1 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ | ᠭᠧᠩ ᠲᠢᠶᠠᠨ ᠯᠢᠶᠠᠩ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ | ᠰᠦᠯᠵᠢᠶᠡᠵᠢᠯᠲᠡ︾ ᠬᠠᠮᠢᠶᠠᠷᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠲᠠᠷᠠᠭᠠᠴᠢ ᠶᠢᠨ | ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠯᠢᠦ ᡁᠢ ᠹᠧᠩ ᠵᠢᠴᠢ ᠬᠡᠰᠡᠭ | ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | ᠭᠧᠩ ᠲᠢᠶᠠᠨ ᠯᠢᠶᠠᠩ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠣᠯᠠᠨ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ | ᠪᠠᠶᠢᠳᠠᠯ ᠬᠡᠰᠡᠭ ᠪᠤᠰᠠᠭ ᠢᠶᠠᠷ ᠡᠭᠦᠰᠬᠦ ᠪᠠ ᠬᠡᠰᠡᠭ ᠭᠠᠵᠠᠷ ᠲᠤ ᠲᠥᠪᠯᠡᠷᠡᠬᠦ ᠴᠢᠨᠠᠷᠲᠠᠶ ᠰᠣᠯᠪᠢᠴᠠᠨ ᠰᠣᠯᠪᠢᠴᠠᠬᠤ | ᠪᠠᠶᠢᠳᠠᠯ ᠢᠯᠡᠷᠡᠵᠦ ᠪᠠᠶᠢᠨ᠎ᠠ᠂ ᠡᠭᠦᠨ ᠤ ᠳᠡᠭᠡᠷ᠎ᠡ ᠴᠠᠭᠠᠨ ᠰᠠᠷ᠎ᠠ ᠶᠢᠨ ᠵᠥᠭᠡᠭᠡᠪᠦᠷᠢ ᠴᠠᠭᠠᠨ ᠰᠠᠷ᠎ᠠ ᠣᠶᠢᠷᠠᠳᠴᠤ᠂ | ᠰᠢᠶᠠᠨ ᠳᠤ ︽ᠪᠤᠴᠠᠬᠤ︾ ᠬᠥᠮᠦᠰ ᠣᠯᠠᠰᠢᠷᠠᠵᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠵᠤ᠂ ᠬᠦᠶᠲᠡᠨ | ᠬᠡᠯᠬᠢᠶᠡᠲᠦ ᠢᠳᠡᠭᠡᠨ ᠪᠠ ᠡᠳ᠋ ᠪᠠᠷᠠᠭᠠᠨ ᠤ ᠭᠦᠶᠯᠭᠡᠭᠡᠨ ᠤ ᠬᠡᠮᠵᠢᠶ᠎ᠡ ᠨᠡᠮᠡᠭᠳᠡᠵᠦ᠂ ᠬᠢᠵᠢᠭ ᠲᠠᠷᠬᠠᠬᠤ ᠠᠶᠤᠯ | ᠲᠦᠭᠰᠢᠭᠦᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠥᠬᠦ ᠰᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠬᠤ ᠳᠤ ᠰᠢᠨ᠎ᠡ ᠥᠷᠢᠰᠥᠯᠳᠦᠭᠡᠨ᠂ ᠰᠢᠨ᠎ᠡ ᠬᠦᠴᠢᠷᠳᠡᠯ ᠳᠤᠷᠠᠳᠤᠭᠰᠠᠨ ᠪᠠᠶᠢᠨ᠎ᠠ᠃ | | ᠭᠧᠩ ᠲᠢᠶᠠᠨ ᠯᠢᠶᠠᠩ᠂ ᠴᠠᠭᠠᠨ ᠰᠠᠷ᠎ᠠ ᠶᠢᠨ ᠵᠥᠭᠡᠭᠡᠪᠦᠷᠢ ᠬᠦᠷᠴᠦ ᠢᠷᠡᠬᠦ ᠲᠠᠰᠢᠷᠠᠮ ᠢᠶᠠᠷ᠂ ᠡᠯ᠎ᠡ ᠬᠤᠯᠪᠣᠭᠳᠠᠯ | ᠪᠦᠬᠦᠢ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ | ᠰᠠᠨᠠᠭ᠎ᠠ ᠪᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ᠂ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠢ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ | ᠭᠦᠨᠵᠡᠭᠡᠢ ᠲᠣᠳᠣᠷᠬᠠᠢ ᠲᠠᠨᠢᠵᠤ᠂ ᠪᠠᠴᠢᠮ ᠪᠠᠶᠢᠳᠠᠯ ᠢ ᠪᠠᠲᠤᠯᠠᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ︽ᠲᠦᠷᠪᠡᠨ ᠡᠷᠲᠡ︾ ᠶᠢᠨ ᠵᠠᠷᠴᠢᠮ ᠢ ᠪᠠᠷᠢᠮᠲᠠᠯᠠᠵᠤ᠂ ︽ᠲᠠᠪᠤᠨ ᠪᠠᠶᠢᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠷᠡᠰ | ᠪᠠᠲᠤᠯᠠᠬᠤ ᠶᠢᠨ ᠵᠡᠷᠭᠡ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ | ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ | ᠭᠧᠩ ᠲᠢᠶᠠᠨ ᠯᠢᠶᠠᠩ᠂ ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢ ᠪᠠᠲᠤ | ᠡᠵᠡᠮᠳᠡᠬᠦ ᠬᠡᠷᠡᠭᠲᠡᠢ᠃ ᠣᠳᠣᠬᠠᠨ ᠳᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠂ ᠬᠠᠮᠤᠭ ᠤᠨ ᠦᠨᠳᠦᠰᠦᠨ ᠵᠦᠶᠯ ᠪᠣᠯ ᠳᠠᠷᠤᠶ ︽ᠬᠥᠮᠦᠨ᠂ | ᠪᠣᠳᠠᠰ︾ ᠢ ᠬᠠᠮᠲᠤ ᠪᠠᠷ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠠᠪᠤᠳᠠᠯ ᠪᠣᠯᠤᠨ᠎ᠠ᠃ ᠡᠯ᠎ᠡ ᠬᠤᠯᠪᠣᠭᠳᠠᠯ ᠪᠦᠬᠦᠢ | ᠨᠢᠭᠡᠴᠢ ᠶᠢᠨ ᠬᠢᠨ ᠡᠨᠡ ᠬᠤᠶᠠᠷ ᠭᠤᠣᠯᠳᠠᠯᠭ᠎ᠠ ᠶᠢ ᠪᠠᠲᠤ ᠡᠵᠡᠮᠳᠡᠵᠦ᠂ ︽ᠰᠡᠷᠭᠡᠶᠢᠯᠡᠬᠦ︾ ᠳᠡᠭᠡᠷ᠎ᠡ ᠬᠦᠴᠦ ᠲᠠᠯᠪᠢᠬᠤ | ᠬᠡᠷᠡᠭᠲᠡᠢ᠃ ᠬᠡᠪ ᠤᠨ ᠦᠶᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠬᠤ ᠶᠢᠨ ᠬᠠᠮᠲᠤ᠂ ᠴᠠᠭᠠᠨ | ᠰᠠᠷ᠎ᠠ ᠶᠢᠨ ᠵᠥᠭᠡᠭᠡᠪᠦᠷᠢ ᠶᠢᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ | ᠱᠠᠭᠠᠷᠳᠠᠯᠭ᠎ᠠ ᠶᠢ ᠦᠨᠳᠦᠰᠦᠯᠡᠨ᠂ ᠰᠡᠷᠭᠡᠶᠢᠯᠡᠨ ᠡᠵᠡᠮᠳᠡᠬᠦ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠮᠠᠨ ᠤ ᠰᠢᠶᠠᠨ ᠤ ᠪᠣᠳᠠᠲᠤ ᠪᠠᠶᠢᠳᠠᠯ ᠳᠤ ᠨᠠᠩ ᠨᠡᠶᠢᠴᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ | ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠡᠷᠡᠰ ᠰᠡᠷᠭᠡᠶᠢᠯᠡᠨ᠎ᠡ᠃ | ᠬᠤᠶᠠᠷ ᠲᠤ᠂ ︽ᠰᠦᠯᠵᠢᠶᠡᠵᠢᠯᠲᠡ︾ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ | ᠬᠡᠷᠡᠭᠲᠡᠢ᠃ ᠬᠡᠰᠡᠭ ᠢ ᠳᠠᠭᠠᠭᠠᠴᠢᠯᠠᠬᠤ᠂ ᠲᠣᠰᠬᠤᠨ ᠢ ᠳᠠᠭᠠᠭᠠᠴᠢᠯᠠᠬᠤ᠂ ᠰᠠᠭᠤᠭᠠᠯᠢ ᠲᠣᠭᠤᠷᠢᠭ ᠢ ᠳᠠᠭᠠᠭᠠᠴᠢᠯᠠᠬᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠭᠠᠭᠠᠴᠢᠯᠠᠬᠤ ᠪᠠᠷ ᠰᠠᠭᠤᠷᠢ ᠪᠣᠯᠭᠠᠵᠤ᠂ ᠨᠠᠮ ᠤᠨ ᠭᠡᠰᠢᠭᠦᠨ᠂ ᠺᠠᠳ᠋ᠷ᠂ | ᠲᠣᠰᠬᠤᠨ ᠤ ᠠᠷᠠᠳ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ | ᠠᠵᠢᠯᠳᠠᠨ᠂ ᠰᠠᠶᠢᠨ ᠳᠤᠷᠠᠴᠤᠳ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ | ᠨᠢᠭᠡᠴᠢ ᠶᠢ ᠪᠠᠭᠠᠰᠬᠠᠵᠤ᠂ ᠵᠠᠭᠪᠤᠷ ᠲᠣᠭᠲᠠᠴᠠ ᠶᠢ ᠪᠦᠷᠢᠨᠰᠢᠬᠦᠯᠤᠨ᠂ ᠲᠤᠮᠤ ᠲᠣᠣᠷᠵᠢᠯ ᠠᠴᠠ ᠪᠢᠴᠢᠯ ᠲᠣᠣᠷᠵᠢᠯ | ᠬᠦᠷᠲᠡᠯᠡᠬᠢ ︽ᠰᠦᠯᠵᠢᠶᠡᠵᠢᠯᠲᠡ︾ ᠬᠠᠮᠢᠶᠠᠷᠤᠯᠲᠠ ᠶᠢᠨ ᠰᠢᠰᠲ᠋ᠧᠮ ᠢ ᠦᠳᠲᠡᠷ ᠲᠦᠷᠭᠡᠨ ᠲᠡᠭᠦᠯᠳᠡᠷᠵᠢᠭᠦᠯᠵᠦ᠂ | ᠰᠡᠷᠭᠡᠶᠢᠯᠡᠨ ᠡᠵᠡᠮᠳᠡᠬᠦ ᠬᠦᠴᠦᠨ ᠢ ᠦᠵᠦᠭᠦᠷ ᠬᠦᠷᠲᠡᠯ᠎ᠡ ᠤᠷᠲᠤᠳᠬᠠᠨ᠂ ᠰᠡᠷᠭᠡᠶᠢᠯᠡᠨ ᠡᠵᠡᠮᠳᠡᠬᠦ ᠲᠣᠣᠷ ᠢ ᠪᠦᠬᠦ | ᠰᠢᠶᠠᠨ ᠤ ᠡᠯ᠎ᠡ ᠣᠷᠣᠨ ᠪᠦᠰᠡ ᠳᠤ ᠪᠦᠷᠬᠦᠭᠦᠯᠵᠦ᠂ ︽ᠬᠥᠮᠦᠨ᠂ ᠪᠣᠳᠠᠰ︾ ᠤᠨ ᠬᠠᠮᠲᠤ ᠪᠠᠷ ᠰᠡᠷᠭᠡᠶᠢᠯᠡᠬᠦ ᠳᠤ | ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠥᠮᠦᠨ ᠢ ᠬᠠᠮᠢᠶᠠᠷᠬᠤ᠂ ᠪᠣᠳᠠᠰ ᠢ | ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ ᠶᠢ ᠲᠣᠸ᠋ᠷᠵᠢᠭᠤᠯᠤᠭᠴᠢ ᠶᠢᠨ ᠦᠨᠳᠦᠰᠦᠨ ᠡᠭᠦᠷᠭᠡ ᠬᠠᠷᠢᠭᠤᠴᠠᠯᠭ᠎ᠠ | ᠪᠣᠯᠭᠠᠵᠤ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠯᠤᠭ᠎ᠠ ᠨᠢᠭᠲᠠ ᠤᠶᠠᠯᠳᠤᠭᠤᠯᠤᠨ᠂ ᠵᠡᠷᠭᠡᠪᠡᠷ | ᠨᠠᠶᠢᠳᠠᠪᠤᠷᠢᠵᠢᠭᠤᠯᠬᠤ ᠬᠡᠷᠡᠭᠲᠡᠶ᠃ ︽ᠵᠢᠷᠭᠤᠭ᠎ᠠ ᠶᠢ ᠡᠷᠦᠬᠡ ᠳᠤ ᠬᠦᠷᠦᠭᠦᠯᠬᠦ︾ ︽ᠵᠢᠷᠭᠤᠭ᠎ᠠ ᠶᠢ ᠨᠡᠶᠢᠭᠡᠮ | ᠲᠣᠭᠤᠷᠢᠭ ᠲᠤ ᠬᠦᠷᠦᠭᠦᠯᠬᠦ︾ ᠵᠡᠷᠭᠡ ᠠᠵᠢᠯ ᠲᠠᠢ ᠨᠢᠭᠲᠠ ᠤᠶᠠᠯᠳᠤᠭᠤᠯᠵᠤ᠂ ᠬᠥᠳᠡᠯᠭᠡᠭᠡᠨᠲᠦ ᠬᠡᠯᠪᠡᠷᠢ ᠶᠢᠨ | ᠰᠡᠷᠭᠡᠶᠢᠯᠡᠨ ᠡᠵᠡᠮᠳᠡᠬᠦ ᠠᠵᠢᠯ ᠢ ᠬᠢᠬᠦ ᠦᠭᠡᠶ ᠪᠠᠶᠢᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ | ᠪᠠᠲᠤᠯᠠᠬᠤ ᠬᠡᠷᠡᠭᠲᠡᠶ᠃ | ᠭᠤᠷᠪᠠ ᠳᠤ᠂ ︽ᠰᠦᠯᠵᠢᠶᠡᠵᠢᠯᠲᠡ︾ ᠮᠡᠳᠡᠭᠡ ᠵᠠᠩᠭᠢ ᠳᠠᠮᠵᠢᠭᠤᠯᠬᠤ ᠲᠣᠭᠲᠠᠴᠠ ᠶᠢ ᠬᠦᠴᠦᠯᠡᠨ | ᠪᠠᠶᠢᠭᠤᠯᠬᠤ ᠬᠡᠷᠡᠭᠲᠡᠢ᠃ ︽ᠰᠦᠯᠵᠢᠶᠡᠵᠢᠯᠲᠡ︾ ᠬᠠᠮᠢᠶᠠᠷᠤᠯᠲᠠ ᠶᠢᠨ ᠰᠢᠰᠲ᠋ᠧᠮ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠵᠢᠷᠭᠢᠶ᠎ᠡ ᠶᠢᠨ ᠴᠤᠭᠯᠠᠷᠠᠯ ᠵᠡᠷᠭᠡ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠳᠡᠭᠡᠷ᠎ᠡ ᠠᠴᠠ | ᠳᠣᠷᠣᠭᠰᠢ ᠮᠡᠳᠡᠭᠡ ᠵᠠᠩᠭᠢ ᠳᠠᠮᠵᠢᠭᠤᠯᠬᠤ ᠪᠠ ᠳᠣᠣᠷ᠎ᠠ ᠠᠴᠠ ᠳᠡᠭᠡᠭᠰᠢ ᠮᠡᠳᠡᠭᠡ ᠵᠠᠩᠭᠢ ᠮᠡᠳᠡᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠤ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠲᠦᠷᠭᠡᠨ ᠴᠤᠤᠷᠢᠶᠠᠲᠤᠬᠤ ᠶᠢ | ᠪᠡᠶᠡᠯᠡᠭᠦᠯᠵᠦ᠂ ᠮᠡᠳᠡᠭᠡ ᠵᠠᠩᠭᠢ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠠᠬᠢᠭᠤᠯᠤᠬᠴᠢ ᠪᠣᠯᠭᠠᠬᠤ | ᠬᠡᠷᠡᠭᠲᠡᠢ᠃ | ᠲᠦᠷᠪᠡ ᠲᠤ᠂ ︽ᠰᠦᠯᠵᠢᠶᠡᠵᠢᠯᠲᠡ︾ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ | ᠨᠠᠶᠢᠳᠠᠪᠤᠷᠢᠵᠢᠭᠤᠯᠬᠤ ᠬᠡᠷᠡᠭᠲᠡᠢ᠃ ︽ᠰᠦᠯᠵᠢᠶᠡᠵᠢᠯᠲᠡ︾ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠢᠯᠡ ᠪᠠᠷ ᠨᠡᠶᠢᠲᠡᠯᠡᠵᠦ᠂ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃ | ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠲᠣᠭᠲᠠᠴᠠ ᠶᠢ ︽ᠰᠦᠯᠵᠢᠶᠡᠵᠢᠯᠲᠡ︾ ᠶᠢᠨ ᠬᠠᠮᠢᠶᠠᠷᠤᠯᠲᠠ ᠶᠢᠨ | ᠠᠵᠢᠯ ᠤᠨ ᠬᠡᠪᠴᠢᠶᠡᠨ ᠳᠤ ᠣᠷᠣᠭᠤᠯᠵᠤ᠂ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠲᠣᠸ᠋ᠷᠵᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠰᠤᠭᠤᠴᠢᠨ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠤᠨ | ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠰᠢᠶᠠᠨ ᠤ ᠬᠡᠪᠴᠢᠶᠡᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠢᠯᠡᠴᠢᠯᠡᠬᠦ ᠲᠦᠷᠢᠮ ᠢ ᠪᠥᠬᠦ | ᠲᠠᠯ᠎ᠠ ᠪᠠᠷ ᠠᠬᠢᠭᠤᠯᠵᠤ᠂ ᠡᠯ᠎ᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠠᠲᠤᠯᠠᠬᠤ ᠬᠡᠷᠡᠭᠲᠡᠶ᠃ | ᠲᠠᠪᠤ ᠳᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠵᠦ ᠬᠢᠵᠢᠭ ᠢ ᠰᠡᠷᠭᠡᠶᠢᠯᠡᠬᠦ ᠱᠤᠭᠤᠮ ᠢ | ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ︽ᠰᠦᠯᠵᠢᠶᠡᠵᠢᠯᠲᠡ︾ ᠰᠡᠷᠭᠡᠶᠢᠯᠡᠨ ᠡᠵᠡᠮᠳᠡᠬᠦ ᠰᠢᠰᠲᠧᠮ ᠢᠶᠠᠷ | ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠬᠠᠭᠤᠯᠭ᠎ᠠ ᠶᠢ ᠤᠯᠠᠮ ᠴᠢᠨᠠᠭᠰᠢᠳᠠ | ᠴᠢᠩᠭᠠᠳᠬᠠᠵᠤ᠂ ᠤᠯᠠᠨ ᠲᠦᠮᠡᠨ ᠤ ᠥᠪᠡᠷ ᠢ ᠪᠠᠨ ᠰᠡᠷᠭᠡᠶᠢᠯᠡᠨ ᠡᠵᠡᠮᠳᠡᠬᠦ ᠤᠬᠠᠮᠰᠠᠷ ᠪᠣᠯᠤᠨ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠤᠳᠤ ᠶᠢᠨ ᠰᠠᠭᠤᠭ᠎ᠠ ᠭᠠᠵᠠᠷ ᠲᠠᠭᠠᠨ ᠴᠠᠭᠠᠨ | ᠰᠠᠷ᠎ᠠ ᠪᠠᠨ ᠥᠩᠭᠡᠷᠡᠭᠦᠯᠬᠦ᠂ ᠬᠥᠮᠦᠨ ᠬᠠᠷ᠎ᠠ ᠶᠢᠨ ᠶᠠᠪᠤᠯᠴᠠᠭ᠎ᠠ ᠶᠢ ᠪᠦᠬᠦ ᠲᠠᠯ᠎ᠠ ᠪᠠᠷ ᠪᠠᠭᠠᠰᠬᠠᠬᠤ᠂ ᠠᠶᠠᠨ ᠵᠠᠮ ᠤᠨ | ᠠᠶᠤᠯ ᠲᠦᠭᠰᠢᠭᠦᠷᠢ ᠶᠢ ᠪᠠᠭᠠᠰᠬᠠᠬᠤ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠬᠤ ᠶᠢ ᠵᠣᠷᠢᠭᠵᠢᠭᠤᠯᠵᠤ᠂ | ᠥᠷᠭᠡᠨ ᠤᠯᠠᠨ ᠲᠦᠮᠡᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠬᠦᠴᠦᠨ ᠴᠡᠷᠢᠭ ᠪᠣᠯᠭᠠᠬᠤ | ᠬᠡᠷᠡᠭᠲᠡᠢ᠃ ᠣᠯᠠᠨ ᠲᠦᠮᠡᠨ ᠬᠠᠷᠢᠯᠴᠠᠨ ᠬᠠᠪᠰᠤᠷᠤᠯᠴᠠᠬᠤ ᠲᠣᠭᠲᠠᠴᠠ ᠶᠢ ᠪᠠᠶᠢᠭᠤᠯᠵᠤ᠂ ᠡᠷᠦᠬᠡ ᠪᠣᠯᠤᠨ | ᠡᠷᠦᠬᠡ ᠶᠢᠨ ᠬᠤᠭᠤᠷᠣᠨᠳᠣ ᠪᠠᠨ ᠬᠠᠷᠢᠯᠴᠠᠨ ᠰᠠᠨᠠᠭᠤᠯᠵᠤ᠂ ᠬᠠᠷᠢᠯᠴᠠᠨ ᠬᠢᠨᠠᠯᠲᠠ ᠲᠠᠯᠪᠢᠬᠤ ᠬᠡᠷᠡᠭᠲᠡᠶ᠃ ᠢᠯᠡᠴᠢᠯᠡᠨ | ᠮᠡᠳᠡᠭᠦᠯᠬᠦ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠢᠯᠡᠴᠢᠯᠡᠨ ᠮᠡᠳᠡᠭᠦᠯᠦᠭᠰᠡᠨ ᠢ | ᠱᠠᠩᠨᠠᠬᠤ ᠠᠷᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠢᠷᠡᠬᠦ ︵ᠪᠤᠴᠠᠬᠤ︶ ᠬᠥᠮᠦᠰ᠂ ᠪᠠᠷᠠᠭ᠎ᠠ ᠶᠢ ᠵᠢᠭᠰᠠᠭᠠᠨ | ᠪᠠᠶᠢᠴᠠᠭᠠᠬᠤ ᠶᠢ ᠪᠣᠳᠠᠲᠠᠶᠢᠵᠢᠭᠤᠯᠬᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠭᠧᠩ ᠲᠢᠶᠠᠨ ᠯᠢᠶᠠᠩ ᠴᠢᠬᠤᠯᠠᠴᠢᠯᠠᠭᠰᠠᠨ ᠨᠢ᠂ ︽ᠪᠣᠳᠠᠰ︾ ᠤᠨ ᠰᠡᠷᠭᠡᠶᠢᠯᠡᠯᠲᠡ ᠬᠢᠬᠦ ᠠᠷᠭ᠎ᠠ ᠬᠡᠮᠵᠢᠶ᠎ᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠯᠭᠠᠨ ᠪᠠᠶᠢᠴᠠᠭᠠᠬᠤ᠂ ᠠᠷᠢᠭᠤᠳᠬᠠᠬᠤ᠂ ᠵᠢᠭᠰᠠᠭᠠᠨ ᠪᠠᠶᠢᠴᠠᠭᠠᠬᠤ | ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠢᠯᠠᠩᠭᠤᠶ᠎ᠠ ᠬᠦᠶᠲᠡᠨ ᠬᠡᠯᠬᠢᠶᠡᠲᠦ ᠢᠳᠡᠭᠡᠨ᠂ ᠲᠦᠷᠭᠡᠨ ᠬᠦᠷᠭᠡᠯᠲᠡ | ᠵᠡᠷᠭᠡ ᠶᠢ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠰᠠᠶᠢᠲᠤᠷ ᠬᠢᠬᠦ ᠬᠡᠷᠡᠭᠲᠡᠶ᠃ ︽ᠳᠥᠷᠪᠡᠨ ᠲᠠᠯ᠎ᠠ︾ | ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠰᠦᠯᠵᠢᠶᠡᠵᠢᠯᠲᠡ︾ ᠬᠠᠮᠢᠶᠠᠷᠤᠯᠲᠠ ᠶᠢ ᠰᠠᠶᠢᠲᠤᠷ | ᠬᠢᠭᠰᠡᠨ ᠰᠠᠭᠤᠷᠢᠨ ᠳᠡᠭᠡᠷ᠎ᠡ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠦᠬᠦᠨ ᠢ ᠪᠣᠳᠠᠲᠠᠶ ᠨᠠᠷᠢᠯᠢᠭ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠯᠣᠭᠤᠳᠬᠤ ᠭᠠᠵᠠᠷ ᠤᠨ ᠡᠯ᠎ᠡ ᠲᠤᠰᠬᠠᠶ | ᠳᠤᠭᠤᠶᠢᠯᠠᠩ ᠤᠨ ᠬᠢᠨ ᠡᠭᠦᠷᠭᠡ ᠴᠢᠳᠠᠪᠬᠢ ᠶᠢᠨ ᠦᠶᠯᠡᠳᠦᠯ ᠢᠶᠠᠨ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ | ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ | |