ᠭᠧᠩ ᠲᠢᠶᠠᠨ ᠯᠢᠶᠠᠩ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/15
   1 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ᠂  ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ  ᠭᠧᠩ ᠲᠢᠶᠠᠨ ᠯᠢᠶᠠᠩ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ ᠰᠦᠯᠵᠢᠶᠡᠵᠢᠯᠲᠡ︾ ᠬᠠᠮᠢᠶᠠᠷᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠲᠠᠷᠠᠭᠠᠴᠢ ᠶᠢᠨ  ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠯᠢᠦ ᡁᠢ ᠹᠧᠩ ᠵᠢᠴᠢ ᠬᠡᠰᠡᠭ  ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠣᠷᠣᠯᠴᠠᠪᠠ᠃
     ᠭᠧᠩ ᠲᠢᠶᠠᠨ ᠯᠢᠶᠠᠩ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠣᠯᠠᠨ ᠤᠯᠤᠰ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ  ᠪᠠᠶᠢᠳᠠᠯ ᠬᠡᠰᠡᠭ ᠪᠤᠰᠠᠭ ᠢᠶᠠᠷ ᠡᠭᠦᠰᠬᠦ ᠪᠠ ᠬᠡᠰᠡᠭ ᠭᠠᠵᠠᠷ ᠲᠤ ᠲᠥᠪᠯᠡᠷᠡᠬᠦ ᠴᠢᠨᠠᠷᠲᠠᠶ ᠰᠣᠯᠪᠢᠴᠠᠨ ᠰᠣᠯᠪᠢᠴᠠᠬᠤ  ᠪᠠᠶᠢᠳᠠᠯ ᠢᠯᠡᠷᠡᠵᠦ ᠪᠠᠶᠢᠨ᠎ᠠ᠂ ᠡᠭᠦᠨ ᠤ ᠳᠡᠭᠡᠷ᠎ᠡ ᠴᠠᠭᠠᠨ ᠰᠠᠷ᠎ᠠ ᠶᠢᠨ ᠵᠥᠭᠡᠭᠡᠪᠦᠷᠢ ᠴᠠᠭᠠᠨ ᠰᠠᠷ᠎ᠠ ᠣᠶᠢᠷᠠᠳᠴᠤ᠂  ᠰᠢᠶᠠᠨ ᠳᠤ ︽ᠪᠤᠴᠠᠬᠤ︾ ᠬᠥᠮᠦᠰ ᠣᠯᠠᠰᠢᠷᠠᠵᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠵᠤ᠂ ᠬᠦᠶᠲᠡᠨ  ᠬᠡᠯᠬᠢᠶᠡᠲᠦ ᠢᠳᠡᠭᠡᠨ ᠪᠠ ᠡᠳ᠋ ᠪᠠᠷᠠᠭᠠᠨ ᠤ ᠭᠦᠶᠯᠭᠡᠭᠡᠨ ᠤ ᠬᠡᠮᠵᠢᠶ᠎ᠡ ᠨᠡᠮᠡᠭᠳᠡᠵᠦ᠂ ᠬᠢᠵᠢᠭ ᠲᠠᠷᠬᠠᠬᠤ ᠠᠶᠤᠯ  ᠲᠦᠭᠰᠢᠭᠦᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠥᠬᠦ ᠰᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ  ᠪᠠᠶᠢᠩᠭᠤᠵᠢᠭᠤᠯᠬᠤ ᠳᠤ ᠰᠢᠨ᠎ᠡ ᠥᠷᠢᠰᠥᠯᠳᠦᠭᠡᠨ᠂ ᠰᠢᠨ᠎ᠡ ᠬᠦᠴᠢᠷᠳᠡᠯ ᠳᠤᠷᠠᠳᠤᠭᠰᠠᠨ ᠪᠠᠶᠢᠨ᠎ᠠ᠃
    ᠭᠧᠩ ᠲᠢᠶᠠᠨ ᠯᠢᠶᠠᠩ᠂ ᠴᠠᠭᠠᠨ ᠰᠠᠷ᠎ᠠ ᠶᠢᠨ ᠵᠥᠭᠡᠭᠡᠪᠦᠷᠢ ᠬᠦᠷᠴᠦ ᠢᠷᠡᠬᠦ ᠲᠠᠰᠢᠷᠠᠮ ᠢᠶᠠᠷ᠂ ᠡᠯ᠎ᠡ ᠬᠤᠯᠪᠣᠭᠳᠠᠯ  ᠪᠦᠬᠦᠢ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ  ᠰᠠᠨᠠᠭ᠎ᠠ ᠪᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ᠂  ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠢ ᠰᠢᠢᠳᠪᠦᠷᠢᠲᠦ  ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ  ᠭᠦᠨᠵᠡᠭᠡᠢ ᠲᠣᠳᠣᠷᠬᠠᠢ ᠲᠠᠨᠢᠵᠤ᠂ ᠪᠠᠴᠢᠮ ᠪᠠᠶᠢᠳᠠᠯ ᠢ ᠪᠠᠲᠤᠯᠠᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ  ᠪᠣᠳᠠᠲᠠᠶᠢᠵᠢᠭᠤᠯᠵᠤ᠂ ︽ᠲᠦᠷᠪᠡᠨ ᠡᠷᠲᠡ︾ ᠶᠢᠨ ᠵᠠᠷᠴᠢᠮ ᠢ ᠪᠠᠷᠢᠮᠲᠠᠯᠠᠵᠤ᠂ ︽ᠲᠠᠪᠤᠨ ᠪᠠᠶᠢᠬᠤ︾  ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠷᠡᠰ  ᠪᠠᠲᠤᠯᠠᠬᠤ ᠶᠢᠨ ᠵᠡᠷᠭᠡ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ  ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ  ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃    ᠭᠧᠩ ᠲᠢᠶᠠᠨ ᠯᠢᠶᠠᠩ᠂ ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢ ᠪᠠᠲᠤ  ᠡᠵᠡᠮᠳᠡᠬᠦ ᠬᠡᠷᠡᠭᠲᠡᠢ᠃ ᠣᠳᠣᠬᠠᠨ ᠳᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠂ ᠬᠠᠮᠤᠭ ᠤᠨ ᠦᠨᠳᠦᠰᠦᠨ ᠵᠦᠶᠯ ᠪᠣᠯ ᠳᠠᠷᠤᠶ ︽ᠬᠥᠮᠦᠨ᠂  ᠪᠣᠳᠠᠰ︾ ᠢ ᠬᠠᠮᠲᠤ ᠪᠠᠷ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠠᠪᠤᠳᠠᠯ ᠪᠣᠯᠤᠨ᠎ᠠ᠃ ᠡᠯ᠎ᠡ ᠬᠤᠯᠪᠣᠭᠳᠠᠯ ᠪᠦᠬᠦᠢ  ᠨᠢᠭᠡᠴᠢ ᠶᠢᠨ ᠬᠢᠨ ᠡᠨᠡ ᠬᠤᠶᠠᠷ ᠭᠤᠣᠯᠳᠠᠯᠭ᠎ᠠ ᠶᠢ ᠪᠠᠲᠤ ᠡᠵᠡᠮᠳᠡᠵᠦ᠂ ︽ᠰᠡᠷᠭᠡᠶᠢᠯᠡᠬᠦ︾ ᠳᠡᠭᠡᠷ᠎ᠡ ᠬᠦᠴᠦ ᠲᠠᠯᠪᠢᠬᠤ  ᠬᠡᠷᠡᠭᠲᠡᠢ᠃ ᠬᠡᠪ ᠤᠨ ᠦᠶᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠬᠤ ᠶᠢᠨ ᠬᠠᠮᠲᠤ᠂ ᠴᠠᠭᠠᠨ  ᠰᠠᠷ᠎ᠠ ᠶᠢᠨ ᠵᠥᠭᠡᠭᠡᠪᠦᠷᠢ ᠶᠢᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ  ᠱᠠᠭᠠᠷᠳᠠᠯᠭ᠎ᠠ ᠶᠢ ᠦᠨᠳᠦᠰᠦᠯᠡᠨ᠂ ᠰᠡᠷᠭᠡᠶᠢᠯᠡᠨ ᠡᠵᠡᠮᠳᠡᠬᠦ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠨᠠᠩ ᠨᠡᠶᠢᠴᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂  ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠡᠷᠡᠰ ᠰᠡᠷᠭᠡᠶᠢᠯᠡᠨ᠎ᠡ᠃     ᠬᠤᠶᠠᠷ ᠲᠤ᠂ ︽ᠰᠦᠯᠵᠢᠶᠡᠵᠢᠯᠲᠡ︾ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ  ᠬᠡᠷᠡᠭᠲᠡᠢ᠃ ᠬᠡᠰᠡᠭ ᠢ ᠳᠠᠭᠠᠭᠠᠴᠢᠯᠠᠬᠤ᠂ ᠲᠣᠰᠬᠤᠨ ᠢ ᠳᠠᠭᠠᠭᠠᠴᠢᠯᠠᠬᠤ᠂ ᠰᠠᠭᠤᠭᠠᠯᠢ ᠲᠣᠭᠤᠷᠢᠭ ᠢ ᠳᠠᠭᠠᠭᠠᠴᠢᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠭᠠᠭᠠᠴᠢᠯᠠᠬᠤ ᠪᠠᠷ ᠰᠠᠭᠤᠷᠢ ᠪᠣᠯᠭᠠᠵᠤ᠂ ᠨᠠᠮ ᠤᠨ ᠭᠡᠰᠢᠭᠦᠨ᠂ ᠺᠠᠳ᠋ᠷ᠂  ᠲᠣᠰᠬᠤᠨ ᠤ ᠠᠷᠠᠳ ᠤᠨ ᠲᠥᠯᠥᠭᠡᠯᠡᠭᠴᠢ ᠂ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ  ᠠᠵᠢᠯᠳᠠᠨ᠂ ᠰᠠᠶᠢᠨ ᠳᠤᠷᠠᠴᠤᠳ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ  ᠨᠢᠭᠡᠴᠢ ᠶᠢ ᠪᠠᠭᠠᠰᠬᠠᠵᠤ᠂ ᠵᠠᠭᠪᠤᠷ ᠲᠣᠭᠲᠠᠴᠠ ᠶᠢ ᠪᠦᠷᠢᠨᠰᠢᠬᠦᠯᠤᠨ᠂ ᠲᠤᠮᠤ ᠲᠣᠣᠷᠵᠢᠯ ᠠᠴᠠ ᠪᠢᠴᠢᠯ ᠲᠣᠣᠷᠵᠢᠯ  ᠬᠦᠷᠲᠡᠯᠡᠬᠢ ︽ᠰᠦᠯᠵᠢᠶᠡᠵᠢᠯᠲᠡ︾ ᠬᠠᠮᠢᠶᠠᠷᠤᠯᠲᠠ ᠶᠢᠨ ᠰᠢᠰᠲ᠋ᠧᠮ ᠢ ᠦᠳᠲᠡᠷ ᠲᠦᠷᠭᠡᠨ ᠲᠡᠭᠦᠯᠳᠡᠷᠵᠢᠭᠦᠯᠵᠦ᠂  ᠰᠡᠷᠭᠡᠶᠢᠯᠡᠨ ᠡᠵᠡᠮᠳᠡᠬᠦ ᠬᠦᠴᠦᠨ ᠢ ᠦᠵᠦᠭᠦᠷ ᠬᠦᠷᠲᠡᠯ᠎ᠡ ᠤᠷᠲᠤᠳᠬᠠᠨ᠂ ᠰᠡᠷᠭᠡᠶᠢᠯᠡᠨ ᠡᠵᠡᠮᠳᠡᠬᠦ ᠲᠣᠣᠷ ᠢ ᠪᠦᠬᠦ  ᠰᠢᠶᠠᠨ ᠤ ᠡᠯ᠎ᠡ ᠣᠷᠣᠨ ᠪᠦᠰᠡ ᠳᠤ ᠪᠦᠷᠬᠦᠭᠦᠯᠵᠦ᠂ ︽ᠬᠥᠮᠦᠨ᠂ ᠪᠣᠳᠠᠰ︾ ᠤᠨ ᠬᠠᠮᠲᠤ ᠪᠠᠷ ᠰᠡᠷᠭᠡᠶᠢᠯᠡᠬᠦ ᠳᠤ  ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠥᠮᠦᠨ ᠢ ᠬᠠᠮᠢᠶᠠᠷᠬᠤ᠂ ᠪᠣᠳᠠᠰ ᠢ  ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ ᠶᠢ ᠲᠣᠸ᠋ᠷᠵᠢᠭᠤᠯᠤᠭᠴᠢ ᠶᠢᠨ ᠦᠨᠳᠦᠰᠦᠨ ᠡᠭᠦᠷᠭᠡ ᠬᠠᠷᠢᠭᠤᠴᠠᠯᠭ᠎ᠠ  ᠪᠣᠯᠭᠠᠵᠤ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠯᠤᠭ᠎ᠠ ᠨᠢᠭᠲᠠ ᠤᠶᠠᠯᠳᠤᠭᠤᠯᠤᠨ᠂ ᠵᠡᠷᠭᠡᠪᠡᠷ  ᠨᠠᠶᠢᠳᠠᠪᠤᠷᠢᠵᠢᠭᠤᠯᠬᠤ ᠬᠡᠷᠡᠭᠲᠡᠶ᠃ ︽ᠵᠢᠷᠭᠤᠭ᠎ᠠ ᠶᠢ ᠡᠷᠦᠬᠡ ᠳᠤ ᠬᠦᠷᠦᠭᠦᠯᠬᠦ︾ ︽ᠵᠢᠷᠭᠤᠭ᠎ᠠ ᠶᠢ ᠨᠡᠶᠢᠭᠡᠮ  ᠲᠣᠭᠤᠷᠢᠭ ᠲᠤ ᠬᠦᠷᠦᠭᠦᠯᠬᠦ︾ ᠵᠡᠷᠭᠡ ᠠᠵᠢᠯ ᠲᠠᠢ ᠨᠢᠭᠲᠠ ᠤᠶᠠᠯᠳᠤᠭᠤᠯᠵᠤ᠂ ᠬᠥᠳᠡᠯᠭᠡᠭᠡᠨᠲᠦ ᠬᠡᠯᠪᠡᠷᠢ ᠶᠢᠨ  ᠰᠡᠷᠭᠡᠶᠢᠯᠡᠨ ᠡᠵᠡᠮᠳᠡᠬᠦ ᠠᠵᠢᠯ ᠢ ᠬᠢᠬᠦ ᠦᠭᠡᠶ ᠪᠠᠶᠢᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ  ᠪᠠᠲᠤᠯᠠᠬᠤ ᠬᠡᠷᠡᠭᠲᠡᠶ᠃     ᠭᠤᠷᠪᠠ ᠳᠤ᠂ ︽ᠰᠦᠯᠵᠢᠶᠡᠵᠢᠯᠲᠡ︾ ᠮᠡᠳᠡᠭᠡ ᠵᠠᠩᠭᠢ ᠳᠠᠮᠵᠢᠭᠤᠯᠬᠤ ᠲᠣᠭᠲᠠᠴᠠ ᠶᠢ ᠬᠦᠴᠦᠯᠡᠨ  ᠪᠠᠶᠢᠭᠤᠯᠬᠤ ᠬᠡᠷᠡᠭᠲᠡᠢ᠃ ︽ᠰᠦᠯᠵᠢᠶᠡᠵᠢᠯᠲᠡ︾ ᠬᠠᠮᠢᠶᠠᠷᠤᠯᠲᠠ ᠶᠢᠨ ᠰᠢᠰᠲ᠋ᠧᠮ ᠤᠨ ᠳᠠᠪᠠᠭᠤᠯᠢᠭ ᠢ ᠭᠦᠢᠴᠡᠳ  ᠪᠠᠳᠠᠷᠠᠭᠤᠯᠵᠤ᠂ ᠵᠢᠷᠭᠢᠶ᠎ᠡ ᠶᠢᠨ ᠴᠤᠭᠯᠠᠷᠠᠯ ᠵᠡᠷᠭᠡ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠳᠡᠭᠡᠷ᠎ᠡ ᠠᠴᠠ  ᠳᠣᠷᠣᠭᠰᠢ ᠮᠡᠳᠡᠭᠡ ᠵᠠᠩᠭᠢ ᠳᠠᠮᠵᠢᠭᠤᠯᠬᠤ ᠪᠠ ᠳᠣᠣᠷ᠎ᠠ ᠠᠴᠠ ᠳᠡᠭᠡᠭᠰᠢ ᠮᠡᠳᠡᠭᠡ ᠵᠠᠩᠭᠢ ᠮᠡᠳᠡᠭᠦᠯᠬᠦ ᠲᠣᠭᠲᠠᠴᠠ ᠶᠢ  ᠪᠠᠶᠢᠭᠤᠯᠤᠨ ᠪᠦᠷᠢᠨᠰᠢᠬᠦᠯᠵᠤ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠲᠦᠷᠭᠡᠨ ᠴᠤᠤᠷᠢᠶᠠᠲᠤᠬᠤ ᠶᠢ  ᠪᠡᠶᠡᠯᠡᠭᠦᠯᠵᠦ᠂ ᠮᠡᠳᠡᠭᠡ ᠵᠠᠩᠭᠢ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠠᠬᠢᠭᠤᠯᠤᠬᠴᠢ ᠪᠣᠯᠭᠠᠬᠤ  ᠬᠡᠷᠡᠭᠲᠡᠢ᠃     ᠲᠦᠷᠪᠡ ᠲᠤ᠂ ︽ᠰᠦᠯᠵᠢᠶᠡᠵᠢᠯᠲᠡ︾ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠷᠡᠰ  ᠨᠠᠶᠢᠳᠠᠪᠤᠷᠢᠵᠢᠭᠤᠯᠬᠤ ᠬᠡᠷᠡᠭᠲᠡᠢ᠃ ︽ᠰᠦᠯᠵᠢᠶᠡᠵᠢᠯᠲᠡ︾ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ  ᠢᠯᠡ ᠪᠠᠷ ᠨᠡᠶᠢᠲᠡᠯᠡᠵᠦ᠂ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃  ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠲᠣᠭᠲᠠᠴᠠ ᠶᠢ ︽ᠰᠦᠯᠵᠢᠶᠡᠵᠢᠯᠲᠡ︾ ᠶᠢᠨ ᠬᠠᠮᠢᠶᠠᠷᠤᠯᠲᠠ ᠶᠢᠨ  ᠠᠵᠢᠯ ᠤᠨ ᠬᠡᠪᠴᠢᠶᠡᠨ ᠳᠤ ᠣᠷᠣᠭᠤᠯᠵᠤ᠂ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠲᠣᠸ᠋ᠷᠵᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠰᠤᠭᠤᠴᠢᠨ  ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ ᠤᠨ  ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠰᠢᠶᠠᠨ ᠤ ᠬᠡᠪᠴᠢᠶᠡᠨ ᠳᠠᠬᠢ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠢᠯᠡᠴᠢᠯᠡᠬᠦ ᠲᠦᠷᠢᠮ ᠢ ᠪᠥᠬᠦ  ᠲᠠᠯ᠎ᠠ ᠪᠠᠷ ᠠᠬᠢᠭᠤᠯᠵᠤ᠂ ᠡᠯ᠎ᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠠᠲᠤᠯᠠᠬᠤ ᠬᠡᠷᠡᠭᠲᠡᠶ᠃     ᠲᠠᠪᠤ ᠳᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠵᠦ ᠬᠢᠵᠢᠭ ᠢ ᠰᠡᠷᠭᠡᠶᠢᠯᠡᠬᠦ ᠱᠤᠭᠤᠮ ᠢ  ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ︽ᠰᠦᠯᠵᠢᠶᠡᠵᠢᠯᠲᠡ︾ ᠰᠡᠷᠭᠡᠶᠢᠯᠡᠨ ᠡᠵᠡᠮᠳᠡᠬᠦ ᠰᠢᠰᠲᠧᠮ ᠢᠶᠠᠷ  ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠬᠠᠭᠤᠯᠭ᠎ᠠ ᠶᠢ ᠤᠯᠠᠮ ᠴᠢᠨᠠᠭᠰᠢᠳᠠ  ᠴᠢᠩᠭᠠᠳᠬᠠᠵᠤ᠂ ᠤᠯᠠᠨ ᠲᠦᠮᠡᠨ ᠤ ᠥᠪᠡᠷ ᠢ ᠪᠠᠨ ᠰᠡᠷᠭᠡᠶᠢᠯᠡᠨ ᠡᠵᠡᠮᠳᠡᠬᠦ ᠤᠬᠠᠮᠰᠠᠷ ᠪᠣᠯᠤᠨ ᠰᠡᠷᠭᠡᠶᠢᠯᠡᠨ ᠡᠵᠡᠮᠳᠡᠬᠦ  ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠤᠳᠤ ᠶᠢᠨ ᠰᠠᠭᠤᠭ᠎ᠠ ᠭᠠᠵᠠᠷ ᠲᠠᠭᠠᠨ ᠴᠠᠭᠠᠨ  ᠰᠠᠷ᠎ᠠ ᠪᠠᠨ ᠥᠩᠭᠡᠷᠡᠭᠦᠯᠬᠦ᠂ ᠬᠥᠮᠦᠨ ᠬᠠᠷ᠎ᠠ ᠶᠢᠨ ᠶᠠᠪᠤᠯᠴᠠᠭ᠎ᠠ ᠶᠢ ᠪᠦᠬᠦ ᠲᠠᠯ᠎ᠠ ᠪᠠᠷ ᠪᠠᠭᠠᠰᠬᠠᠬᠤ᠂ ᠠᠶᠠᠨ ᠵᠠᠮ ᠤᠨ  ᠠᠶᠤᠯ ᠲᠦᠭᠰᠢᠭᠦᠷᠢ ᠶᠢ ᠪᠠᠭᠠᠰᠬᠠᠬᠤ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠬᠤ ᠶᠢ ᠵᠣᠷᠢᠭᠵᠢᠭᠤᠯᠵᠤ᠂  ᠥᠷᠭᠡᠨ ᠤᠯᠠᠨ ᠲᠦᠮᠡᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠬᠦᠴᠦᠨ ᠴᠡᠷᠢᠭ ᠪᠣᠯᠭᠠᠬᠤ  ᠬᠡᠷᠡᠭᠲᠡᠢ᠃ ᠣᠯᠠᠨ ᠲᠦᠮᠡᠨ ᠬᠠᠷᠢᠯᠴᠠᠨ ᠬᠠᠪᠰᠤᠷᠤᠯᠴᠠᠬᠤ ᠲᠣᠭᠲᠠᠴᠠ ᠶᠢ ᠪᠠᠶᠢᠭᠤᠯᠵᠤ᠂ ᠡᠷᠦᠬᠡ ᠪᠣᠯᠤᠨ  ᠡᠷᠦᠬᠡ ᠶᠢᠨ ᠬᠤᠭᠤᠷᠣᠨᠳᠣ ᠪᠠᠨ ᠬᠠᠷᠢᠯᠴᠠᠨ ᠰᠠᠨᠠᠭᠤᠯᠵᠤ᠂ ᠬᠠᠷᠢᠯᠴᠠᠨ ᠬᠢᠨᠠᠯᠲᠠ ᠲᠠᠯᠪᠢᠬᠤ ᠬᠡᠷᠡᠭᠲᠡᠶ᠃ ᠢᠯᠡᠴᠢᠯᠡᠨ  ᠮᠡᠳᠡᠭᠦᠯᠬᠦ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠢᠯᠡᠴᠢᠯᠡᠨ ᠮᠡᠳᠡᠭᠦᠯᠦᠭᠰᠡᠨ ᠢ  ᠱᠠᠩᠨᠠᠬᠤ ᠠᠷᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠢᠷᠡᠬᠦ ︵ᠪᠤᠴᠠᠬᠤ︶ ᠬᠥᠮᠦᠰ᠂ ᠪᠠᠷᠠᠭ᠎ᠠ ᠶᠢ ᠵᠢᠭᠰᠠᠭᠠᠨ  ᠪᠠᠶᠢᠴᠠᠭᠠᠬᠤ ᠶᠢ ᠪᠣᠳᠠᠲᠠᠶᠢᠵᠢᠭᠤᠯᠬᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ  ᠬᠡᠷᠡᠭᠲᠡᠶ᠃    ᠭᠧᠩ ᠲᠢᠶᠠᠨ ᠯᠢᠶᠠᠩ ᠴᠢᠬᠤᠯᠠᠴᠢᠯᠠᠭᠰᠠᠨ ᠨᠢ᠂ ︽ᠪᠣᠳᠠᠰ︾ ᠤᠨ ᠰᠡᠷᠭᠡᠶᠢᠯᠡᠯᠲᠡ ᠬᠢᠬᠦ ᠠᠷᠭ᠎ᠠ ᠬᠡᠮᠵᠢᠶ᠎ᠡ ᠶᠢ  ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠯᠭᠠᠨ ᠪᠠᠶᠢᠴᠠᠭᠠᠬᠤ᠂ ᠠᠷᠢᠭᠤᠳᠬᠠᠬᠤ᠂ ᠵᠢᠭᠰᠠᠭᠠᠨ ᠪᠠᠶᠢᠴᠠᠭᠠᠬᠤ  ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠢᠯᠠᠩᠭᠤᠶ᠎ᠠ ᠬᠦᠶᠲᠡᠨ ᠬᠡᠯᠬᠢᠶᠡᠲᠦ ᠢᠳᠡᠭᠡᠨ᠂ ᠲᠦᠷᠭᠡᠨ ᠬᠦᠷᠭᠡᠯᠲᠡ  ᠵᠡᠷᠭᠡ ᠶᠢ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠰᠠᠶᠢᠲᠤᠷ ᠬᠢᠬᠦ ᠬᠡᠷᠡᠭᠲᠡᠶ᠃ ︽ᠳᠥᠷᠪᠡᠨ ᠲᠠᠯ᠎ᠠ︾  ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠰᠦᠯᠵᠢᠶᠡᠵᠢᠯᠲᠡ︾ ᠬᠠᠮᠢᠶᠠᠷᠤᠯᠲᠠ ᠶᠢ ᠰᠠᠶᠢᠲᠤᠷ  ᠬᠢᠭᠰᠡᠨ ᠰᠠᠭᠤᠷᠢᠨ ᠳᠡᠭᠡᠷ᠎ᠡ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠦᠬᠦᠨ ᠢ ᠪᠣᠳᠠᠲᠠᠶ ᠨᠠᠷᠢᠯᠢᠭ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠯᠣᠭᠤᠳᠬᠤ ᠭᠠᠵᠠᠷ ᠤᠨ ᠡᠯ᠎ᠡ ᠲᠤᠰᠬᠠᠶ  ᠳᠤᠭᠤᠶᠢᠯᠠᠩ ᠤᠨ ᠬᠢᠨ ᠡᠭᠦᠷᠭᠡ ᠴᠢᠳᠠᠪᠬᠢ ᠶᠢᠨ ᠦᠶᠯᠡᠳᠦᠯ ᠢᠶᠠᠨ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂  ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ  ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号