ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ | ᠬᠦᠴᠦ ᠶᠠᠪᠤᠭᠴᠢ ᠲᠠᠷᠢᠶᠠᠴᠢᠨ ᠤ ᠴᠠᠯᠢᠩ ᠢ ᠣᠯᠭᠤᠬᠤ ᠶᠢ ᠪᠠᠲᠤᠯᠠᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠬᠦᠴᠦ ᠶᠠᠪᠤᠭᠴᠢ | ᠲᠠᠷᠢᠶᠠᠴᠢᠨ ᠤ ᠬᠥᠯᠥᠰᠥ ᠣᠯᠭᠤᠮᠵᠢ ᠪᠠᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠤᠯᠬᠤ ᠶᠢ ᠨᠢ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ | ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ | ᠰᠠᠶᠢᠲᠤᠷ ᠬᠢᠬᠦ ᠲᠤᠬᠠᠶ ᠪᠠᠶᠢᠷᠢᠯᠠᠭᠤᠯᠪᠠ | ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠳᠦᠷᠢᠮ ︵ᠲᠥᠰᠦᠯ ︶︾ ᠢ ᠪᠠᠲᠤᠯᠠᠵᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠪᠦᠷᠢᠨᠰᠢᠭᠦᠯᠪᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ | 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠦᠴᠦ ᠶᠠᠪᠤᠭᠴᠢ ᠲᠠᠷᠢᠶᠠᠴᠢᠨ ᠤ ᠴᠠᠯᠢᠩ ᠢ ᠣᠯᠭᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠷᠭ᠎ᠠ ᠬᠡᠮᠵᠢᠶ ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠴᠦ ᠶᠠᠪᠤᠭᠴᠢ ᠲᠠᠷᠢᠶᠠᠴᠢᠨ ᠤ | ᠬᠥᠯᠥᠰᠥ ᠣᠯᠭᠤᠮᠵᠢ ᠪᠠᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠤᠯᠬᠤ ᠶᠢ ᠨᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠵᠠᠶ ︔ ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ ︔ ︽ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ | ᠲᠥᠰᠦᠯ ︶︾ ᠢ ᠪᠠᠲᠤᠯᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ ᠪᠦᠷᠢᠨᠰᠢᠭᠦᠯᠪᠡ ︔ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠠᠴᠠ ᠨᠠᠭᠠᠰᠢ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ︽ᠬᠦᠴᠦ ᠶᠠᠪᠤᠭᠴᠢ ᠲᠠᠷᠢᠶᠠᠴᠢᠨ ᠤ ᠴᠠᠯᠢᠩ ᠢ ᠣᠯᠭᠤᠬᠤ ᠶᠢ ᠪᠠᠲᠤᠯᠠᠬᠤ ᠲᠦᠷᠢᠮ ︾ ᠢ | ᠲᠤᠭᠤᠰᠢᠯᠠᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠴᠠᠯᠢᠩ ᠥᠷᠢᠲᠦᠬᠦ ᠠᠰᠠᠭᠤᠳᠠᠯ ᠢ ᠰᠢᠶᠳᠪᠦᠷᠢᠯᠡᠬᠦ | ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠬᠤ ᠶᠢ ᠠᠬᠢᠭᠤᠯᠪᠠ᠃ ᠦᠷᠭᠦᠯᠵᠢᠯᠡᠨ ᠬᠦᠴᠦᠯᠡᠵᠦ᠂ ᠠᠷᠠᠳ ᠤᠨ | ᠠᠮᠢᠳᠤᠷᠠᠯ ᠢ ᠪᠠᠲᠤᠯᠠᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠬᠦ ᠶᠡᠭᠡ ᠲᠠᠯ᠎ᠠ ᠠᠴᠠ ᠡᠭᠦᠰᠴᠦ᠂ ᠶᠠᠭ ᠥᠷᠨᠢᠭᠦᠯᠵᠦ ᠪᠠᠶᠢᠭ᠎ᠠ ᠴᠠᠯᠢᠩ ᠥᠷᠢᠲᠦᠬᠦ ᠶᠢ ᠴᠡᠭᠴᠡᠯᠡᠨ ᠵᠠᠰᠠᠬᠤ | ᠲᠤᠰᠬᠠᠶ ᠠᠵᠢᠯᠯᠠᠭ᠎ᠠ ᠶᠢ ᠪᠣᠳᠠᠲᠠᠶ ᠰᠠᠶᠢᠲᠤᠷ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠦᠷᠭᠡᠳᠬᠡᠨ ᠲᠡᠭᠦᠯᠳᠡᠷᠵᠢᠭᠦᠯᠵᠦ᠂ ᠬᠦᠴᠦ ᠶᠠᠪᠤᠭᠴᠢ ᠲᠠᠷᠢᠶᠠᠴᠢᠨ ᠤ ᠴᠠᠯᠢᠩ ᠢᠶᠠᠨ ᠴᠠᠭ ᠲᠤᠬᠠᠶ ᠳᠤ ᠨᠢ ᠲᠤᠭ᠎ᠠ | ᠶᠣᠰᠣᠭᠠᠷ ᠤᠯᠬᠤ ᠶᠢ ᠨᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ᠂ ᠡᠯ᠎ᠡ ᠭᠠᠵᠠᠷ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ | ᠴᠠᠯᠢᠩ ᠥᠷᠢᠲᠦᠬᠦ ᠵᠢᠭᠤᠷᠠᠯᠳᠤᠭᠠᠨ ᠪᠣᠯᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ | ᠂ ᠬᠦᠨᠳᠦ ᠨᠣᠴᠢᠲᠠᠢ ᠴᠠᠯᠢᠩ ᠥᠷᠢᠲᠦᠬᠦ ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠶᠳᠪᠦᠷᠢᠯᠡᠬᠦ ᠲᠤᠰᠬᠠᠶ | ᠠᠩᠭᠢ ᠪᠠᠶᠢᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠰᠢᠶᠳᠪᠦᠷᠢᠯᠡᠬᠦ ᠬᠡᠷᠡᠭᠲᠡᠶ᠃ ᠬᠤᠶᠠᠷ ᠲᠤ ᠡᠯ᠎ᠡ ᠵᠦᠢᠯ ᠤᠨ | ᠲᠥᠷᠥᠯ ᠵᠦᠢᠯ ᠤᠨ ᠴᠠᠯᠢᠩ ᠤᠨ ᠥᠷᠢᠲᠦᠯ ᠢ ᠴᠠᠭᠠᠨ ᠰᠠᠷ᠎ᠠ ᠠᠴᠠ ᠡᠮᠦᠨ᠎ᠡ ᠬᠥᠳᠡᠯᠦᠩᠭᠦᠶ ᠪᠠᠷ ᠦᠭᠡᠶᠢᠰᠬᠡᠬᠦ ᠶᠢ | ᠰᠢᠮᠳᠠᠭᠤᠯᠵᠤ᠂ ᠵᠠᠰᠠᠭ ᠤᠨ ᠣᠷᠳᠣᠨ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠷᠥᠯ ᠵᠦᠶᠯ ᠨᠢ | ᠡᠷᠬᠡᠪᠰᠢ ᠡᠩ ᠲᠡᠷᠢᠭᠦᠨ ᠳᠤ ᠦᠭᠡᠶᠢᠰᠬᠡᠬᠦ ᠬᠡᠷᠡᠭᠲᠡᠶ᠃ ᠲᠦᠷ ᠴᠠᠭ ᠪᠦᠷᠢᠮᠦᠰᠦᠨ ᠰᠢᠶᠳᠪᠦᠷᠢᠯᠡᠵᠦ ᠴᠢᠳᠠᠬᠤ ᠦᠭᠡᠶ | ᠪᠤᠶᠤ ᠠᠵᠤ ᠠᠬᠤᠶᠢᠯᠠᠯ ᠤᠨ ᠡᠵᠡᠩᠨᠡᠭᠴᠢ ᠴᠠᠯᠢᠩ ᠥᠷᠢᠲᠦᠭᠡᠳ ᠤᠷᠭᠤᠨ ᠳᠠᠯᠳᠠᠯᠠᠭᠰᠠᠨ ᠪᠠᠶᠢᠪᠠᠯ᠂ ᠴᠠᠯᠢᠩ ᠤᠨ | ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠪᠤᠶᠤ ᠪᠤᠰᠤᠳ ᠠᠷᠭ᠎ᠠ | ᠵᠠᠮ ᠢᠶᠠᠷ ᠪᠡᠯᠡ ᠮᠥᠩᠭᠦ ᠴᠤᠭᠯᠠᠭᠤᠯᠵᠤ᠂ ᠥᠷᠢᠲᠦᠭᠰᠡᠨ ᠴᠠᠯᠢᠩ ᠢ ᠥᠭᠬᠦ ᠪᠤᠶᠤ ᠣᠷᠣᠯᠠᠨ ᠥᠭᠬᠦ ᠬᠡᠷᠡᠭᠲᠡᠶ᠃ ᠡᠨᠡ | ᠵᠢᠯ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠠᠯᠳᠠᠭᠰᠠᠳ | ᠪᠠ ᠬᠦᠴᠢᠷᠳᠡᠯ ᠲᠠᠢ ᠬᠦᠴᠦ ᠶᠠᠪᠤᠭᠴᠢ ᠲᠠᠷᠢᠶᠠᠴᠢᠳ ᠢ ᠬᠦᠴᠦᠲᠡᠶ ᠬᠠᠪᠰᠤᠷᠤᠨ ᠲᠡᠳᠬᠦᠪᠡ᠂ ᠲᠠᠷᠠᠭᠠᠴᠢ ᠶᠢᠨ | ᠠᠯᠬᠤᠮ ᠳᠤ ᠡᠨᠡ ᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠡᠷᠴᠢᠮ ᠢ ᠨᠢ | ᠴᠢᠩᠭᠠᠯᠠᠬᠤ ᠠᠴᠠ ᠪᠢᠰᠢ ᠰᠤᠯᠠᠷᠠᠭᠤᠯᠬᠤ ᠥᠬᠡᠶ ᠪᠠᠶᠢᠬᠤ ᠬᠡᠷᠡᠭᠲᠡᠢ᠃ ᠭᠤᠷᠪᠠ ᠳᠤ ᠴᠠᠯᠢᠩ ᠣᠯᠭᠤᠬᠤ | ᠪᠠᠲᠤᠯᠠᠭ᠎ᠠ ᠶᠢᠨ ᠲᠦᠷᠢᠮ ᠢ ᠴᠢᠩᠭᠠᠳᠬᠠᠬᠤ ᠬᠡᠷᠡᠭᠲᠡᠢ᠃ ᠬᠦᠴᠦ ᠶᠠᠪᠤᠭᠴᠢ ᠲᠠᠷᠢᠶᠠᠴᠢᠳ ᠤᠨ ᠴᠠᠯᠢᠩ ᠤᠨ ᠲᠤᠰᠬᠠᠶ | ᠳᠠᠩᠰᠠ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠴᠠᠯᠢᠩ ᠢ ᠣᠷᠣᠯᠠᠨ ᠥᠭᠬᠦ᠂ | ᠴᠠᠯᠢᠩ ᠤᠨ ᠪᠠᠲᠤᠯᠠᠭ᠎ᠠ ᠶᠢᠨ ᠮᠥᠩᠭᠦ ᠵᠡᠷᠭᠡ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ ᠴᠠᠯᠢᠩ | ᠥᠷᠢᠲᠦᠬᠦ ᠠᠰᠠᠭᠤᠳᠠᠯ ᠲᠣᠪᠤᠶᠢᠮ᠎ᠠ ᠪᠠᠶᠢᠬᠤ ᠶᠢ ᠨᠢ ᠣᠯᠠᠨ ᠳᠤ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠬᠠᠤᠯᠢ ᠶᠣᠰᠣᠭᠠᠷ ᠪᠣᠯᠵᠣᠨ ᠶᠠᠷᠢᠯᠴᠠᠵᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ ᠲᠠᠪᠤ ᠳᠤ᠂ ᠵᠣᠷᠢᠭᠤᠳᠠ ᠪᠠᠷ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠴᠢᠬᠤᠯᠠ ᠶᠡᠭᠡ ᠴᠠᠯᠢᠩ ᠥᠷᠢᠲᠦᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ | ᠰᠢᠶᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠲᠡᠭᠦᠨ ᠤ ᠬᠠᠷᠢᠭᠤᠴᠠᠯᠭᠠᠲᠠᠨ ᠢ ᠴᠠᠯᠢᠩ | ᠥᠷᠢᠲᠦᠯ ᠤᠨ ︽ᠬᠠᠷ᠎ᠠ ᠲᠠᠩᠰᠠ ︾ ᠳᠤ ᠵᠢᠭᠰᠠᠭᠠᠨ ᠣᠷᠣᠭᠤᠯᠵᠤ ᠢᠲᠡᠭᠡᠮᠵᠢ ᠠᠯᠳᠠᠭᠰᠠᠳ ᠢ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠵᠥᠭᠡᠭᠡᠪᠦᠷᠢ ᠣᠶᠢᠷᠠᠳᠪᠠ᠂ ᠬᠥᠮᠦᠨ ᠬᠠᠷ᠎ᠠ | ᠲᠥᠪᠯᠡᠷᠡᠨ ᠰᠢᠯᠵᠢᠵᠦ ᠬᠢᠵᠢᠭ ᠤᠨ ᠪᠠᠶᠢᠳᠠᠯ ᠡᠭᠦᠰᠬᠦ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠬᠦ ᠲᠤᠯᠠ᠂ | ᠤᠷᠬᠢᠯ ᠤᠨ ᠬᠤᠭᠤᠴᠠᠭ᠎ᠠ ᠶᠢ ᠵᠦᠷᠢᠭᠦᠯᠬᠦ ᠬᠦᠮᠦᠨ ᠬᠠᠷ᠎ᠠ ᠶᠢ ᠬᠤᠷᠢᠭᠯᠠᠨ ᠡᠵᠡᠮᠳᠡᠬᠦ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠲᠡᠭᠡᠭᠡᠪᠦᠷᠢ ᠶᠢᠨ | ᠬᠦᠴᠦᠨ ᠢ ᠵᠦᠶ ᠵᠣᠬᠢᠰᠲᠠᠶ ᠳᠣᠭᠢᠷᠠᠭᠤᠯᠵᠤ᠂ ᠡᠯ᠎ᠡ ᠭᠠᠵᠠᠷ ᠤᠨ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ ᠴᠢᠬᠤᠯᠠ | ᠦᠭᠡᠢ ᠪᠣᠯ ᠠᠶᠠᠯᠠᠬᠤ ᠥᠬᠡᠶ ᠪᠠᠶᠢᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠢᠯᠥᠭᠡ ᠲᠠᠯᠪᠢᠬᠤ᠂ ᠣᠷᠭᠢᠯ | ᠦᠶ᠎ᠡ ᠠᠴᠠ ᠵᠠᠶᠢᠯᠠᠭᠤᠯᠤᠨ ᠰᠤᠷᠭᠠᠭᠤᠯᠢ ᠡᠬᠢᠯᠡᠬᠦ᠂ ᠦᠵᠡᠮᠵᠢ ᠶᠢᠨ ᠣᠷᠣᠨ ᠳᠤ ᠲᠤᠭ᠎ᠠ ᠬᠡᠮᠵᠢᠶ᠎ᠡ ᠶᠢ ᠬᠢᠵᠠᠭᠠᠷᠯᠠᠬᠤ | ᠪᠣᠯᠵᠣᠵᠤ ᠭᠥᠯᠢᠶᠡᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ | ᠭᠠᠷᠬᠤ ᠶᠢ ᠨᠢ ᠬᠥᠲᠥᠯᠦᠨ ᠵᠢᠯᠣᠭᠤᠳᠬᠤ ᠬᠡᠷᠡᠭᠲᠡᠶ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠱᠤᠭᠤᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ | ᠬᠦᠴᠦ ᠶᠠᠪᠤᠭᠴᠢ ᠲᠠᠷᠢᠶᠠᠴᠢᠳ ᠤᠨ ᠨᠤᠲᠤᠭ ᠲᠤ ᠪᠠᠨ ᠪᠤᠴᠠᠬᠤ ᠪᠠ ᠬᠤᠲᠠᠨ ᠳᠤ ᠪᠠᠨ ᠪᠤᠴᠠᠬᠤ ︽ᠴᠡᠭ ᠠᠴᠠ | ᠴᠡᠭ ᠲᠤ ᠬᠦᠷᠬᠦ ︾ ᠲᠡᠷᠭᠡ ᠬᠥᠯᠥᠰᠥᠯᠡᠬᠦ ᠲᠡᠭᠡᠭᠡᠪᠦᠷᠢ ᠶᠢ ᠵᠣᠬᠢᠶᠠᠨ ᠪᠠᠶᠢᠭᠤᠯᠵᠤ ᠬᠡᠷᠡᠭᠲᠡᠢ᠃ ᠬᠤᠶᠠᠷ ᠲᠤ᠂ | ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠵᠦ᠂ ᠵᠠᠮ ᠬᠠᠷᠢᠯᠴᠠᠭ᠎ᠠ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ | ᠲᠣᠭᠲᠠᠭᠠᠨ ᠬᠡᠷᠡᠭᠵᠢᠭᠦᠯᠵᠦ᠂ ᠬᠥᠮᠦᠨ ᠬᠠᠷ᠎ᠠ᠂ ᠡᠳ᠋ ᠪᠠᠷᠠᠭ᠎ᠠ ᠵᠡᠷᠭᠡ ᠶᠢᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠨᠠᠷᠢᠯᠢᠬᠵᠢᠭᠤᠯᠬᠤ ᠬᠡᠷᠡᠭᠲᠡᠢ᠃ ᠭᠤᠷᠪᠠ ᠳᠤ᠂ ᠡᠯᠧᠺᠳ᠋ᠷᠣᠨ ᠪᠢᠯᠧᠲ᠂ ᠦᠨᠡᠮᠯᠡᠯ ᠰᠢᠷᠪᠢᠵᠦ ᠬᠢᠨᠠᠨ ᠰᠢᠯᠭᠠᠬᠤ ᠵᠡᠷᠭᠡ | ᠪᠢᠯᠧᠲ ᠬᠤᠳᠠᠯᠳᠤᠬᠤ ᠪᠠ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ︽ᠬᠠᠷᠢᠯᠴᠠᠨ ᠥᠯᠥ | ᠣᠶᠢᠷᠠᠲᠤᠯᠴᠠᠬᠤ ︾ ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠶᠢᠨ ᠬᠠᠮᠲᠤ᠂ ᠤᠶᠤᠨᠲᠤ ᠮᠡᠷᠭᠡᠵᠢᠯ ᠢ ᠬᠡᠷᠡᠭᠯᠡᠵᠦ ᠳᠡᠶᠢᠯᠬᠦ | ᠥᠬᠡᠶ ᠨᠠᠰᠤᠲᠠᠶᠢᠴᠤᠳ ᠲᠤ ᠲᠥᠬᠦᠮ ᠦᠵᠡᠭᠦᠯᠬᠦ ᠦᠶᠯᠡᠴᠢᠯᠡᠭᠡ ᠬᠠᠩᠭᠠᠬᠤ ᠬᠡᠷᠡᠭᠲᠡᠶ ᠭᠡᠵᠡᠢ᠃ ᠬᠤᠷᠠᠯ ᠠᠴᠠ | ᠱᠠᠭᠠᠷᠳᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠬᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠯ᠎ᠡ | ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ | ᠪᠠᠴᠢᠮ ᠠᠷᠭᠠᠴᠠᠭᠠᠨ ᠰᠢᠶᠳᠪᠦᠷᠢᠯᠡᠬᠦ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ | ᠭᠠᠳᠠᠭᠰᠢ ᠭᠠᠷᠬᠤ ᠶᠢ ᠪᠠᠲᠤᠯᠠᠬᠤ ᠬᠡᠷᠡᠭᠲᠡᠶ᠃ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠤᠯᠤᠰ ᠤᠨ ᠥᠮᠴᠢᠯᠡᠯ ᠤᠨ | ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ | ᠦᠨᠳᠦᠰᠦᠯᠡᠨ᠂ ᠬᠤᠷᠠᠯ ᠠᠴᠠ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ | ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ ︶︾ ᠢ ᠪᠠᠲᠤᠯᠠᠵᠤ᠂ ᠵᠠᠰᠠᠭ ᠵᠠᠬᠢᠷᠭᠠᠨ ᠤ | ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠢ ᠶᠢᠨ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ ᠬᠠᠮᠢᠶᠠᠷᠤᠯᠲᠠ ᠬᠢᠨᠠᠯᠲᠠ ᠶᠢ | ᠴᠢᠩᠭᠠᠳᠬᠠᠬᠤ ᠪᠠᠷ ᠪᠣᠯᠪᠠ᠃ ᠲᠥᠰᠦᠯ ᠳᠤ᠂ ᠵᠠᠰᠠᠭ ᠵᠠᠬᠢᠷᠭ᠎ᠠ ᠠᠵᠢᠯ ᠦᠶᠯᠡᠰ ᠤᠨ ᠴᠢᠨᠠᠷᠲᠠᠶ ᠤᠯᠤᠰ ᠤᠨ | ᠥᠮᠴᠢᠯᠡᠯ ᠤᠨ ᠡᠳ᠋ ᠬᠥᠷᠥᠩᠭᠡ ᠳᠤ ᠵᠠᠰᠠᠭ ᠤᠨ ᠣᠷᠳᠣᠨ ᠠᠴᠠ ᠱᠠᠲᠤ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠡᠳ᠋ ᠤᠨ ᠵᠠᠰᠠᠭ ᠪᠠ | ᠬᠢᠨᠠᠨ ᠪᠤᠳᠤᠯᠲᠠ ᠵᠡᠷᠭᠡ ᠶᠢᠨ ᠬᠢᠨᠠᠯᠲᠠ ᠶᠢ ᠬᠦᠯᠢᠶᠡᠬᠦ ᠪᠥᠭᠡᠳ ᠵᠢᠯ ᠪᠦᠷᠢ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠬᠥᠷᠥᠩᠭᠡ ᠶᠢᠨ ᠲᠣᠬᠢᠷᠠᠭᠤᠯᠤᠯᠲᠠ ᠪᠠ | ᠲᠠᠷᠬᠠᠯᠲᠠ ᠵᠡᠷᠭᠡ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠬᠡᠷᠡᠭᠲᠡᠢ᠃ ᠡᠳ᠋ ᠬᠥᠷᠥᠩᠭᠡ ᠳᠣᠭᠢᠷᠠᠭᠤᠯᠬᠤ ᠳᠤ | ᠤᠷᠢᠳᠠᠪᠠᠷ ᠳᠣᠭᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠥᠰᠦᠪ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ | ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠶᠢ ᠨᠢ ᠲᠣᠳᠣᠷᠬᠠᠶᠢᠯᠠᠬᠤ ᠶᠢ | ᠱᠠᠭᠠᠷᠳᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠨ ᠰᠢᠮᠳᠠᠭᠤᠯᠤᠨ ᠪᠦᠷᠢᠨᠰᠢᠭᠦᠯᠬᠦ ᠬᠡᠷᠡᠭᠲᠡᠶ ᠭᠡᠵᠡᠢ᠃ | |