ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ ᠮᠠᠨ ᠤ ᠰᠢᠶᠠᠨ ᠳᠤ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/11/13
     11 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ ᠮᠠᠨ ᠤ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠪᠦᠦ ᠬᠥᠭᠵᠢᠯᠲᠦ᠂ ᠯᠢᠦ ᡁᠢ ᠹᠧᠩ᠂ ᠴᠢᠦᠶ ᠲᠦᠩ ᠨᠢᠶᠠᠨ᠂ ᠯᠢ ᠬᠤᠩ ᠰᠢᠩ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠯᠢ ᠬᠤᠩ ᠼᠠᠢ ᠨᠠᠷ ᠤᠷᠢᠳ ᠬᠤᠵᠢᠳ ᠶᠦᠩ ᠠᠨ ᠪᠠᠯᠭᠠᠰᠤᠨ ᠤ ᠰᠧ ᠵᠢᠶᠠ ᠽᠢ ᠲᠣᠰᠬᠤᠨ᠂ ᠰᠠᠨ ᠶᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠯᠢᠦ ᠬᠤ᠋ ᠪᠠᠯᠭᠠᠰᠣᠨ ᠤ ᠵᠢᠤᠢ ᠰᠢᠩ ᠲᠣᠰᠬᠤᠨ ᠪᠣᠯᠤᠨ ᠱᠤ᠋ ᠭᠤᠸᠠᠩ ᠬᠦᠷᠢᠶᠡᠯᠡᠩ ᠲᠣᠭᠤᠷᠢᠭ ᠤᠨ ᠵᠢᠤᠢ ᠮᠧᠶ ᠾᠧᠩ ᠭᠦᠸᠧ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠧ ᠵᠢᠶᠠ ᠽᠢ ᠲᠣᠰᠬᠤᠨ ᠤ ᠤᠰᠤ ᠬᠠᠩᠭᠠᠵᠤ ᠭᠠᠳᠠᠭᠰᠢᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
    ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠬᠤᠩ ᠼᠠᠢ ᠰᠢᠶᠠᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ ᠲᠡᠷᠡ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠪᠠᠷᠢᠮᠵᠢᠶ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠪᠠ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂  ᠲᠣᠳᠠᠭᠳᠠᠯ ᠢᠶᠠᠨ ᠨᠠᠷᠢᠨ ᠬᠢᠨᠠᠮᠠᠭᠠᠶ ᠪᠠᠶᠢᠴᠠᠭᠠᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠡᠯ᠎ᠡ ᠵᠦᠢᠯ ᠤᠨ ᠠᠵᠢᠯ ᠢ ᠦᠨᠡᠨ ᠬᠦ ᠭᠦᠨᠵᠡᠭᠡᠶ ᠨᠠᠷᠢᠯᠢᠭ ᠪᠣᠳᠠᠲᠠᠶ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠡᠷᠦᠬᠡ ᠶᠢᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠵᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠰᠢᠨᠵᠢᠬᠦ ᠪᠠ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠦᠢᠯᠡᠰ ᠤᠨ ᠪᠦᠷᠬᠦᠴᠡ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠪᠠᠷ ᠲᠡᠳᠬᠦᠨ ᠳᠡᠮᠵᠢᠬᠦ᠂ ᠬᠤᠷᠰᠢᠶ᠎ᠠ ᠪᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠲᠦᠮᠡᠨ ᠤ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠲᠠᠢ ᠤᠶᠠᠯᠳᠤᠭᠤᠯᠤᠨ᠂ ᠰᠢᠶᠠᠨ ᠤ ᠬᠡᠪᠴᠢᠶᠡᠨ ᠳᠠᠬᠢ ᠬᠤᠲᠠ ᠬᠥᠳᠡᠭᠡ ᠶᠢᠨ ᠬᠥᠮᠦᠨ ᠠᠮᠠ ᠶᠢᠨ ᠨᠡᠭᠦᠳᠡᠯ ᠤᠨ ᠬᠤᠪᠢᠷᠠᠯᠲᠠ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ᠂ ᠭᠠᠵᠠᠷ ᠰᠢᠷᠣᠶ ᠶᠢ ᠡᠷᠴᠢᠮᠵᠢᠭᠦᠯᠦᠨ ᠠᠰᠢᠭᠯᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭᠠᠨ ᠤ ᠰᠦᠯᠵᠢᠶᠡᠨ ᠤ ᠵᠣᠬᠢᠶᠠᠨ ᠪᠠᠶᠢᠭᠤᠯᠤᠯᠲᠠ ᠵᠢᠴᠢ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠬᠤᠲᠠ ᠬᠥᠳᠡᠭᠡ ᠶᠢᠨ ᠬᠥᠭᠵᠢᠯᠲᠡ ᠶᠢ ᠬᠠᠷᠢᠯᠴᠠᠨ ᠵᠣᠬᠢᠴᠠᠭᠤᠯᠬᠤ᠂ ᠬᠠᠷᠢᠯᠴᠠᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠤᠲᠤᠭ ᠤᠨ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠦᠢᠯᠡᠰ ᠪᠤᠰᠬᠠᠬᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠬᠥᠳᠡᠭᠡ ᠲᠣᠰᠬᠤᠨ ᠢ ᠪᠠᠶᠠᠵᠢᠭᠤᠯᠬᠤ ᠲᠠᠭᠠᠭᠤᠯᠤᠬᠴᠢ ᠶᠢᠨ ᠡᠩᠨᠡᠭᠡ ᠶᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号