ᠬᠢᠩᠭᠠᠨ ᠠᠢᠮᠠᠭ ᠤᠨ ᠳᠠᠬᠢᠨ ᠲᠠᠷᠬᠠᠭᠠᠭᠰᠠᠨ ᠠᠯᠪᠠᠨ ᠵᠠᠷ︕ ᠡᠨᠡ 4 ᠭᠠᠵᠠᠷ ᠣᠷᠣᠨ ᠠᠴᠠ ᠮᠠᠨ ᠤ ᠠᠶᠢᠮᠠᠭ ᠲᠤ ᠢᠷᠡᠵᠦ ᠣᠴᠢᠬᠤ ᠬᠥᠮᠦᠰ ᠢ ᠴᠥᠮ 14 ᠡᠳᠦᠷ ᠲᠥᠪᠯᠡᠷᠡᠭᠦᠯᠦᠨ ᠲᠤᠰᠠᠭᠠᠷᠯᠠᠪᠠ
ᠨᠡᠶᠢᠲᠡᠯᠡᠭᠰᠡᠨ ᠴᠠᠭ᠄
2021/11/12
     2021 ᠣᠨ ᠤ 11 ᠰᠠᠷ᠎ᠠ ᠶᠢᠨ 10 ᠤ ᠡᠳᠦᠷ᠂ ᠭᠢᠷᠢᠨ ᠬᠤᠲᠠ ᠶᠢᠨ ᠬᠢᠨ ᠣᠨᠣᠰᠢᠯᠠᠭᠳᠠᠭᠰᠠᠨ 1 ᠡᠪᠡᠳᠴᠢᠲᠡᠨ ︵ᠮᠤᠵᠢ ᠶᠢᠨ ᠭᠠᠳᠠᠨ᠎ᠠ ᠠᠴᠠ ᠭᠢᠷᠢᠨ ᠳᠤ ᠪᠤᠴᠠᠬᠤ ᠬᠥᠮᠦᠰ ᠪᠣᠯᠤᠨ᠎ᠠ︶ ᠢ ᠮᠡᠳᠡᠭᠦᠯᠵᠦ᠂ ᠲᠣᠰ ᠡᠪᠡᠳᠴᠢᠲᠡᠨ ᠨᠢ 10 ᠰᠠᠷ᠎ᠠ ᠶᠢᠨ 20 ᠤ ᠡᠳᠦᠷ ᠴᠢᠨ ᠬᠤᠸᠠᠩ ᠳ᠋ᠤᠤ ᠬᠤᠲᠠ ᠠᠴᠠ ᠪᠡᠭᠡᠵᠢᠩ ᠬᠤᠲᠠ ᠳᠤ ᠬᠦᠷᠴᠦ ᠠᠯᠪᠠᠨ ᠢᠶᠠᠷ ᠭᠠᠷᠴᠤ᠂ 11 ᠰᠠᠷ᠎ᠠ ᠶᠢᠨ 7 ᠤ ᠡᠳᠦᠷ G 3649 ᠤᠳᠠᠭ᠎ᠠ ᠶᠢᠨ ᠲᠦᠷᠭᠡᠨ ᠤ ᠲᠡᠮᠦᠷ ᠵᠠᠮ ︵4 ᠮᠠᠰᠢᠨ ᠲᠡᠷᠭᠡ 13 F︶ ᠢᠶᠠᠷ ᠭᠢᠷᠢᠨ ᠬᠤᠲᠠ ᠳᠤ ᠪᠤᠴᠠᠪᠠ︔ 11 ᠰᠠᠷ᠎ᠠ ᠶᠢᠨ 10 ᠤ ᠡᠳᠦᠷ ᠪᠡᠭᠡᠵᠢᠩ ᠬᠤᠲᠠ 2 ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ 11 ᠤ ᠡᠳᠦᠷ ᠳᠠᠬᠢᠨᠲᠠ 6 ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠡᠪᠡᠳᠴᠢᠨ ᠤ ᠢᠯᠡᠷᠡᠯ ᠥᠬᠡᠶ 1 ᠬᠠᠯᠳᠠᠪᠤᠷᠢᠯᠠᠭᠰᠠᠳ ᠨᠢ ᠴᠥᠮ ᠭᠢᠷᠢᠨ ᠬᠤᠲᠠ ᠶᠢᠨ ᠮᠡᠳᠡᠭᠦᠯᠦᠭᠰᠡᠨ ᠡᠪᠡᠳᠴᠢᠨ ᠤ ᠵᠢᠱᠢᠶ᠎ᠡ ᠲᠠᠢ ᠬᠤᠯᠪᠣᠭ᠎ᠠ ᠲᠠᠢ ᠪᠠᠶᠢᠵᠤ᠂ ᠬᠢᠵᠢᠭ ᠤᠨ ᠪᠠᠶᠢᠳᠠᠯ ᠤᠨ ᠰᠢᠨ᠎ᠡ ᠬᠡᠯᠬᠢᠶ᠎ᠡ ᠠᠯᠬᠤᠮ ᠠᠯᠬᠤᠮ ᠢᠶᠠᠷ ᠪᠦᠷᠢᠯᠳᠦᠪᠡ᠃ ᠮᠠᠨ ᠤ ᠠᠶᠢᠮᠠᠭ ᠪᠣᠯᠤᠨ ᠬᠤᠶᠠᠷ ᠬᠤᠲᠠ ᠶᠢᠨ ᠬᠥᠮᠦᠰ ᠤᠨ ᠶᠠᠪᠤᠯᠴᠠᠭ᠎ᠠ ᠣᠯᠠᠰᠢᠷᠠᠭᠰᠠᠨ ᠠᠴᠠ ᠪᠣᠯᠵᠣ᠂ ᠮᠠᠨ ᠤ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠡᠵᠡᠮᠳᠡᠨ ᠪᠠᠭᠤᠷᠠᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠪᠠ᠃      ᠨᠢᠭᠡ᠂ 11 ᠰᠠᠷ᠎ᠠ ᠶᠢᠨ 7 ᠤ ᠡᠳᠦᠷ ᠠᠴᠠ ᠨᠠᠭᠠᠰᠢ ᠭᠢᠷᠢᠨ ᠬᠤᠲᠠ ᠶᠢᠨ ᠴᠠᠩ ᠢ ᠲᠣᠭᠤᠷᠢᠭ᠂ 10 ᠰᠠᠷ᠎ᠠ ᠶᠢᠨ 25 ᠤ ᠡᠳᠦᠷ ᠠᠴᠠ ᠨᠠᠭᠠᠰᠢ ᠪᠡᠭᠡᠵᠢᠩ ᠬᠤᠲᠠ ᠶᠢᠨ ᠴᠤᠤᠶᠠᠩ ᠲᠣᠭᠤᠷᠢᠭ᠂ ᠬᠠᠶ ᠳ᠋ᠢᠶᠠᠨ ᠲᠣᠭᠤᠷᠢᠭ᠂ ᠳ᠋ᠦᠩ ᠴᠧᠩ ᠲᠣᠭᠤᠷᠢᠭ ᠵᠢᠴᠢ ᠨᠡᠶᠢᠲᠡᠯᠡᠭᠰᠡᠨ ᠣᠨᠣᠰᠢᠯᠠᠭᠳᠠᠭᠰᠠᠨ ᠡᠪᠡᠳᠴᠢᠲᠡᠨ᠂ ᠨᠢᠭᠲᠠ ᠣᠶᠢᠷᠠᠲᠤᠭᠰᠠᠳ ᠲᠠᠢ ᠠᠵᠢᠯᠯᠠᠭ᠎ᠠ ᠶᠢᠨ ᠵᠠᠮ ᠳᠤ ᠰᠣᠯᠪᠢᠴᠠᠨ ᠢᠷᠡᠭᠰᠡᠨ ︵ᠪᠤᠴᠠᠭᠰᠠᠨ︶ ᠮᠠᠨ ᠤ ᠠᠶᠢᠮᠠᠭ ᠤᠨ ᠬᠥᠮᠦᠰ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠪᠤᠶᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠴᠠᠭ ᠲᠤᠬᠠᠶ ᠳᠤᠨᠢ ᠮᠡᠳᠡᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠠᠷᠠᠶ᠃ ᠮᠡᠳᠡᠭᠦᠯᠬᠦ ᠥᠬᠡᠶ ᠨᠢᠭᠤᠬᠤ ᠬᠦᠨᠳᠦ ᠨᠣᠴᠢᠲᠠᠶ ᠤᠷᠰᠢᠭ ᠲᠠᠲᠠᠭᠰᠠᠨ ᠨᠢᠭᠡᠴᠡ ᠪᠠ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃     ᠬᠤᠶᠠᠷ᠂ ᠣᠳᠣᠬᠠᠨ ᠤ ᠬᠢᠵᠢᠭ ᠤᠨ ᠪᠠᠶᠢᠳᠠᠯ ᠢ ᠦᠨᠳᠦᠰᠦᠯᠡᠨ᠂ 11 ᠰᠠᠷ᠎ᠠ ᠶᠢᠨ 10 ᠤ ᠡᠳᠦᠷ ︵ᠪᠠᠭᠲᠠᠨ᠎ᠠ︶ ᠠᠴᠠ ᠡᠬᠢᠯᠡᠨ᠂ ᠭᠢᠷᠢᠨ ᠬᠤᠲᠠ ᠶᠢᠨ ᠴᠠᠩ ᠢ ᠲᠣᠭᠤᠷᠢᠭ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ᠂ ᠬᠠᠶ ᠳ᠋ᠢᠶᠠᠨ ᠲᠣᠭᠤᠷᠢᠭ᠂ ᠳ᠋ᠦᠩ ᠴᠧᠩ ᠲᠣᠭᠤᠷᠢᠭ ᠳᠤᠮᠳᠠ ᠠᠶᠤᠯ ᠲᠦᠭᠰᠢᠭᠦᠷᠢᠲᠡᠶ ᠭᠠᠵᠠᠷ ᠣᠷᠣᠨ ᠤ ᠬᠠᠮᠢᠶᠠᠷᠤᠯᠲᠠ ᠶᠣᠰᠣᠭᠠᠷ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠠᠶᠢᠮᠠᠭ ᠲᠤ ᠢᠷᠡᠵᠦ ᠣᠴᠢᠬᠤ ︵ᠪᠤᠴᠠᠬᠤ︶ ᠬᠥᠮᠦᠰ ᠲᠤ ᠴᠥᠮ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭ᠎ᠠ ᠨᠢ ᠮᠠᠨ ᠤ ᠠᠶᠢᠮᠠᠭ ᠲᠤ ᠢᠷᠡᠭᠰᠡᠨ ᠤ ᠳᠠᠷᠠᠭ᠎ᠠ 14 ᠡᠳᠦᠷ ᠪᠣᠯᠤᠨ᠎ᠠ᠃ ᠭᠢᠷᠢᠨ ᠬᠤᠲᠠ᠂ ᠪᠡᠭᠡᠵᠢᠩ ᠬᠤᠲᠠ ᠠᠴᠠ ᠳᠡᠭᠡᠷ᠎ᠡ ᠳᠤᠷᠠᠳᠤᠭᠰᠠᠨ ᠪᠤᠰᠤ ᠭᠠᠵᠠᠷ ᠣᠷᠣᠨ ᠠᠴᠠ ᠮᠠᠨ ᠤ ᠠᠶᠢᠮᠠᠭ ᠲᠤ ᠪᠤᠴᠠᠬᠤ ᠬᠥᠮᠦᠰ ᠲᠤ ᠴᠥᠮ ᠪᠣᠬᠢᠷᠲᠤᠯ ᠥᠬᠡᠶ ᠡᠷᠡᠭᠦᠯ ᠮᠡᠨᠳᠦ ᠶᠢᠨ ᠺᠣᠳ᠋ ᠵᠢᠴᠢ 24 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ ᠰᠠᠶ᠋ᠢ ᠣᠷᠣᠵᠤ ᠪᠣᠯᠤᠨ᠎ᠠ᠃ 24 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠬᠠᠩᠭᠠᠬᠤ ᠶᠢᠨ ᠠᠷᠭ᠎ᠠ ᠥᠬᠡᠶ ᠪᠠᠶᠢᠪᠠᠯ᠂ ᠠᠩᠬ᠎ᠠ ᠠᠶᠢᠮᠠᠭ ᠲᠤ ᠣᠷᠣᠬᠤ ᠭᠠᠵᠠᠷ ᠢ ᠲᠤᠬᠠᠶ ᠶᠢᠨ ᠭᠠᠵᠠᠷ ᠲᠤᠨᠢ ᠲᠤᠰᠠᠭᠠᠷᠯᠠᠵᠤ᠂ 8 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠦᠨ᠎ᠡ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠦᠯᠢᠶᠡᠬᠦ ᠬᠤᠭᠤᠴᠠᠭᠠᠨ ᠳᠤ᠂ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠤᠨ ᠳᠠᠷᠠᠭ᠎ᠠ᠂ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃      ᠭᠤᠷᠪᠠ᠂ ᠣᠶᠢᠷ᠎ᠠ ᠶᠢᠨ ᠬᠤᠭᠤᠴᠠᠭᠠᠨ ᠳᠤ ᠥᠷᠭᠡᠨ ᠣᠯᠠᠨ ᠰᠠᠭᠤᠭᠠᠯᠢ ᠠᠷᠠᠳ ᠭᠢᠷᠢᠨ ᠬᠤᠲᠠ᠂ ᠪᠡᠭᠡᠵᠢᠩ ᠬᠤᠲᠠ ᠳᠤ ᠣᠴᠢᠬᠤ ᠴᠢᠬᠤᠯᠠ ᠥᠬᠡᠶ᠂ ᠬᠡᠷᠪᠡ ᠦᠨᠡᠨ ᠬᠦ ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠠᠶᠢᠮᠠᠭ ᠲᠠᠭᠠᠨ ᠪᠤᠴᠠᠬᠤ ᠪᠠᠷ ᠲᠥᠯᠥᠪᠯᠡᠵᠦ ᠪᠠᠶᠢᠭ᠎ᠠ ᠰᠠᠭᠤᠭᠠᠯᠢ ᠠᠷᠠᠳ ᠵᠣᠷᠢᠭᠰᠠᠨ ᠭᠠᠵᠠᠷ ᠤᠨ ᠢᠶᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠨᠢᠭᠡᠴᠡ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃     ᠳᠥᠷᠪᠡ᠂ ᠡᠯ᠎ᠡ ᠭᠠᠵᠠᠷ ᠤᠨ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠡᠷᠡ ᠳᠠᠷᠤᠶ ᠳᠤᠨᠢ ᠭᠢᠷᠢᠨ ᠬᠤᠲᠠ᠂ ᠪᠡᠭᠡᠵᠢᠩ ᠬᠤᠲᠠ ᠶᠢᠨ ᠮᠠᠨ ᠤ ᠠᠶᠢᠮᠠᠭ ᠲᠤ ᠢᠷᠡᠭᠰᠡᠨ ︵ᠪᠤᠴᠠᠭᠰᠠᠨ︶ ᠬᠥᠮᠦᠰ ᠢ ᠤᠶᠢᠯᠠᠭᠠᠨ ᠵᠢᠭᠰᠠᠭᠠᠵᠤ ᠳᠡᠩᠰᠡᠯᠡᠨ ᠲᠡᠮᠳᠡᠭᠯᠡᠬᠦ ᠠᠵᠢᠯ ᠢ ᠥᠷᠨᠢᠭᠦᠯᠵᠦ᠂ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ 24 ᠴᠠᠭ ᠤᠨ ᠳᠣᠲᠣᠷ᠎ᠠ ᠵᠢᠭᠰᠠᠭᠠᠨ ᠪᠠᠶᠢᠴᠠᠭᠠᠵᠤ ᠳᠠᠭᠤᠰᠬᠠᠨ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠨᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠲᠣᠰ ᠨᠢᠭᠡᠴᠢ ᠶᠢᠨ ᠳᠤᠮᠳᠠ ᠥᠨᠳᠥᠷ ᠠᠶᠤᠯ ᠲᠦᠭᠰᠢᠭᠦᠷᠢ ᠲᠠᠢ ᠵᠢᠴᠢ ᠬᠢᠵᠢᠭ ᠳᠡᠯᠭᠡᠷᠡᠭᠰᠡᠨ ᠭᠠᠵᠠᠷ ᠣᠷᠣᠨ ᠳᠤ ᠵᠢᠭᠤᠯᠴᠢᠯᠠᠭᠰᠠᠨ ᠲᠡᠦᠬᠡ ᠲᠠᠢ ᠠᠵᠢᠯᠲᠠᠨ ᠵᠢᠴᠢ ᠲᠡᠳᠡᠨ ᠤ ᠬᠡᠷ ᠪᠦᠯᠢ ᠶᠢᠨ ᠪᠦᠷᠢᠯᠳᠦᠬᠦᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ ᠮᠡᠳᠡᠭᠦᠯᠬᠦ ᠬᠡᠷᠡᠭᠲᠡᠶ᠃ ᠡᠯ᠎ᠡ ᠵᠣᠴᠢᠳ ᠤᠨ ᠪᠠᠭᠤᠳᠠᠯ ᠵᠡᠷᠭᠡ ᠬᠤᠨᠤᠭ ᠤᠨ ᠭᠠᠵᠠᠷ ᠤᠨ ᠳᠤᠮᠳᠠ ᠥᠨᠳᠥᠷ ᠲᠦᠭᠰᠢᠭᠦᠷᠢ ᠲᠠᠢ ᠵᠢᠴᠢ ᠬᠢᠷᠢᠨ ᠬᠤᠳᠠ᠂ ᠪᠡᠭᠡᠵᠢᠩ ᠬᠤᠳᠠ ᠲᠤ ᠵᠢᠭᠤᠯᠴᠢᠯᠠᠭᠰᠠᠨ ᠲᠡᠦᠬᠡ ᠲᠠᠢ ᠠᠶᠢᠮᠠᠭ ᠲᠤ ᠢᠷᠡᠭᠰᠡᠨ ᠬᠥᠮᠦᠰ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠪᠠᠨ ᠴᠠᠭ ᠲᠤᠬᠠᠢ ᠲᠤᠨᠢ ᠮᠡᠳᠡᠭᠦᠯᠬᠦ ᠬᠡᠷᠡᠭᠲᠡᠢ᠃     ᠲᠠᠪᠤ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠠᠴᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠡᠷᠡᠭᠦᠯ ᠮᠡᠨᠳᠦ ᠶᠢᠨ ᠢᠳᠡᠪᠬᠢᠲᠡᠶ ᠰᠡᠳᠬᠢᠴᠡ ᠲᠠᠢ ᠪᠠᠶᠢᠵᠤ᠂ ᠴᠢᠬᠤᠯᠠ ᠪᠤᠰᠤ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠭᠡᠷᠡᠶ᠃      ᠵᠢᠷᠭᠤᠭ᠎ᠠ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠥᠬᠡᠶ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠲᠠᠯᠠᠵᠤ᠂ ᠬᠥᠮᠦᠨ ᠬᠠᠷ᠎ᠠ ᠨᠢᠭᠲᠠᠷᠬᠠᠰᠠᠨ᠂ ᠠᠭᠠᠷ ᠨᠡᠪᠲᠡᠷᠡᠬᠦ ᠥᠬᠡᠶ ᠲᠠᠯᠠᠪᠤᠷ ᠲᠤ ᠴᠢᠳᠠᠬᠤ ᠶᠢᠨ ᠳᠣᠲᠣᠷ᠎ᠠ ᠣᠴᠢᠬᠤ ᠥᠬᠡᠶ ᠪᠤᠶᠤ ᠴᠥᠭᠡᠨ ᠣᠴᠢᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃      ᠳᠣᠯᠤᠭ᠎ᠠ᠂ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠢᠯᠡᠷᠡᠯ ᠲᠠᠢ ᠪᠣᠯ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠭᠡᠷᠡᠶ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ ᠡᠮᠨᠡᠯᠭᠡ ᠶᠢᠨ ᠭᠠᠵᠠᠷ ᠲᠤ ᠣᠴᠢᠵᠤ ᠡᠮᠨᠡᠭᠦᠯᠵᠦ ᠪᠣᠯᠬᠤ ᠥᠬᠡᠶ᠂ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠴᠤ ᠥᠪᠡᠷ ᠢᠶᠠᠨ ᠡᠮᠨᠡᠭᠦᠯᠵᠦ ᠪᠣᠯᠬᠤ ᠥᠬᠡᠶ᠃ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃      ᠨᠠᠶᠮᠠ᠂ ᠨᠥᠬᠦᠴᠡᠯ ᠳᠤ ᠨᠡᠶᠢᠴᠡᠭᠰᠡᠨ ᠪᠣᠯᠪᠠᠴᠤ ᠸᠠᠺᠼᠢᠨ ᠤ ᠲᠠᠷᠢᠯᠭ᠎ᠠ ᠬᠢᠵᠦ ᠳᠠᠭᠤᠰᠤᠭᠠᠳᠤᠶ ᠰᠠᠭᠤᠭᠠᠯᠢ ᠠᠷᠠᠳ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠶᠢ ᠲᠦᠷᠭᠡᠬᠡᠨ ᠪᠡᠶᠡᠯᠡᠭᠦᠯᠵᠦ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤᠪᠠᠷ ᠪᠠᠶᠢᠭᠤᠯᠬᠤ ᠬᠡᠷᠡᠭᠲᠡᠶ᠃                                       2021 ᠣᠨ ᠤ 11 ᠰᠠᠷ᠎ᠠ ᠶᠢᠨ 11 ᠤ ᠡᠳᠦᠷ
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号