ᠲᠦᠴᠢᠦᠸᠠᠨ ᠨᠤᠲᠤᠭ ᠲᠠᠢ ᠲᠠᠮᠢᠷᠴᠢᠨ ᠵᠢᠶᠠᠩ ᠶᠢᠩ ᠳ᠋ᠢ ᠡᠮᠡᠭᠲᠡᠶ ᠶᠢᠨ ᠪᠦᠬᠦ ᠵᠠᠮ ᠤᠨ ᠮᠠᠷᠠᠰᠤᠨ ᠰᠣᠨᠣᠷ  ᠤᠨ ᠰᠠᠭᠠᠳ ᠤᠨ ᠤᠷᠤᠯᠳᠤᠭᠠᠨ ᠤ ᠭᠠᠤᠯᠢᠨ ᠮᠧᠳᠠᠯ ᠢ ᠣᠯᠪᠠ
ᠨᠡᠶᠢᠲᠡᠯᠡᠭᠰᠡᠨ ᠴᠠᠭ᠄
2021/10/27
   10 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠪᠥᠬᠦ ᠤᠯᠤᠰ ᠤᠨ ᠠᠷᠪᠠᠨ ᠨᠢᠭᠡᠳᠦᠭᠡᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠨᠠᠶᠮᠠᠳᠤᠭᠠᠷ ᠬᠤᠭᠤᠴᠠᠭᠠᠨ ᠤ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠠᠷᠠᠰᠤᠨ ᠤᠷᠤᠯᠳᠤᠭᠠᠨ ᠡᠬᠢᠯᠡᠪᠡ  ᠃
   ᠡᠨᠡ ᠵᠢᠯ 36 ᠨᠠᠰᠤᠲᠠᠢ ᠥᠪᠥᠷ ᠮᠣᠩᠭᠤᠯ ᠤᠨ ᠲᠦᠴᠢᠦᠸᠠᠨ ᠰᠢᠶᠠᠨ ᠤ ᠲᠠᠮᠢᠷᠴᠢᠨ ᠵᠢᠶᠠᠩ ᠶᠢᠩ ᠳ᠋ᠢ ᠡᠮᠡᠭᠲᠡᠢ ᠶᠢᠨ ᠪᠦᠬᠦ ᠶᠠᠪᠤᠴᠠ ᠶᠢᠨ ᠮᠠᠷᠠᠰᠤᠨ ᠰᠣᠨᠣᠷ ᠤᠨ ᠰᠠᠭᠠᠳ ᠤᠨ ᠤᠷᠤᠯᠳᠤᠭᠠᠨ ᠳᠤ ᠣᠷᠣᠯᠴᠠᠵᠤ᠂ ᠤᠯᠠᠨ  ᠠᠴᠠ ᠬᠡᠲᠦᠶᠢᠳᠦᠭᠰᠡᠨ ᠬᠠᠳᠠᠨ ᠵᠣᠷᠢᠭ᠂ ᠲᠡᠰᠪᠦᠷᠢ ᠳᠠᠭᠠᠭᠠᠴᠠ ᠪᠣᠯᠤᠨ ᠲᠠᠮᠢᠷ ᠲᠡᠩᠬᠡᠭᠡ ᠳᠡᠭᠡᠨ ᠲᠦᠰᠢᠭᠯᠡᠨ᠂ ᠡᠴᠦᠰ ᠲᠡᠭᠡᠨ ᠵᠢᠶᠠᠩ ᠶᠢᠩ ᠳ᠋ᠢ 3 ᠴᠠᠭ 24 ᠮᠢᠨᠦ᠋ᠲ 40 ᠰᠧᠺᠦᠨ᠋ᠳ᠋ ᠤᠨ ᠬᠢᠷᠢ ᠪᠦᠲᠦᠮᠵᠢ ᠪᠠᠷ ᠡᠮᠡᠭᠲᠡᠢ ᠶᠢᠨ ᠪᠦᠬᠦ ᠶᠠᠪᠤᠴᠠ ᠶᠢᠨ ᠮᠠᠷᠠᠰᠤᠨ ᠰᠣᠨᠣᠷ ᠤᠨ ᠰᠠᠭᠠᠳ ᠤᠨ ᠤᠷᠤᠯᠳᠤᠭᠠᠨ ᠤ ᠭᠠᠤᠯᠢᠨ ᠮᠧᠳᠠᠯ ᠢ ᠣᠯᠵᠤ᠂ ᠥᠪᠥᠷ ᠮᠣᠩᠭᠤᠯ ᠳᠤ ᠢᠷᠠᠭᠤ ᠠᠯᠳᠠᠷ ᠣᠯᠭᠤᠵᠤ᠂ ᠲᠦᠴᠢᠦᠸᠠᠨ ᠰᠢᠶᠠᠨ ᠳᠤ ᠢᠷᠠᠭᠤ ᠠᠯᠳᠠᠷ ᠣᠯᠭᠤᠵᠠᠢ  ᠃
   ᠵᠢᠶᠠᠩ ᠶᠢᠩ ᠳ᠋ᠢ ᠪᠣᠯ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠹᠦ᠋ ᠯᠢ ᠲᠣᠰᠬᠤᠨ ᠤ ᠠᠷᠠᠳ᠂ ᠬᠡᠳᠦᠶᠢᠪᠡᠷ ᠵᠡᠮᠳᠡᠭ ᠪᠣᠯᠤᠭᠰᠠᠨ ᠪᠣᠯᠪᠠᠴᠤ ᠲᠡᠷᠡ ᠬᠥᠳᠡᠯᠭᠡᠭᠡᠨ ᠳᠤ ᠪᠠᠭ᠋ᠠᠲᠠᠢ᠂ ᠠᠮᠢᠳᠤᠷᠠᠯ ᠳᠤ ᠪᠠᠭ᠋ᠠᠲᠠᠢ᠃ ᠲᠡᠭᠦᠨ  ᠤ ᠭᠠᠷᠮᠠᠭᠠᠶ ᠪᠡᠶ᠎ᠡ ᠲᠠᠮᠢᠷ ᠪᠠ ᠶᠡᠷᠦᠩᠬᠡᠶ ᠬᠡᠪ ᠴᠢᠨᠠᠷ ᠨᠢ ᠵᠡᠮᠳᠡᠭ ᠲᠠᠮᠢᠷᠴᠢᠨ ᠪᠣᠯᠵᠤ᠂ ᠰᠤᠷᠭᠠᠭᠴᠢ ᠶᠢᠨ ᠨᠠᠷᠢᠨ ᠨᠢᠮᠪᠠᠶ ᠵᠢᠯᠣᠭᠤᠳᠤᠯᠭ᠎ᠠ ᠳᠣᠣᠷ᠎ᠠ᠂ ᠲᠡᠭᠦᠨ ᠤ ᠬᠥᠳᠡᠯᠭᠡᠭᠡᠨ ᠤ ᠬᠢᠷᠢ ᠪᠦᠲᠦᠮᠵᠢ ᠨᠢ ᠳᠡᠭᠡᠭᠰᠢᠯᠡᠵᠡᠶ᠃ 2012 ᠣᠨ ᠠᠴᠠ ᠨᠠᠰᠢ᠂ ᠲᠡᠷᠡ ᠦᠷᠭᠦᠯᠵᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠱᠠᠨᠳᠦ᠋ᠩ ᠵᠡᠷᠭᠡ ᠭᠠᠵᠠᠷ ᠣᠷᠣᠨ ᠠᠴᠠ ᠡᠷᠬᠢᠯᠡᠭᠰᠡᠨ ᠵᠡᠮᠳᠡᠭᠴᠦᠳ ᠤᠨ ᠲᠠᠮᠢᠷ ᠤᠨ ᠴᠤᠭᠯᠠᠭᠠᠨ ᠳᠤ ᠣᠷᠣᠯᠴᠠᠵᠤ᠂ ᠪᠠᠰᠠ ᠤᠯᠠᠨ ᠮᠧᠳᠠᠯ ᠣᠯᠵᠠᠢ᠃ ᠢᠯᠠᠩᠭᠤᠶ᠎ᠠ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ 1500 ᠮᠧᠲᠷ᠂ ᠵᠢᠳᠠ ᠰᠢᠳᠡᠬᠦ᠂ ᠥᠨᠳᠥᠷ ᠦᠰᠦᠷᠬᠦ ᠪᠠ 4 × 100 ᠮᠧᠲᠷ ᠤᠨ ᠪᠤᠤᠬᠢᠶ᠎ᠠ ᠤᠷᠤᠯᠳᠤᠭᠠᠨ ᠵᠡᠷᠭᠡ ᠳᠥᠷᠪᠡᠨ ᠲᠥᠷᠥᠯ ᠵᠦᠶᠯ ᠤᠨ ᠠᠯᠲᠠᠨ ᠮᠧᠳᠠᠯ ᠢ ᠣᠯᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号