ᠴᠢ᠊ ᠪᠠᠳᠤ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠧᠯᠸᠢᠰ ᠤᠳᠠᠰᠤᠳᠤ ᠬᠤᠷᠠᠯ ᠢ ᠡᠷᠬᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/1/19
     1 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠳᠠᠷᠤᠭ᠎ᠠ ᠴᠢ᠊ ᠪᠠᠳᠤ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠧᠯᠸᠢᠰ ᠤᠳᠠᠰᠤᠳᠤ ᠬᠤᠷᠠᠯ ᠢ ᠡᠷᠬᠢᠯᠡᠨ ᠬᠤᠷᠠᠯᠳᠤᠭᠤᠯᠵᠦ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠡᠷᠦᠩᠬᠡᠢ ᠪᠠᠶᠢᠳᠠᠯ ᠢ ᠵᠠᠷᠯᠠᠨ ᠮᠡᠳᠡᠭᠳᠡᠨ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭᠠᠳᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠡᠷᠡ ᠴᠢᠩᠭᠠᠳᠬᠠᠭᠰᠠᠨ ᠨᠢ᠂ ᠠᠶᠢᠮᠠᠭ ᠲᠠᠶᠠᠭᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠨᠢᠭᠡᠳᠭᠡᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠰᠢᠰᠲ᠋ᠧᠮ ᠢ ᠪᠦᠬᠦ ᠲᠠᠯ᠎ᠠ ᠪᠠᠷ ᠰᠡᠷᠭᠦᠭᠡᠨ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠪᠤᠳᠠᠳᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠡᠪᠤᠯ ᠬᠠᠪᠤᠷ ᠤᠨ ᠤᠯᠠᠷᠢᠯ ᠤᠨᠴᠠᠭᠠᠶᠢᠯᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠯ ᠦᠭᠡᠢ ᠰᠠᠶᠢᠳᠤᠷ ᠠᠳᠬᠤᠵᠦ᠂ ᠦᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠬᠡᠷᠡᠭᠲᠡᠢ ᠭᠡᠪᠡ᠃    ᠴᠢ᠊ ᠪᠠᠳᠤ ᠵᠢᠭᠠᠵᠦ ᠭᠠᠷᠭᠠᠭᠰᠠᠨ ᠨᠢ᠂ ᠤᠳᠤᠬᠠᠨ ᠳᠤ ᠪᠦᠬᠦ ᠲᠡᠯᠡᠬᠡᠢ ᠶᠢᠨ ᠬᠢᠵᠢᠭ ᠤᠨ ᠪᠠᠶᠢᠳᠠᠯ ᠲᠦᠷᠭᠡᠨ ᠢᠶᠠᠷ ᠦᠷᠪᠢᠰᠦᠨ ᠰᠢᠷᠦᠭᠦᠰᠴᠦ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠠᠷᠠᠬᠠᠶ ᠪᠤᠲᠠᠷᠬᠠᠶ ᠪᠠᠷ ᠡᠪᠡᠳᠴᠢᠨ ᠤ ᠵᠢᠱᠢᠶ᠎ᠡ ᠪᠠ ᠬᠡᠰᠡᠭ ᠲᠠᠯ᠎ᠠ ᠶᠢᠨ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠠᠰᠢ ᠪᠡᠷᠬᠡ ᠬᠠᠳᠠᠭᠤᠵᠢᠯᠲᠠᠢ ᠨᠠᠷᠢᠨ ᠪᠤᠳᠤᠯᠢᠶᠠᠨᠳᠠᠢ ᠪᠤᠯᠵᠠᠢ᠃ ᠤᠨᠴᠠᠭᠠᠶᠢᠯᠠᠨ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭ᠎ᠠ ᠤᠶᠢᠷᠠᠳᠬᠤ ᠶᠢ ᠳᠠᠭᠠᠯᠳᠤᠨ ᠬᠦᠮᠦᠨ ᠬᠠᠷ᠎ᠠ ᠶᠠᠪᠤᠵᠦ ᠰᠠᠭᠤᠬᠤ ᠤᠯᠠᠰᠢᠷᠠᠨ᠂ ᠬᠢᠵᠢᠭ ᠤᠨ ᠦᠷᠪᠢᠰᠦᠨ ᠲᠡᠯᠭᠡᠷᠡᠬᠦ ᠠᠶᠤᠯ ᠲᠦᠭᠰᠢᠭᠦᠷᠢ ᠬᠦᠨᠳᠦ ᠨᠤᠴᠢᠲᠠᠢ ᠤᠷᠤᠰᠢᠵᠦ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠨᠤᠮᠤᠨ ᠬᠦᠪᠴᠢ ᠶᠢ ᠴᠠᠭ ᠢᠮᠠᠭᠳᠠ ᠴᠢᠩᠭᠠᠯᠠᠵᠦ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠤᠳᠤᠬᠠᠨ ᠤ ᠬᠢᠵᠢᠭ ᠤᠨ ᠪᠠᠶᠢᠳᠠᠯ ᠤᠨ ᠪᠡᠷᠭᠡ ᠬᠠᠳᠠᠭᠤᠵᠢᠯᠲᠠᠢ ᠪᠠᠶᠢᠳᠠᠯ ᠢ ᠰᠡᠷᠬᠡᠭ ᠢᠶᠠᠷ ᠲᠠᠨᠢᠵᠦ᠂ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠬᠠᠷᠢᠭᠤᠴᠠᠯᠭᠠᠳᠤ ᠰᠡᠳᠭᠢᠯᠭᠡ᠂ ᠪᠠᠴᠢᠮ ᠲᠤᠯᠭᠠᠮ᠎ᠠ ᠰᠡᠳᠭᠢᠯᠭᠡ᠂ ᠡᠭᠦᠷᠭᠡᠯᠡᠭᠡᠳᠦ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠲᠠᠶᠢᠪᠤᠰᠢᠷᠠᠬᠤ ᠪᠤᠳᠤᠯ᠂ ᠳᠠᠶᠢᠯᠠᠯᠳᠤᠬᠤ ᠠᠴᠠ ᠬᠠᠯᠠᠰᠢᠷᠠᠬᠤ ᠰᠡᠳᠭᠢᠯ᠂ ᠭᠤᠷᠢᠳᠠᠬᠤ ᠪᠤᠳᠤᠯ᠂ ᠡᠷᠴᠢ ᠰᠤᠯᠠᠷᠠᠬᠤ ᠪᠠᠶᠢᠳᠠᠯ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠬᠢᠭᠡᠳ ᠠᠷᠭ᠎ᠠ ᠠᠪᠴᠠᠯ ᠢᠶᠠᠨ ᠴᠢᠨᠠᠭᠰᠢᠳᠠ ᠨᠠᠶᠢᠳᠠᠪᠤᠷᠢᠵᠢᠭᠤᠯᠤᠨ᠂ ᠡᠨᠡ ᠬᠦ ᠬᠢᠯᠪᠡᠷ ᠪᠤᠰᠤ ᠪᠠᠷ ᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠳᠦᠭᠡᠯ ᠢᠶᠠᠨ ᠦᠷᠬᠦᠯᠵᠢᠯᠡᠨ ᠪᠠᠳᠤᠳᠬᠠᠬᠤ ᠬᠡᠷᠡᠭᠲᠡᠢ ᠭᠡᠵᠠᠢ᠃    ᠴᠢ᠊ ᠪᠠᠳᠤ ᠱᠠᠭᠠᠷᠳᠠᠭᠰᠠᠨ ᠨᠢ᠂ ᠭᠤᠤᠯᠳᠠᠯᠭ᠎ᠠ ᠲᠠᠢ ᠬᠦᠮᠦᠰ ᠤᠨ ᠵᠢᠭᠰᠠᠭᠠᠨ ᠪᠠᠶᠢᠴᠠᠭᠠᠯᠳᠠ ᠬᠢᠭᠡᠳ ᠬᠠᠮᠢᠶᠠᠷᠤᠨ ᠡᠵᠡᠮᠳᠡᠯᠳᠡ ᠪᠠᠨ ᠴᠢᠩᠭᠠᠳᠬᠠᠵᠦ᠂ ᠡᠯ᠎ᠡ ᠲᠦᠷᠦᠯ ᠤᠨ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠤᠨ᠂ ᠨᠠᠷᠢᠯᠢᠭ ᠤᠨᠤᠴᠠᠲᠠᠢ ᠰᠡᠷᠭᠡᠶᠢᠯᠡᠨ ᠡᠵᠡᠮᠳᠡᠬᠦ ᠬᠡᠷᠡᠭᠲᠡᠢ᠃ ᠤᠯᠠᠨ ᠲᠠᠯ᠎ᠠ ᠶᠢᠨ ᠬᠢᠨᠠᠨ ᠬᠡᠮᠵᠢᠨ ᠰᠡᠷᠡᠮᠵᠢᠯᠡᠭᠦᠯᠬᠦ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠰᠡᠷᠡᠮᠵᠢᠯᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠡᠷᠳᠡ ᠢᠯᠡᠷᠡᠭᠦᠯᠦᠨ ᠡᠷᠳᠡ ᠰᠢᠢᠳᠪᠦᠷᠢᠯᠡᠬᠦ ᠬᠡᠷᠡᠭᠲᠡᠢ᠃ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠪᠤᠯ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠪᠠᠶᠢᠳᠠᠯ ᠲᠤᠤᠷᠠᠬᠢ ᠬᠠᠮᠤᠭ ᠤᠨ ᠪᠦᠳᠦᠮᠵᠢᠲᠠᠢ ᠠᠷᠭ᠎ᠠ ᠬᠡᠮᠵᠢᠶ᠎ᠡ ᠪᠤᠯᠤᠨ᠎ᠠ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠴᠢᠳᠠᠪᠤᠷᠢ ᠬᠢᠭᠡᠳ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠦ᠂ ᠪᠠᠶᠢᠴᠠᠭᠠᠬᠤ ᠴᠢᠬᠤᠯᠠᠲᠠᠢ ᠪᠦᠬᠦᠨ ᠢ ᠪᠠᠶᠢᠴᠠᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠯᠡᠨ ᠰᠠᠶᠢᠳᠤᠷ ᠠᠳᠬᠤᠵᠦ᠂ ᠬᠠᠷᠢᠶ᠎ᠠ ᠤᠷᠤᠨ ᠳᠠᠬᠢ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠦᠮᠦᠰ ᠤᠨ ᠬᠤᠷᠠᠨ ᠴᠤᠭᠯᠠᠷᠠᠬᠤ ᠪᠠ ᠶᠠᠪᠤᠵᠦ ᠰᠠᠭᠤᠬᠤ ᠶᠢ ᠪᠠᠭᠠᠰᠬᠠᠬᠤ ᠬᠡᠷᠡᠭᠲᠡᠢ ᠭᠡᠵᠡᠢ᠃    ᠠᠶᠢᠮᠠᠭ ᠤᠨ ᠲᠡᠳ᠋ ᠳᠠᠷᠤᠭ᠎ᠠ ᠰᠦᠨ ᠳ᠋ᠧ ᠮᠢᠨ ᠬᠤᠷᠠᠯ ᠳᠤ ᠤᠷᠤᠯᠴᠠᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠵᠦ᠂ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠭᠤᠤᠯ ᠬᠤᠷᠠᠯ ᠤᠨ ᠲᠠᠯᠠᠪᠠᠢ ᠳᠤ ᠤᠷᠤᠯᠴᠠᠵᠦ᠂ ᠡᠯ᠎ᠡ ᠬᠤᠰᠢᠭᠤ ᠰᠢᠶᠠᠨ ᠬᠤᠳᠠ ᠬᠤᠪᠢᠶᠠᠷᠢ ᠬᠤᠷᠠᠯ ᠤᠨ ᠲᠠᠯᠠᠪᠠᠢ ᠳᠤ ᠤᠷᠤᠯᠴᠠᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号