ᠠᠶᠢᠮᠠᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ 2021 ᠤᠨ ᠤ ᠠᠩᠬᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠭᠡᠰᠢᠭᠦᠳ ᠤᠨ ᠲᠤᠰᠢᠶᠠᠯ ᠤᠨ ᠮᠡᠳᠡᠭᠦᠯᠦᠯᠳᠡ ᠠᠷᠢᠭᠤᠨ ᠴᠢᠭᠡᠴᠢ ᠪᠠᠷ ᠵᠠᠰᠠᠭ ᠪᠠᠷᠢᠬᠤ ᠮᠡᠳᠡᠭᠦᠯᠦᠯᠳᠡ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/1/16
    1 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ 2021 ᠤᠨ ᠤ ᠠᠩᠬᠠᠳᠤᠭᠠᠷ ᠤᠳᠠᠭᠠᠨ ᠪᠦᠬᠦᠳᠡ ᠬᠤᠷᠠᠯ ᠵᠢᠴᠢ ᠭᠡᠰᠢᠭᠦᠳ ᠤᠨ ᠲᠤᠰᠢᠶᠠᠯ ᠤᠨ ᠮᠡᠳᠡᠭᠦᠯᠦᠯᠳᠡ ᠠᠷᠢᠭᠤᠨ ᠴᠢᠭᠡᠴᠢ ᠪᠠᠷ ᠵᠠᠰᠠᠭ ᠪᠠᠷᠢᠬᠤ ᠮᠡᠳᠡᠭᠦᠯᠦᠯᠳᠡ ᠶᠢᠨ ᠬᠤᠷᠠᠯ ᠬᠤᠷᠠᠯᠳᠤᠭᠤᠯᠵᠠᠢ᠃ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠮᠠ ᠬᠤᠸᠠᠨ ᠯᠦᠩ ᠬᠤᠷᠠᠯ ᠡᠷᠬᠢᠯᠡᠪᠡ᠃ ᠬᠤᠷᠠᠯ ᠳᠤ᠂ 2020 ᠤᠨ ᠤ ᠠᠶᠢᠮᠠᠭ ᠤᠨ ᠨᠠᠮ ᠤᠨ ᠬᠤᠷᠢᠶᠠᠨ ᠤ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠲᠡᠳ᠋ ᠱᠦᠵᠢ᠂ ᠭᠡᠰᠢᠭᠦᠳ ᠪᠤᠯᠤᠨ ᠡᠯ᠎ᠡ ᠬᠤᠰᠢᠭᠤ ᠰᠢᠶᠠᠨ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠮᠡᠳᠡᠭᠦᠯᠦᠯᠳᠡ ᠶᠢ ᠰᠤᠨᠤᠰᠴᠤ᠂ ᠮᠠ ᠬᠤᠸᠠᠨ ᠯᠦᠩ ᠲᠤᠰ ᠲᠤᠰ ᠦᠨᠡᠯᠡᠯᠳᠡ ᠬᠢᠪᠡ᠃       ᠬᠤᠷᠠᠯ ᠠᠴᠠ ᠵᠢᠭᠠᠵᠦ ᠭᠠᠷᠭᠠᠭᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠳᠠᠯᠠᠨ᠂ ᠪᠦᠬᠦ ᠠᠶᠢᠮᠠᠭ ᠤᠨ ᠣᠯᠣᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠦᠢᠯᠡᠴᠢᠯᠡᠭᠡᠨ ᠤ ᠲᠦᠪ ᠤᠨ ᠪᠦᠬᠦ ᠲᠠᠯ᠎ᠠ ᠪᠠᠷ ᠦᠢᠯᠡᠴᠢᠯᠡᠬᠦ ᠶᠢ ᠪᠠᠷᠢᠮᠳᠠᠯᠠᠨ᠂ ᠭᠤᠤᠯ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠦᠪᠯᠡᠷᠡᠨ᠂ ᠤᠯᠤᠰ ᠲᠦᠷᠦ ᠶᠢᠨ ᠠᠮᠤᠷ ᠲᠦᠪᠰᠢᠨ ᠨᠡᠶᠢᠭᠡᠮ ᠤᠨ ᠲᠤᠭᠳᠠᠭᠤᠨ ᠢ ᠬᠠᠮᠠᠭᠠᠯᠠᠵᠦ᠂ ᠠᠮᠤᠷ ᠠᠮᠤᠭᠤᠯᠠᠩᠳᠤ ᠬᠢᠩᠭᠠᠨ ᠪᠠ ᠬᠤᠳᠠ ᠲᠤᠭᠤᠷᠢᠭ ᠤᠨ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠪᠦᠳᠦᠭᠡᠨ ᠪᠠᠶᠢᠭᠤᠯᠤᠯᠳᠠ ᠶᠢ ᠭᠦᠨᠵᠡᠭᠡᠶᠢᠷᠡᠭᠦᠯᠦᠨ ᠂ ᠨᠡᠶᠢᠭᠡᠮ ᠤᠨ ᠵᠠᠰᠠᠯᠳᠠ ᠶᠢᠨ ᠭᠤᠤᠯ ᠡᠯᠧᠮᠧᠨ᠋ᠲ ᠢ ︽ᠨᠢᠭᠡ ᠰᠦᠯᠵᠢᠶ᠎ᠡ ᠪᠡᠷ᠎ᠡ ᠨᠢᠭᠡᠳᠦᠯᠲᠠᠢ ᠬᠠᠮᠢᠶᠠᠷᠬᠤ ︾᠂ ᠨᠡᠶᠢᠭᠡᠮ ᠤᠨ ᠵᠠᠰᠠᠯᠳᠠ ᠶᠢᠨ ᠲᠦᠭᠰᠢᠭᠦᠷᠢ ᠶᠢ ︽ᠨᠢᠭᠡ ᠰᠦᠯᠵᠢᠶ᠎ᠡ ᠪᠠᠷ ᠨᠢᠭᠡᠳᠦᠯᠲᠠᠢ ᠰᠡᠷᠭᠡᠶᠢᠯᠡᠬᠦ ︾ ᠂ ᠨᠡᠶᠢᠭᠡᠮ ᠤᠨ ᠵᠠᠰᠠᠯᠳᠠ ᠶᠢᠨ ᠲᠦᠷᠦᠯ ᠵᠦᠢᠯ ᠢ ︽ᠨᠢᠭᠡ ᠰᠦᠯᠵᠢᠶ᠎ᠡ ᠪᠠᠷ ᠨᠢᠭᠡᠳᠦᠯᠲᠠᠢ ᠭᠦᠢᠴᠡᠳᠭᠡᠬᠦ ︾ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠤᠶᠠᠷ ᠵᠢᠯ ᠤᠨ ᠠᠵᠢᠯᠯᠠᠭ᠎ᠠ ᠪᠤᠯᠤᠨ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠦᠮᠦᠵᠢᠯ ᠴᠡᠭᠴᠡᠯᠡᠯᠳᠡ ᠶᠢ ᠦᠷᠨᠢᠭᠦᠯᠬᠦ ᠬᠡᠷᠡᠭᠲᠡᠢ᠃ ᠪᠦᠬᠦ ᠠᠶᠢᠮᠠᠭ ᠤᠨ ︽ᠨᠢᠭᠡ ᠬᠦᠯᠭᠡ ᠰᠢᠳᠡᠷ᠎ᠡ ︾ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠨᠢᠭᠲᠠᠷᠠᠭᠤᠯᠵᠤ᠂ ᠬᠠᠤᠯᠢ ᠶᠤᠰᠤᠭᠠᠷ ᠠᠶᠢᠮᠠᠭ ᠢᠶᠠᠨ ᠵᠠᠰᠠᠬᠤ ᠬᠢᠷᠢ ᠲᠦᠪᠰᠢᠨ ᠢ ᠲᠡᠭᠡᠭᠰᠢᠯᠡᠭᠦᠯᠦᠨ᠂ ᠪᠦᠬᠦ ᠠᠶᠢᠮᠠᠭ ᠤᠨ ᠠᠵᠦ ᠠᠬᠤᠢ ᠨᠡᠶᠢᠭᠡᠮ ᠤᠨ ᠡᠷᠡᠭᠦᠯ ᠢᠶᠠᠷ ᠬᠦᠭᠵᠢᠬᠦ ᠳᠤ ᠠᠮᠤᠷ ᠲᠦᠪᠰᠢᠨ ᠣᠯᠣᠰ ᠲᠦᠷᠦ ᠶᠢᠨ ᠤᠷᠴᠢᠨ ᠲᠤᠭᠤᠷᠢᠨ ᠂ ᠲᠤᠭᠲᠠᠩᠭᠤᠢ ᠨᠡᠶᠢᠭᠡᠮ ᠤᠨ ᠤᠷᠴᠢᠨ ᠲᠤᠭᠤᠷᠢᠨ᠂ ᠲᠦᠪ ᠭᠤᠤᠯᠴᠢ ᠬᠠᠤᠯᠢ ᠪᠠᠷ ᠵᠠᠰᠠᠬᠤ ᠤᠷᠴᠢᠨ ᠲᠤᠭᠤᠷᠢᠨ ᠪᠤᠯᠤᠨ ᠰᠢᠯᠢᠳᠡᠭ ᠦᠢᠯᠡᠴᠢᠯᠡᠭᠡᠨ ᠤ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠰᠠᠶᠢᠳᠤᠷ ᠠᠳᠬᠤᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠦᠰᠦᠯ ᠢ ᠪᠦᠷᠢᠨᠰᠢᠭᠦᠯᠦᠨ ᠨᠠᠷᠢᠯᠢᠭᠵᠢᠭᠤᠯᠵᠤ᠂ ᠬᠢᠵᠢᠭ ᠤᠨ ᠪᠠᠶᠢᠳᠠᠯ ᠤᠨ ᠬᠤᠪᠢᠷᠠᠯᠳᠠ᠂ ᠤᠯᠠᠷᠢᠯ ᠤᠨ ᠴᠢᠨᠠᠷᠲᠠᠢ ᠬᠠᠯᠳᠠᠪᠤᠷᠢᠳᠤ ᠡᠪᠡᠳᠴᠢᠨ ᠤ ᠤᠨᠴᠠᠯᠢᠭ ᠲᠠᠢ ᠤᠶᠠᠯᠳᠤᠭᠤᠯᠤᠨ᠂ ᠡᠭᠦᠰᠴᠦ ᠮᠡᠳᠡᠬᠦ ᠡᠯ᠎ᠡ ᠵᠦᠢᠯ ᠤᠨ ᠪᠠᠶᠢᠳᠠᠯ ᠢ ᠨᠠᠷᠢᠨ ᠪᠤᠳᠤᠯᠬᠢᠯᠠᠬᠤ ᠬᠡᠷᠡᠭᠲᠡᠢ᠃ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠳᠤᠷ ᠠᠳᠬᠤᠬᠤ ᠬᠡᠷᠡᠭᠲᠡᠢ᠃ ᠭᠠᠯ ᠰᠡᠷᠭᠡᠶᠢᠯᠡᠯᠳᠡ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠠᠮᠢ ᠨᠠᠰᠦ ᠶᠢ ᠲᠡᠭᠡᠳᠦᠯᠡᠵᠦ ᠂ ᠠᠮᠤᠷ ᠲᠦᠪᠰᠢᠨ ᠬᠦᠭᠵᠢᠯᠳᠡ ᠪᠠ ᠠᠶᠤᠯᠭᠦᠢ ᠦᠢᠯᠡᠳᠪᠦᠷᠢᠯᠡᠯ ᠢ ᠬᠡᠵᠢᠶᠡᠳᠡ ᠰᠤᠯᠠᠳᠬᠠᠵᠦ ᠪᠤᠯᠬᠤ ᠦᠭᠡᠢ ︾ ᠭᠡᠬᠦ ᠤᠶᠢᠯᠠᠭᠠᠭᠳᠠᠬᠤᠨ ᠢ ᠪᠠᠳᠤ ᠪᠤᠢ ᠪᠤᠯᠠᠭᠠᠨ᠂ ᠭᠤᠤᠯᠳᠠᠯᠭᠠᠳᠤ ᠠᠵᠦ ᠠᠬᠤᠶᠢᠯᠠᠯ ᠤᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠭᠡᠮ ᠰᠤᠭᠤᠭ ᠢ ᠰᠢᠭᠰᠢᠨ ᠪᠠᠶᠢᠴᠠᠭᠠᠬᠤ ᠠᠵᠢᠯ ᠢ ᠰᠠᠶᠢᠳᠤᠷ ᠬᠢᠵᠦ᠂ ᠠᠷᠠᠳ ᠤᠯᠠᠨ ᠤ ᠠᠮᠤᠷ ᠲᠤᠭᠳᠠᠭᠤᠨ ᠡᠩᠬᠡ ᠠᠮᠤᠭᠤᠯᠠᠩ ᠴᠠᠭᠠᠨ ᠰᠠᠷ᠎ᠠ ᠪᠠᠨ ᠦᠩᠭᠡᠷᠡᠭᠦᠯᠬᠦ ᠶᠢ ᠪᠠᠳᠤᠯᠠᠬᠤ ᠬᠡᠷᠡᠭᠲᠡᠢ ᠭᠡᠪᠡ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号