ᠵᠠᠩ ᠧᠨ ᠬᠤᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/13
   ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠢᠨ ᠲᠠᠪᠤᠳᠤᠭᠠᠷ ᠤᠳᠠᠭ᠎ᠠ ᠪᠠ ᠬᠤᠷᠢᠨ ᠵᠢᠷᠭᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠲᠡᠭᠡᠷ᠎ᠡ ᠶᠠᠷᠢᠭᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ    ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠧᠨ ᠬᠤᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠢᠨ ᠲᠠᠪᠤᠳᠤᠭᠠᠷ ᠤᠳᠠᠭ᠎ᠠ ᠪᠠ ᠬᠤᠷᠢᠨ ᠵᠢᠷᠭᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠲᠡᠭᠡᠷ᠎ᠡ ᠶᠠᠷᠢᠭᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠢᠨ ᠲᠠᠪᠤᠳᠤᠭᠠᠷ ᠤᠳᠠᠭ᠎ᠠ ᠪᠠ ᠬᠤᠷᠢᠨ ᠵᠢᠷᠭᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠲᠡᠭᠡᠷ᠎ᠡ ᠶᠠᠷᠢᠭᠰᠠᠨ ᠴᠢᠬᠤᠯᠠ ᠶᠠᠷᠢᠶ᠎ᠠ ᠨᠢ ᠮᠠᠨ ᠤ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠵᠠᠰᠠᠬᠤ ᠲᠤᠭᠳᠠᠯᠴᠠᠭ᠎ᠠ ᠪᠤᠯᠤᠨ ᠵᠠᠰᠠᠬᠤ ᠴᠢᠳᠠᠪᠤᠷᠢ ᠶᠢᠨ ᠤᠳᠤᠬᠢᠴᠢᠯᠠᠯᠳᠠ ᠶᠢ ᠰᠠᠶᠢᠳᠤᠷ ᠲᠦᠯᠬᠢᠨ ᠠᠬᠢᠭᠤᠯᠬᠤ ᠳᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ ᠪᠦᠬᠦ ᠠᠶᠢᠮᠠᠭ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢ ᠴᠢᠩᠭᠠᠳᠬᠠᠬᠤ ᠪᠠᠶᠢᠳᠠᠯ ᠪᠠ ᠡᠭᠦᠷᠭᠡ ᠶᠢ ᠤᠨᠤᠪᠴᠢᠲᠠᠢ ᠡᠵᠡᠮᠳᠡᠵᠦ᠂ ᠰᠢᠨ᠎ᠡ ᠴᠠᠭ ᠦᠶ᠎ᠡ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢᠨ ᠠᠵᠢᠯ ᠤᠨ ᠬᠠᠷᠢᠭᠤᠴᠠᠯᠭᠠᠳᠤ ᠰᠡᠳᠭᠢᠯᠭᠡ ᠪᠠ ᠡᠭᠦᠷᠭᠡᠳᠦ ᠪᠤᠳᠤᠯ ᠢᠶᠠᠨ ᠦᠨᠡᠨ ᠬᠦ ᠴᠢᠩᠭᠠᠳᠬᠠᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢᠨ ᠪᠤᠳᠠᠳᠤ ᠦᠷ᠎ᠡ ᠪᠦᠳᠦᠮᠵᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠦᠭᠵᠢᠭᠡᠵᠦ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠠᠭᠤᠰᠤᠯᠴᠠᠭᠤᠯᠬᠤ᠂ ᠴᠢᠨᠠᠷ ᠰᠠᠶᠢᠲᠠᠢ ᠬᠦᠭᠵᠢᠯᠳᠡ ᠶᠢ ᠲᠦᠯᠬᠢᠨ ᠠᠬᠢᠭᠤᠯᠬᠤ ᠳᠤ ᠬᠦᠴᠦᠲᠠᠢ ᠪᠠᠳᠤᠯᠠᠭ᠎ᠠ ᠬᠠᠩᠭᠠᠬᠤ ᠬᠡᠷᠡᠭᠲᠡᠢ ᠭᠡᠵᠠᠢ᠃     ︽ᠠᠷᠪᠠᠨ ᠲᠦᠷᠪᠡᠳᠦᠭᠡᠷ ᠲᠠᠪᠤᠨ ᠵᠢᠯ ︾ ᠤᠨ ᠬᠤᠭᠤᠴᠠᠭᠠᠨ ᠳᠠᠬᠢ ᠮᠠᠨ ᠤ ᠠᠶᠢᠮᠠᠭ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ ᠪᠤᠯᠤᠨ ᠬᠡᠷᠡᠭᠯᠡᠭᠡᠨ ᠤ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠦ ᠠᠬᠤᠢ᠂ ᠮᠡᠷᠭᠡᠵᠢᠯ᠂ ᠨᠡᠶᠢᠭᠡᠮ ᠤᠨ ᠵᠠᠰᠠᠯᠳᠠ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠬᠠᠮᠠᠭᠠᠯᠠᠯᠳᠠ ᠪᠠᠨ ᠴᠢᠩᠭᠠᠳᠬᠠᠨ᠂ ᠶᠡᠭᠡ ᠬᠠᠮᠠᠭᠠᠯᠠᠯᠳᠠ ᠶᠢᠨ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢᠨ ᠠᠵᠢᠯ ᠤᠨ ᠬᠠᠤᠯᠢᠵᠢᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠤᠷᠤᠭᠤᠯᠤᠭᠰᠠᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠬᠡᠷᠡᠭᠲᠡᠢ᠃ ᠪᠠᠶᠢᠭᠤᠯᠤᠮᠵᠢ ᠶᠢᠨ ᠲᠤᠭᠳᠠᠯᠴᠠᠭ᠎ᠠ ᠶᠢᠨ ᠦᠭᠡᠷᠡᠴᠢᠯᠡᠯᠳᠡ ᠶᠢ ᠭᠦᠨᠵᠡᠭᠡᠶᠢᠷᠭᠦᠯᠦᠨ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠲᠤᠬᠠᠢ ᠠᠯᠢ ᠤᠯᠠᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠦ᠂ ᠲᠤᠮᠤ ᠳ᠋ᠠᠶᠢᠲ᠋ᠠ᠂ ᠤᠶᠤᠨᠴᠢ ᠴᠢᠳᠠᠪᠤᠷᠢ ᠵᠡᠷᠬᠡ ᠰᠢᠨ᠎ᠡ ᠬᠦᠷᠢᠶ᠎ᠡ ᠬᠡᠪᠴᠢᠶᠡᠨ ᠤ ᠰᠢᠨ᠎ᠡ ᠡᠵᠡᠩᠨᠡᠯᠳᠡ ᠶᠢᠨ ᠬᠡᠯᠪᠡᠷᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠦᠷᠢᠮ ᠢᠶᠠᠷ ᠰᠢᠨ᠎ᠡ ᠶᠢ ᠡᠭᠦᠳᠬᠦ ᠶᠢ ᠤᠷᠠᠮᠰᠢᠭᠤᠯᠬᠤ ᠪᠠᠳᠤᠯᠠᠭ᠎ᠠ ᠶᠢᠨ ᠦᠢᠯᠡᠳᠦᠯ ᠢ ᠰᠠᠶᠢᠳᠤᠷ ᠪᠠᠳᠠᠷᠠᠭᠤᠯᠬᠤ ᠬᠡᠷᠡᠭᠲᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠦᠷᠭᠡᠨ ᠤᠯᠠᠨ ᠺᠠᠳ᠋ᠷ ᠰᠤᠷᠤᠯᠴᠠᠯᠭ᠎ᠠ ᠪᠠᠨ ᠴᠢᠩᠭᠠᠳᠬᠠᠨ᠂ ᠰᠢᠨ᠎ᠡ ᠪᠠᠶᠢᠳᠠᠯ ᠲᠤᠤᠷ᠎ᠠ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠰᠠᠶᠢᠳᠤᠷ ᠬᠢᠬᠦ ᠦᠵᠡᠯ ᠤᠬᠠᠮᠰᠡᠷ ᠪᠠ ᠴᠢᠳᠠᠪᠤᠷᠢ ᠪᠠᠨ ᠴᠢᠩᠭᠠᠳᠬᠠᠵᠦ᠂ ᠪᠦᠬᠦ ᠠᠶᠢᠮᠠᠭ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠰᠢᠨ᠎ᠡ ᠦᠷ᠎ᠡ ᠪᠦᠳᠦᠮᠵᠢ ᠤᠯᠬᠤ ᠶᠢ ᠴᠢᠷᠮᠠᠶᠢᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠬᠤᠷᠢᠨ ᠵᠢᠷᠭᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠨᠢ ᠣᠯᠣᠰ ᠤᠨ ᠠᠮᠤᠷ ᠲᠦᠪᠰᠢᠨ ᠤ ᠠᠵᠢᠯ ᠤᠨ ᠴᠢᠬᠤᠯᠠ ᠪᠠᠶᠢᠷᠢ ᠰᠠᠭᠤᠷᠢ ᠶᠢ ᠲᠤᠪᠤᠶᠢᠯᠭᠠᠨ ᠴᠢᠬᠤᠯᠠᠴᠢᠯᠠᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢᠨ ᠠᠷᠪᠠᠨ ᠵᠦᠢᠯ ᠤᠨ ᠪᠤᠳᠠᠳᠠᠢ ᠱᠠᠭᠠᠷᠳᠠᠯᠭ᠎ᠠ ᠶᠢ ᠲᠤᠳᠤᠷᠬᠠᠢ ᠲᠤᠷᠠᠳᠴᠤ᠂ ᠪᠢᠳᠡᠨ ᠤ ᠤᠯᠤᠰ ᠤᠨ ᠠᠮᠤᠷ ᠲᠦᠪᠰᠢᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠬᠤ ᠪᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠠᠵᠢᠯ ᠢ ᠡᠷᠡᠰ ᠴᠢᠩᠭ᠎ᠠ ᠪᠣᠳᠠᠲᠠᠶ ᠲᠤᠭᠤᠰᠢᠲᠠᠶ ᠠᠳᠬᠤᠵᠤ᠂ ᠤᠯᠤᠰ ᠲᠥᠷᠥ ᠶᠢᠨ ᠲᠣᠭᠲᠠᠭᠤᠨ᠂ ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠵᠤ᠂ ︽ᠬᠤᠶᠠᠷ ᠬᠠᠯᠬᠠᠪᠴᠢ ︾ ᠶᠢ ᠪᠠᠲᠤ ᠴᠣᠭᠴᠠᠯᠠᠬᠤ ᠳᠤ ᠬᠢᠩᠭᠠᠨ ᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠲᠣᠭᠲᠠᠭᠤᠨ ᠳᠤ ᠬᠤᠯᠪᠣᠭᠳᠠᠬᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠢᠶᠳᠪᠦᠷᠢᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠪᠠᠬᠢᠵᠢᠭᠦᠯᠦᠨ ᠥᠷᠭᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠡᠪᠴᠢᠶᠡᠨ ᠳᠠᠬᠢ ᠪᠠᠬᠢᠯᠡᠯᠳᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠠᠮᠤᠷ ᠲᠦᠪᠰᠢᠨ ᠢ ᠨᠥᠯᠥᠭᠡᠯᠡᠬᠦ ᠠᠯᠢᠪᠠ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠶ᠃ ᠭᠤᠤᠯᠳᠠᠯᠭᠠᠳᠤ ᠬᠡᠪᠴᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ᠂ ᠲᠤᠤᠷ ᠰᠦᠯᠵᠢᠶ᠎ᠡ᠂ ᠨᠡᠶᠢᠭᠡᠮ ᠵᠡᠷᠭᠡ ᠭᠤᠤᠯᠳᠠᠯᠭᠠᠳᠤ ᠬᠡᠪᠴᠢᠶᠡᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠢᠯᠠᠩᠭᠤᠶ᠎ᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠠᠮᠳᠤ ᠪᠠᠷ ᠰᠡᠷᠭᠡᠶᠢᠯᠡᠵᠦ ᠬᠠᠮᠳᠤ ᠪᠠᠷ ᠡᠵᠡᠮᠳᠡᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠶᠢᠨ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠲᠥᠯᠥᠪᠵᠢᠭᠦᠯᠦᠨ ᠠᠬᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠣᠯᠤᠨ ᠬᠦᠴᠦᠨ ᠴᠢᠳᠠᠯ ᠢ ᠪᠦᠲᠦᠮᠵᠢᠲᠡᠢ ᠲᠠᠶᠢᠴᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号