡᠰᠢᠭᠦᠨ ᠳᠤᠮᠳᠠᠳᠤ | ᠤᠯᠤᠰ ᠤᠨ ᡁᠢᠭᠦ᠋ᠩᠳᠠᠩ ᠨᠠᠮ ᠤᠨ ᠲᠥᠪ | ᠬᠤᠷᠢᠶ᠎ᠠ ᠶᠢ ᠲᠥᠯᠥᠭᠡᠯᠡᠨ ᠦᠭᠡ | ᠬᠡᠯᠡᠭᠦ ᠳᠡᠭᠡᠨ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠤᠢᠢᠯᠠᠭᠠᠭᠳᠠᠬᠤᠨ ᠢ | ᠪᠠᠷᠢᠮᠲᠠᠯᠠᠵᠤ᠂ ᠨᠢᠭᠡ ᠪᠦᠰᠡ ᠨᠢᠭᠡ ᠵᠠᠮ | ᠤᠨ ᠰᠢᠨ᠎ᠡ ᠶᠢ ᠡᠭᠦᠳᠬᠦ | ᠬᠠᠮᠲᠤᠷᠠᠯᠴᠠᠭ᠎ᠠ ᠶᠢ ᠴᠢᠨᠠᠭᠰᠢᠳᠠ | ᠭᠦᠨᠵᠡᠭᠡᠶᠢᠷᠡᠭᠦᠯᠦᠶ᠎ᠡ᠃ ᠳᠤᠮᠳᠠ ᠤᠷᠲᠤ | ᠬᠤᠭᠤᠴᠠᠭᠠᠨ ᠤ ᠲᠥᠯᠥᠪᠵᠢᠭᠦᠯᠪᠡ | ᠨᠠᠶᠢᠷᠠᠭᠤᠯᠤᠨ ᠵᠤᠬᠢᠶᠠᠵᠤ᠂ ᠨᠢᠭᠡ ᠪᠦᠰᠡ | ᠨᠢᠭᠡ ᠵᠠᠮ ᠤᠨ ᠤᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭ᠎ᠠ ᠶᠢ | ᠠᠷᠪᠠᠨ ᠳᠥᠷᠪᠡᠳᠦᠭᠡᠷ ᠲᠠᠪᠤᠨ ᠵᠢᠯ ᠤᠨ | ᠲᠦᠯᠦᠪᠵᠢᠭᠦᠯᠭᠡ ᠶᠢᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠳᠤ | ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ | ᠠᠵᠢᠯᠯᠠᠭᠠᠨ ᠤ ᠲᠥᠯᠥᠪᠯᠡᠭᠡ ᠶᠢᠨ | ᠬᠡᠷᠡᠭᠵᠢᠭᠦᠯᠦᠯᠲᠡ ᠶᠢ ᠲᠦᠷᠭᠡᠳᠬᠡᠵᠦ᠂ | ᠲᠡᠷᠢᠬᠦᠨ ᠤ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠬᠠᠨᠳᠤᠭᠤᠯᠤᠨ᠂ | ᠲᠦᠷᠢᠮ ᠤᠨ ᠪᠠᠲᠤᠯᠠᠭ᠎ᠠ ᠶᠢ | ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ | ᠬᠠᠮᠲᠤᠷᠠᠯᠴᠠᠭ᠎ᠠ ᠶᠢᠨ ᠯᠠᠪᠳᠠᠭᠤᠨ ᠢᠶᠠᠷ | ᠬᠤᠯᠠ ᠠᠶᠠᠯᠠᠬᠤ ᠳᠤ ᠬᠦᠴᠦᠨ | ᠨᠡᠮᠡᠷᠢᠯᠡᠬᠦ ᠶᠢ ᠰᠠᠨᠠᠭᠤᠯᠪᠠ᠃ | ᠵᠢᠶᠠᠩ ᠽᠧ ᠯᠢᠨ ᠭᠡᠰᠢᠭᠦᠨ᠂ ᠮᠠᠨ ᠤ | ᠤᠯᠤᠰ ᠤᠨ ᠬᠥᠳᠡᠭᠡ ᠲᠣᠰᠬᠤᠨ ᠤ ᠠᠵᠤ ᠦᠢᠯᠡᠰ | ᠠᠭᠤᠰᠤᠯᠴᠠᠨ ᠬᠥᠭᠵᠢᠬᠦ ᠬᠠᠨᠳᠤᠰᠢ ᠲᠠᠢ | ᠪᠣᠯᠵᠤ᠂ ᠲᠠᠷᠢᠶᠠᠯᠠᠩ + ᠣᠯᠠᠨ | ᠡᠵᠡᠩᠨᠡᠯᠲᠡ ᠶᠢᠨ ᠬᠡᠯᠪᠡᠷᠢ ᠶᠢᠨ | ᠠᠭᠤᠰᠤᠯᠴᠠᠯ ᠨᠡᠩ ᠪᠠᠶᠠᠯᠢᠭᠵᠢᠵᠠᠶ᠂ | ᠭᠡᠪᠡᠴᠦ ᠴᠢᠨᠠᠭᠰᠢᠳᠠ ᠬᠥᠭᠵᠢᠭᠦᠯᠬᠦ ᠳᠤ | ᠮᠥᠨ ᠯᠡ ᠵᠠᠷᠢᠮ ᠠᠰᠠᠭᠤᠳᠠᠯ ᠲᠤᠯᠭᠠᠷᠠᠵᠤ | ᠪᠠᠶᠢᠨ᠎ᠠ᠃ ᠪᠦᠬᠦ ᠡᠵᠡᠩᠨᠡᠯᠲᠡ ᠶᠢᠨ ᠭᠤᠤᠯ | ᠴᠣᠭᠴᠠ ᠶᠢ ᠠᠭᠤᠰᠤᠯᠴᠠᠭᠤᠯᠤᠨ | ᠬᠥᠭᠵᠢᠭᠦᠯᠬᠦ ᠳᠤᠮᠳᠠ ᠡᠷᠬᠡ ᠠᠰᠢᠭ ᠠᠳᠠᠯᠢ | ᠲᠡᠩᠴᠡᠭᠦᠤ ᠪᠠᠶᠢᠬᠤ᠂ ᠬᠠᠷᠢᠭᠤᠴᠠᠯᠭ᠎ᠠ | ᠠᠳᠠᠯᠢ ᠲᠡᠭᠰᠢ ᠲᠠᠢ ᠪᠠᠶᠢᠬᠤ᠂ ᠬᠠᠷᠢᠯᠴᠠᠨ | ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ | ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠶᠢ ᠪᠠᠶᠢᠭᠤᠯᠵᠤ᠂ | ᠲᠠᠷᠢᠶᠠᠴᠢᠳ ᠤᠨ ᠠᠰᠢᠭ ᠣᠷᠣᠯᠭ᠎ᠠ ᠶᠢ ᠦᠨᠡᠨ | ᠬᠦ ᠪᠠᠲᠤᠯᠠᠬᠤ ᠴᠢᠬᠤᠯᠠᠳᠠᠶ︔ ᠭᠠᠵᠠᠷ ᠰᠢᠷᠣᠢ | ᠵᠡᠷᠭᠡ ᠬᠠᠩᠭᠠᠯᠭ᠎ᠠ ᠶᠢᠨ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠵᠦ᠂ | ᠡᠯᠧᠮᠧᠨ᠋ᠲ ᠤᠨ ᠬᠢᠵᠠᠭᠠᠷᠯᠠᠯ ᠢ ᠳᠠᠪᠠᠭ᠋ᠤ | ᠬᠡᠷᠡᠭᠲᠡᠢ︔ ᠲᠤᠮᠤ ᠬᠡᠯᠪᠡᠷᠢ ᠶᠢᠨ ᠤᠳᠤ | ᠦᠶ᠎ᠡ ᠶᠢᠨ ᠲᠠᠷᠢᠶᠠᠯᠠᠩ ᠤᠨ | ᠲᠣᠯᠣᠭᠠᠢᠢᠯᠠᠭᠴᠢ ᠦᠢᠯᠡᠳᠦᠯ ᠢ | ᠪᠠᠳᠠᠷᠠᠭᠤᠯᠵᠤ᠂ ᠠᠭᠤᠰᠤᠯᠴᠠᠬᠤ | ᠬᠥᠳᠡᠯᠭᠡᠬᠦ ᠬᠦᠴᠦᠨ ᠢ ᠴᠢᠩᠭᠠᠷᠠᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠂ | ᠲᠠᠷᠢᠶᠠᠴᠢᠳ ᠢ ᠨᠡᠩ ᠰᠠᠶᠢᠨ ᠰᠠᠶᠢᠬᠠᠨ | ᠰᠢᠨ᠎ᠡ ᠠᠮᠢᠳᠤᠷᠠᠯ ᠢ ᠡᠳ᠋ᠯᠡᠭᠦᠯᠬᠦ ᠵᠡᠷᠬᠡ | ᠰᠠᠨᠠᠯ ᠰᠠᠨᠠᠭᠤᠯᠭ᠎ᠠ ᠲᠤᠷᠠᠳᠪᠠ᠃ | ᠯᠢᠶᠠᠨ ᠵᠢᠶᠧ ᠳ᠋ᠧ ᠭᠡᠰᠢᠭᠦᠨ ᠲᠠᠶᠢᠸᠠᠨ ᠤ | ᠠᠷᠠᠳᠴᠢᠯᠠᠯ ᠢᠶᠠᠷ ᠥᠪᠡᠷᠲᠡᠭᠡᠨ ᠵᠠᠰᠠᠬᠤ | ᠬᠤᠯᠪᠣᠭ᠎ᠠ ᠶᠢᠨ ᠲᠥᠪ ᠬᠤᠷᠢᠶ᠎ᠠ ᠶᠢ | ᠲᠥᠯᠥᠭᠡᠯᠡᠨ ᠦᠬᠡ ᠬᠡᠯᠡᠬᠦ ᠳᠡᠭᠡᠨ᠂ ᠡᠬᠡ | ᠤᠯᠤᠰ ᠤᠨ ᠡᠬᠡ ᠬᠠᠭᠤᠷᠠᠢ ᠳᠠᠬᠢ | ᠲᠠᠶᠢᠸᠠᠨ ᠤ ᠠᠷᠠᠯᠵᠢᠶᠠᠴᠢᠨ ᠤ ᠪᠡᠯᠡ | ᠣᠷᠣᠭᠤᠯᠤᠯᠲᠠ ᠶᠢᠨ ᠲᠦᠷᠦᠯ ᠵᠦᠢᠯ ᠨᠡᠶᠢᠲᠡ | ᠠᠷᠪᠠᠨ ᠲᠦᠮᠡ ᠶᠢ ᠳᠠᠪᠠᠵᠤ᠂ ᠲᠠᠶᠢᠸᠠᠨ ᠤ | ᠪᠡᠯᠡ ᠣᠷᠣᠭᠤᠯᠤᠭᠰᠠᠨ ᠠᠵᠤ ᠠᠬᠤᠶᠢᠯᠠᠯ ᠳᠤ | ᠰᠠᠶᠢᠨ ᠰᠠᠶᠢᠬᠠᠨ ᠬᠥᠭᠵᠢᠯᠲᠡ ᠶᠢᠨ | ᠪᠠᠶᠢᠳᠠᠯ ᠢᠯᠡᠷᠡᠪᠡ᠃ ᠲᠠᠶᠢᠸᠠᠨ ᠳᠤ | ᠬᠠᠷᠠᠭᠠᠯᠵᠠᠯ ᠦᠵᠡᠭᠦᠯᠬᠦ ᠬᠠᠮᠢᠶ᠎ᠠ ᠪᠦᠬᠦᠢ | ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ ᠰᠢᠯᠢᠳᠡᠭᠵᠢᠭᠦᠯᠵᠦ | ᠨᠡᠩ ᠣᠨᠣᠪᠴᠢᠲᠠᠶ ᠪᠦᠲᠦᠮᠵᠢᠲᠡᠶ | ᠪᠠᠶᠢᠬᠤ ᠶᠢ ᠪᠠᠳᠤᠯᠠᠵᠤ᠂ ᠲᠠᠶᠢᠸᠠᠨ ᠤ | ᠪᠡᠯᠡ ᠣᠷᠣᠭᠤᠯᠤᠯᠲᠠ ᠶᠢᠨ ᠠᠵᠤ | ᠠᠬᠤᠶᠢᠯᠠᠯ ᠢ ᠬᠠᠪᠰᠤᠷᠤᠨ ᠪᠡᠯᠡ | ᠬᠤᠷᠠᠮᠳᠤᠭᠤᠯᠬᠤ᠂ ᠠᠵᠢᠯᠴᠢᠨ ᠬᠡᠷᠡᠭᠯᠡᠬᠦ | ᠵᠡᠷᠭᠡ ᠪᠣᠳᠠᠲᠠᠶ ᠠᠰᠠᠭᠤᠳᠠᠯ ᠢ ᠰᠠᠶᠢᠲᠤᠷ | ᠰᠢᠶ᠋ᠳᠪᠦᠷᠢᠯᠡᠵᠦ᠂ ᠲᠠᠶᠢᠸᠠᠨ ᠤ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠡᠬᠡ | ᠤᠯᠤᠰ ᠤᠨ ᠡᠬᠡ ᠬᠠᠭᠤᠷᠠᠶ ᠶᠢᠨ ᠬᠠᠮᠢᠶ᠎ᠠ | ᠪᠦᠬᠦᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠳᠤ ᠠᠭᠤᠰᠬᠠᠨ ᠤᠷᠤᠭᠤᠯᠵᠤ᠂ | ᠲᠠᠶᠢᠸᠠᠨ ᠬᠤᠭᠤᠯᠠᠶ ᠶᠢᠨ ᠬᠤᠶᠠᠷ | ᠬᠦᠪᠡᠭᠡ ᠶᠢᠨ ᠠᠵᠤ ᠠᠬᠤᠶ ᠨᠡᠶᠢᠭᠡᠮ ᠤᠨ | ᠠᠭᠤᠰᠤᠯᠴᠠᠨ ᠬᠥᠭᠵᠢᠬᠦ ᠶᠢ ᠲᠦᠯᠬᠢᠨ | ᠠᠬᠢᠭᠤᠯᠵᠤ᠂ ᠨᠠᠶᠢᠷᠠᠮᠳᠠᠯ ᠢᠶᠠᠷ | ᠨᠢᠭᠡᠳᠬᠡᠬᠦ ᠠᠷᠠᠳ ᠤᠨ ᠪᠤᠳᠤᠯ ᠰᠠᠨᠠᠭᠠᠨ ᠤ | ᠰᠠᠭᠤᠷᠢ ᠶᠢ ᠲᠠᠰᠤᠷᠠᠯᠳᠠ ᠦᠭᠡᠢ | ᠵᠤᠵᠠᠭᠠᠳᠬᠠᠬᠤ ᠶᠢ ᠰᠠᠨᠠᠭᠤᠯᠪᠠ᠃ | ᠯᠢᠦ ᠪᠢᠩ ᠵᠢᠶᠠᠩ ᠭᠡᠰᠢᠭᠦᠨ ᠦᠬᠡ | ᠬᠡᠯᠡᠬᠦ ᠳᠡᠭᠡᠨ᠂ ᠰᠢᠨᠵᠢᠯᠡᠬᠦ | ᠤᠬᠠᠭᠠᠨᠴᠢ ᠪᠠᠷ ᠤᠨᠢᠯᠠᠵᠤ ᠬᠠᠤᠯᠢ | ᠶᠣᠰᠣᠭᠠᠷ ᠪᠣᠬᠢᠷᠲᠤᠯ ᠢ ᠵᠠᠰᠠᠬᠤ ᠶᠢ | ᠪᠠᠷᠢᠮᠲᠠᠯᠠᠵᠤ᠂ ᠬᠦᠬᠡ ᠣᠭᠲᠠᠷᠭᠤᠢ ᠶᠢ | ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠳᠤ ᠠᠭᠠᠷ ᠮᠠᠨᠳᠠᠯ ᠤᠨ | ᠪᠣᠬᠢᠷᠲᠤᠯ ᠢ ᠪᠣᠶ ᠪᠣᠯᠭᠠᠭᠰᠠᠨ ᠠᠵᠤ | ᠦᠶ᠋ᠯᠡᠰ ᠤᠨ ᠪᠦᠲᠦᠴᠡ ᠬᠡᠳᠦ ᠬᠦᠨᠳᠤ ᠪᠠᠶᠢᠬᠤ | ᠪᠠ ᠪᠠᠶᠢᠷᠢᠯᠠᠭᠤᠯᠤᠯᠲᠠ ᠶᠢᠨ ᠲᠠᠯ᠎ᠠ ᠪᠠᠷ | ᠵᠠᠮᠪᠠᠷᠠᠭ᠎ᠠ ᠠᠯᠳᠠᠭᠰᠠᠨ᠂ ᠡᠨᠧᠷᠭᠢ ᠶᠢᠨ | ᠪᠦᠲᠦᠴᠡ ᠶᠢᠨ ᠲᠠᠯ᠎ᠠ ᠪᠠᠷ ᠨᠡᠭᠦᠷᠡᠰᠦ | ᠳᠡᠶᠢᠰᠢ ᠬᠡᠯᠪᠠᠶᠢᠬᠦ᠂ ᠵᠠᠮ | ᠲᠡᠭᠡᠭᠡᠪᠦᠷᠢ ᠶᠢᠨ ᠪᠦᠲᠦᠴᠡ ᠵᠠᠰᠠᠮᠠᠯ ᠵᠠᠮ | ᠳᠡᠶᠢᠰᠢ ᠬᠡᠯᠪᠠᠶᠢᠬᠦ ᠵᠡᠷᠭᠡ ᠭᠤᠤᠯ | ᠠᠰᠠᠭᠤᠳᠠᠯ ᠳᠤ ᠴᠢᠭᠯᠡᠭᠦᠯᠵᠦ᠂ | ᠨᠢᠭᠡᠳᠦᠯᠲᠡᠶ ᠲᠥᠯᠥᠪᠵᠢᠬᠦᠯᠦᠨ ᠠᠷᠭ᠎ᠠ | ᠪᠣᠳᠣᠯᠭ᠎ᠠ ᠬᠡᠷᠡᠭᠵᠢᠭᠦᠯᠵᠦ᠂ | ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ᠂ | ᠪᠡᠭᠡᠵᠢᠩ ᠲᠢᠶᠠᠨᠵᠢᠨ ᠾᠧᠪᠸᠢ ᠶᠢᠨ ᠣᠷᠣᠨ | ᠪᠦᠰᠡ ᠶᠢᠨ ᠭᠤᠤᠯᠳᠠᠯᠭ᠎ᠠ ᠲᠠᠢ ᠠᠵᠤ | ᠦᠶ᠋ᠯᠡᠰ ᠤᠨ ᠲᠥᠪᠯᠡᠷᠡᠯ ᠤᠨ | ᠬᠡᠮᠵᠢᠶ᠎ᠡ ᠶᠢ ᠳᠡᠭᠡᠭᠰᠢᠯᠡᠭᠦᠯᠵᠦ᠂ | ᠭᠤᠷᠪᠠᠨ ᠶᠡᠭᠡ ᠣᠷᠣᠨ ᠪᠦᠰᠡ ᠶᠢᠨ | ᠨᠡᠭᠦᠷᠡᠰᠦᠨ ᠤ ᠬᠡᠷᠡᠭᠯᠡᠭᠡᠨ ᠤ | ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠶᠢ ᠬᠡᠷᠡᠭᠵᠢᠭᠦᠯᠬᠦ | ᠬᠡᠷᠡᠭᠳᠡᠢ᠃ ᠲᠡᠮᠦᠷ ᠵᠠᠮ ᠤᠨ ᠪᠠᠷᠠᠭ᠎ᠠ | ᠲᠡᠭᠡᠭᠡᠪᠦᠷᠢᠯᠡᠬᠦ ᠬᠠᠷᠢᠴᠠᠯ ᠢ | ᠳᠡᠭᠡᠭᠰᠢᠯᠡᠭᠦᠯᠵᠦ᠂ ᠰᠢᠲᠠᠭᠠᠯᠭ᠎ᠠ ᠶᠢᠨ | ᠲᠣᠰᠣᠨ ᠤ ᠪᠣᠬᠢᠷᠲᠤᠯ ᠪᠣᠳᠠᠰ ᠤᠨ | ᠭᠠᠳᠠᠭᠰᠢᠯᠠᠭᠤᠯᠬᠤ ᠬᠡᠮᠵᠢᠶ᠎ᠡ ᠶᠢ ᠡᠬᠢ | ᠡᠭᠦᠰᠦᠯ ᠠᠴᠠ ᠨᠢ ᠪᠠᠭᠠᠰᠬᠠᠬᠤ ᠬᠡᠷᠡᠭᠳᠡᠢ | ᠬᠡᠵᠥ ᠰᠠᠨᠠᠭᠤᠯᠪᠠ᠃ | ᠵᠢᠶᠠᠩ ᠶᠢᠩ ᠭᠡᠰᠢᠭᠦᠨ ᠨᠠᠮ ᠪᠦᠯᠦᠭ ᠤᠨ | ᠪᠤᠰᠤ ᠡᠳᠡᠬᠡᠳ ᠤᠨ ᠬᠥᠮᠦᠰ ᠤᠨ ᠬᠢᠨ ᠢ | ᠲᠥᠯᠥᠭᠡᠯᠡᠨ ᠦᠬᠡ ᠬᠡᠯᠡᠬᠦ ᠳᠡᠭᠡᠨ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠨᠢ ᠳᠤᠮᠳᠠ ᠵᠢᠵᠢᠭ | ᠪᠢᠴᠢᠯ ᠠᠵᠤ ᠠᠬᠤᠶᠢᠯᠠᠯ ᠳᠤ ᠤᠷᠢᠳᠦ ᠡᠮᠦᠨ᠎ᠡ | ᠭᠠᠷᠤᠭ᠎ᠠ ᠥᠬᠡᠶ ᠬᠦᠴᠢᠷ ᠳᠦᠪᠡᠭ | ᠤᠴᠠᠷᠠᠭᠤᠯᠤᠬᠰᠠᠨ ᠳᠤ᠂ ᠵᠠᠰᠠᠭ ᠤᠨ ᠣᠷᠳᠣᠨ | ᠨᠢᠭᠡᠨᠲᠡ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ | ᠨᠡᠶᠢᠲᠡᠯᠡᠪᠡ᠃ ᠳᠠᠷᠠᠭᠠᠴᠢ ᠶᠢᠨ | ᠱᠠᠲᠤᠨ ᠳᠤ ᠠᠵᠤ ᠠᠬᠤᠶᠢᠯᠠᠯ ᠢ ᠬᠠᠪᠰᠤᠷᠤᠨ | ᠲᠡᠳᠬᠦᠬᠦ ᠳᠤ ᠬᠤᠷᠢᠭ᠎ᠠ ᠱᠤᠭᠤᠮ ᠤᠨ | ᠰᠡᠳᠬᠢᠬᠦᠶ ᠲᠠᠢ ᠪᠠᠶᠢᠵᠤ᠂ ᠦᠨᠳᠦᠰᠦᠨ | ᠵᠦᠢᠯ ᠢ ᠪᠠᠲᠤᠯᠠᠬᠤ ᠴᠢᠬᠤᠯᠠᠳᠠᠢ ᠶᠢ ᠨᠢ | ᠡᠷᠬᠡᠪᠰᠢ ᠦᠨᠳᠦᠰᠦᠨ ᠵᠦᠢᠯ ᠢ ᠪᠠᠲᠤᠯᠠᠬᠤ | ᠬᠡᠷᠡᠭᠲᠡᠶ᠂ ᠭᠠᠭᠴᠠ ᠬᠦ ᠠᠵᠤ ᠠᠬᠤᠶᠢᠯᠠᠯ ᠢ | ᠪᠠᠳᠤᠯᠠᠪᠠᠯ ᠰᠠᠶ᠋ᠢ ᠠᠵᠢᠯ ᠣᠯᠭᠤᠯᠲᠠ ᠶᠢ | ᠪᠠᠳᠤᠯᠠᠵᠤ ᠴᠢᠳᠠᠨ᠎ᠠ︔ ᠲᠠᠪᠴᠠᠩ ᠤᠨ | ᠰᠡᠳᠬᠢᠬᠦᠶ ᠲᠠᠢ ᠪᠠᠶᠢᠵᠤ᠂ ᠵᠠᠰᠠᠭ ᠤᠨ | ᠣᠷᠳᠣᠨ ᠪᠣᠯᠤᠨ ᠲᠤᠯᠤᠭᠠᠢᠢᠯᠠᠭᠴᠢ ᠠᠵᠤ | ᠠᠬᠤᠶᠢᠯᠠᠯ ᠬᠦᠴᠦ ᠬᠠᠮᠳᠤᠷᠠᠨ ᠠᠵᠤ | ᠦᠶ᠋ᠯᠡᠰ ᠤᠨ ᠬᠡᠯᠬᠢᠶ᠎ᠠ ᠪᠠ ᠠᠮᠢ ᠠᠬᠤᠶ ᠶᠢᠨ | ᠬᠦᠷᠢᠶᠡᠨ ᠤ ᠳᠡᠮᠵᠢᠯᠭᠡ ᠬᠠᠩᠭᠠᠬᠤ | ᠬᠡᠷᠡᠭᠲᠡᠢ︔ ᠰᠢᠨ᠎ᠡ ᠶᠢ ᠡᠭᠦᠳᠬᠦ | ᠰᠡᠳᠬᠢᠬᠦᠶ ᠲᠠᠢ ᠪᠠᠶᠢᠵᠤ᠂ ᠴᠢᠳᠠᠮᠵᠢ | ᠪᠦᠬᠦᠢ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠲᠠᠢ | ᠬᠠᠮᠵᠢᠯᠴᠠᠨ ᠲᠤᠭ᠎ᠠ ᠪᠠᠷᠢᠮᠲᠠ ᠲᠠᠢ ᠬᠠᠮᠳᠤ | ᠤᠷᠤᠰᠢᠬᠤ ᠶᠢ ᠪᠠᠶᠢᠭᠤᠯᠵᠤ᠂ ᠠᠵᠤ | ᠠᠬᠤᠶᠢᠯᠠᠯ ᠢ ᠨᠠᠩ ᠣᠯᠠᠨ ᠬᠦᠷᠳᠡᠮᠵᠢ ᠶᠢᠨ | ᠲᠦᠷᠦᠭᠳᠡᠯ ᠲᠠᠢ ᠪᠤᠯᠭᠠᠪᠠᠯ ᠵᠤᠬᠢᠨ᠎ᠠ | ᠬᠡᠪᠡ᠃ | ᠾᠧ ᠳ᠋ᠢᠩ ᠢ ᠭᠡᠰᠢᠭᠦᠨ ᠦᠬᠡ | ᠬᠡᠯᠡᠬᠦ ᠳᠡᠭᠡᠨ᠂ ᠣᠣᠮᠧᠨ ᠡᠬᠡ | ᠤᠯᠤᠰ ᠲᠠᠭᠠᠨ ᠪᠤᠴᠠᠵᠤ ᠢᠷᠡᠭᠰᠡᠨ 20 ᠵᠢᠯ ᠤᠨ | ᠲᠤᠷᠰᠢ᠂ ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ | ᠴᠢᠭᠯᠡᠯᠲᠡ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠣᠣᠮᠧᠨ ᠤ | ᠣᠨᠴᠠᠯᠢᠭ᠂ ᠣᠣᠮᠧᠨ ᠤ ᠬᠢᠯᠠᠰ ᠴᠡᠭ᠂ | ᠣᠣᠮᠧᠨ ᠤ ᠲᠤᠷᠰᠢᠯᠭ᠎ᠠ ᠶᠢ ᠡᠭᠦᠳᠪᠡ᠃ | ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ ᠳᠦᠷᠢᠮ ᠤᠨ ᠢᠲᠡᠭᠡᠯ ᠢ | ᠢᠮᠠᠭᠲᠠ ᠪᠠᠷᠢᠮᠲᠠᠯᠠᠵᠤ᠂ ᠤᠯᠤᠰ ᠣᠷᠣᠨ ᠤ | ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ | ᠬᠠᠮᠠᠭᠠᠯᠠᠬᠤ ᠪᠠ ᠣᠣᠮᠧᠨ ᠤ ᠤᠷᠳᠤ | ᠬᠤᠭᠤᠴᠠᠭᠠᠨ ᠤ ᠴᠡᠴᠡᠭᠯᠡᠯ ᠬᠥᠭᠵᠢᠯ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠶᠢ | ᠨᠢᠭᠡᠳᠬᠡᠵᠦ᠂ ᠡᠬᠡ ᠤᠯᠤᠰ ᠲᠠᠢ ᠪᠠᠨ | ᠰᠡᠳᠬᠢᠯ ᠰᠠᠨᠠᠭ᠎ᠠ ᠪᠠᠨ ᠨᠢᠭᠡᠳᠬᠡᠵᠦ᠂ | ᠬᠤᠪᠢ ᠵᠠᠶᠠᠭ᠎ᠠ ᠪᠠᠨ ᠬᠠᠮᠲᠤᠳᠬᠠᠨ᠂ | ᠰᠡᠳᠬᠢᠯ ᠵᠢᠷᠦᠬᠡ ᠪᠠᠨ ᠬᠤᠯᠪᠤᠨ᠂ ᠰᠢᠨ᠎ᠡ | ᠴᠠᠭ ᠦᠶ᠎ᠡ ᠶᠢᠨ ᠣᠣᠮᠧᠨ ᠤ ᠣᠨᠴᠠᠯᠢᠭ ᠲᠠᠢ | ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ ᠠᠮᠵᠢᠯᠲᠠ ᠲᠠᠢ | ᠦᠢᠯᠡᠳᠦᠯᠭᠡ ᠶᠢᠨ ᠲᠣᠭᠲᠠᠭᠤᠨ ᠢᠶᠠᠷ | ᠤᠷᠤᠭᠰᠢᠯᠠᠬᠤ ᠶᠢ ᠲᠠᠰᠤᠷᠠᠯᠲᠠ ᠦᠭᠡᠢ | ᠠᠬᠢᠭᠤᠯᠤᠨ᠎ᠠ ᠬᠡᠪᠡ᠃ | ᠰᠢᠶᠤᠤ ᠷᠠᠨ ᠭᠡᠰᠢᠭᠦᠨ ᠦᠬᠡ | ᠬᠡᠯᠡᠬᠦ ᠳᠡᠭᠡᠨ᠂ ᠲᠣᠰ ᠤᠳᠠᠭᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠷᠢᠭᠯᠠᠯᠳᠠ ᠶᠢᠨ | ᠳᠠᠶᠢᠯᠠᠯᠳᠤᠭᠠᠨ ᠪᠣᠯ ᠦᠨᠳᠦᠰᠦᠲᠡᠨ ᠤ | ᠵᠣᠷᠢᠭ ᠰᠠᠨᠠᠭᠠᠨ ᠤ ᠰᠢᠨ᠎ᠡ ᠴᠠᠭ | ᠦᠶ᠎ᠡ ᠳᠠᠬᠢ ᠬᠠᠮᠤᠭ ᠤᠨ ᠠᠮᠢᠳᠤᠯᠢᠭ | ᠲᠠᠶᠢᠯᠪᠤᠷᠢᠯᠠᠯᠲᠠ ᠪᠣᠯᠤᠨ᠎ᠠ᠃ ᠡᠬᠡ | ᠣᠷᠣᠨᠴᠢ ᠦᠵᠡᠯ ᠢᠶᠠᠷ ᠭᠤᠣᠯ ᠪᠣᠯᠭᠠᠭᠰᠠᠨ | ᠦᠨᠳᠦᠰᠦᠲᠡᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠵᠣᠷᠢᠭ ᠰᠠᠨᠠᠭ᠎ᠠ ᠶᠢᠨ | ᠲᠡᠤᠬᠡᠨ ᠲᠡᠮᠳᠡᠭᠯᠡᠯ ᠪᠣᠯᠤᠨ | ᠤᠯᠠᠮᠵᠢᠯᠠᠯ ᠢ ᠦᠨᠡᠨ ᠬᠦ ᠰᠠᠶᠢᠲᠤᠷ ᠬᠢᠵᠦ᠂ | ᠰᠢᠨ᠎ᠡ ᠴᠠᠭ ᠦᠶ᠎ᠡ ᠶᠢᠨ ᠦᠨᠳᠦᠰᠦᠲᠡᠨ ᠤ | ᠵᠣᠷᠢᠭ ᠰᠠᠨᠠᠭ᠎ᠠ ᠪᠠᠷ ᠳᠡᠪᠢᠰᠬᠡᠷ | ᠪᠣᠯᠭᠠᠭᠰᠠᠨ ᠰᠣᠶᠣᠯ ᠤᠨ ᠢᠲᠡᠭᠡᠯ ᠢ | ᠬᠦᠮᠦᠵᠢᠬᠦᠯᠦᠨ ᠪᠠᠲᠤᠳᠬᠠᠵᠤ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠨᠠᠶᠢᠷᠠᠯ | ᠬᠥᠭᠵᠢᠮ ᠤᠨ ᠢᠷᠠᠭᠤ ᠬᠠᠭᠤᠳᠠᠰᠤ ᠶᠢ | ᠪᠢᠴᠢᠭᠯᠡᠬᠦ ᠬᠡᠷᠡᠭᠲᠡᠶ ᠭᠡᠪᠡ᠃ | ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠬᠥ᠋ | ᠱᠧᠩ ᠽᠦ ᠬᠤᠷᠠᠯ ᠢ ᠡᠷᠬᠢᠯᠡᠪᠡ᠃ | ᠪᠥᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠵᠠᠩ | ᠴᠢᠩ ᠯᠢ᠂ ᠯᠢᠦ ᠴᠢ ᠪᠦᠦ᠂ ᠸᠠᠨ ᠭᠠᠩ᠂ ᠾᠧ ᠾᠧᠦ | ᠬᠤᠸᠠ᠂ ᠯᠦ ᠵᠠᠨ ᠬᠥᠩ᠂ ᠸᠠᠩ ᠵᠧᠩ ᠸᠧᠶ᠂ ᠮᠠ | ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ | ᠶᠢᠩ᠂ ᠶᠠᠩ ᠴᠤᠸᠠᠨ ᠲᠠᠩ᠂ ᠯᠢ ᠪᠢᠨ᠂ | ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠋ | ᠬᠤᠶ᠂ ᠵᠧᠩ ᠵᠢᠶᠠᠨ ᠪᠠᠩ᠂ ᠯᠢᠦ ᠰᠢᠨ ᠴᠧᠩ᠂ ᠾᠧ | ᠸᠧᠶ᠂ ᠱᠣᠤ ᠬᠤᠩ᠂ ᠭᠤᠤ ᠶᠦᠨ ᠯᠦᠩ ᠬᠤᠷᠠᠯ ᠳᠤ | ᠤᠷᠤᠯᠴᠠᠪᠠ᠃ | | | | | | |