2021 ᠤᠨ ᠤ ᠳᠦᠷᠪᠡᠳᠦᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2021/11/26
    ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ ( 7 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 31 ᠤ ᠡᠳᠦᠷ )     7 ᠰᠠᠷ᠎ᠠ ᠶᠢᠨ 5 ᠤ ᠡᠳᠦᠷ᠂ ᠲᠦᠴᠢᠦᠸᠠᠨ ᠰᠢᠶᠠᠨ ᠰᠢᠶᠠᠨ ᠰᠢᠶᠠᠨ ᠭᠠᠵᠠᠷ ᠤᠨ ᠲᠡᠰ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠲᠤ ᠲᠤᠬᠢᠷᠠᠭᠤᠯᠤᠯᠳᠠ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠲᠣᠭᠲᠠᠭᠠᠯ ᠢ ᠨᠡᠶᠢᠲᠡᠯᠡᠵᠦ᠂ ᠸᠠᠩ ᠶᠦᠩ ᠵᠢᠶᠠ ᠨᠥᠬᠦᠷ ᠢ ᠲᠦᠴᠢᠦᠸᠠᠨ ᠰᠢᠶᠠᠨ ᠤ ᠨᠠᠮ  ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠭᠡᠰᠢᠭᠦᠨ᠂ ᠳᠡᠳ᠋ ᠱᠦᠵᠢ ᠪᠠᠷ ᠲᠣᠮᠢᠯᠠᠵᠤ᠂ ᠲᠦᠴᠢᠦᠸᠠᠨ ᠰᠢᠶᠠᠨ ᠤ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠴᠤ᠂ ᠭᠧᠩ ᠲᠢᠶᠠᠨ ᠯᠢᠶᠠᠩ ᠨᠥᠬᠦᠷ ᠢ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠠᠴᠠ ᠨᠢ ᠪᠠᠭᠤᠯᠭᠠᠵᠤ᠂ ᠲᠦᠴᠢᠦᠸᠠᠨ ᠰᠢᠶᠠᠨ ᠤ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠨᠡᠷ᠎ᠡ ᠳᠤᠷᠠᠳᠪᠠ᠃     7 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠶᠦᠩ ᠵᠢᠶᠠ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠶᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠣᠷᠴᠢᠯ ᠠᠵᠤ ᠠᠬᠤᠶ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠ ᠭᠦᠸᠧ ᠬᠠᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    7 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠶᠦᠩ ᠵᠢᠶᠠ ᠪᠦ᠋ᠦ ᠱᠢ ᠪᠠᠯᠭᠠᠰᠤ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ᠂《 ᠮᠠᠯ ᠠᠵᠤ ᠠᠬᠤᠶ ᠶᠢᠨ ᠳᠠᠬᠢᠨ ᠴᠣᠭᠴᠠᠯᠠᠬᠤ ᠲᠦᠴᠢᠦᠸᠠᠨ 》ᠢᠨᠵᠧᠨᠧᠷᠢᠩ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ᠂ ᠪᠦ᠋ᠦ ᠱᠢ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    7 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠶᠦᠩ ᠵᠢᠶᠠ 2021 ᠣᠨ ᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2021 ᠣᠨ ᠤ ᠰᠢᠶᠠᠨ ᠤ ᠵᠠᠰᠠᠭ ᠤᠨ ᠣᠷᠳᠣᠨ ᠤ ᠨᠠᠮ  ᠤᠨ ᠤᠳᠤᠷᠢᠳᠬᠤ ᠳᠤᠭᠤᠶᠢᠯᠠᠩ ᠤᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠢ ᠮᠡᠳᠡᠭᠳᠡᠵᠦ᠂ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠣᠳᠣᠬᠠᠨ  ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠵᠢᠶᠠ ᠵᠢᠶᠦ᠋ᠨ ᠂ ᠴᠧᠨ ᠭᠦᠸᠧ ᠮᠢᠩ᠂ ᠽᠠᠩ ᠬᠠᠢ ᠵᠢᠶᠠ᠂ ᠯᠢ ᠬᠤᠩ ᠰᠢᠩ᠂ ᠹᠧᠩ ᠵᠢᠶᠠᠨ ᠵᠦᠩ᠂ ᠳ᠋ᠠᠢ ᠯᠢ ᠮᠢᠩ᠂ ᠪᠤᠤ ᠬᠤᠩ ᠶᠢᠩ᠂ ᠯᠢᠦ ᠰᠢᠩ ᠬᠤᠸᠠ᠂ ᠰᠦᠩ ᠽᠧ ᠬᠠᠢ ᠣᠷᠣᠯᠴᠠᠪᠠ᠃    7 ᠰᠠᠷ᠎ᠠ ᠶᠢᠨ 26 ᠤ ᠣᠷᠣᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠶᠦᠩ ᠵᠢᠶᠠ ᠪᠥᠬᠦ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠰᠢᠶᠠᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠽᠠᠩ ᠬᠠᠢ ᠵᠢᠶᠠ᠂ ᠳ᠋ᠠᠢ ᠯᠢ ᠮᠢᠩ᠂ ᠪᠦ᠋ᠦ ᠬᠤᠩ ᠶᠢᠩ᠂ ᠸᠠᠩ ᠬᠠᠢ ᠵᠢᠶᠦ᠋ᠨ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ  ᠳᠤ ᠣᠷᠣᠯᠴᠠᠪᠠ᠃    7 ᠰᠠᠷ᠎ᠠ ᠶᠢᠨ 28 ᠤ ᠡᠳᠦᠷ᠂ 94 ᠳ᠋ᠦ᠋ᠭᠡᠷ《 81 》 ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠬᠦᠷᠴᠦ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠣᠯᠤᠨ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃ ᠰᠢᠶᠠᠨ ᠤ ᠤᠳᠤᠷᠢᠳᠤᠯᠭ᠎ᠠ ᠪᠦ᠋ᠦ ᠬᠥᠭᠵᠢᠯᠲᠦ᠂ ᠴᠧᠨ ᠭᠦᠸᠧ ᠮᠢᠩ᠂ ᠹᠠᠩ ᠭᠦᠸᠧ ᠴᠢᠶᠠᠩ᠂ ᠳ᠋ᠠᠢ ᠯᠢ ᠮᠢᠩ ᠬᠠᠮᠲᠤᠪᠠᠷ ᠲᠣᠬᠤᠨᠢᠭᠤᠯᠬᠤ ᠳᠤ ᠣᠷᠣᠯᠴᠠᠪᠠ  ᠃    8 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠴᠧᠨ ᠭᠦᠸᠧ ᠮᠢᠩ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠲᠤᠰᠬᠠᠶ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ    8 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤ᠂ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠴᠧᠨ ᠭᠦᠸᠧ ᠮᠢᠩ ᠵᠢᠴᠢ ᠡᠯ᠎ᠡ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃    8 ᠰᠠᠷ᠎ᠠ ᠶᠢᠨ 2 ᠤᠨ ᠡᠳᠦᠷ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠳᠡᠳ᠋ ᠳᠠᠷᠤᠭ᠎ᠠ ᠵᠢᠴᠢ ᠪᠦᠷᠢᠯᠳᠦᠬᠦᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃    8 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠯᠢ ᠴᠢᠤᠸᠠᠨ ᠰᠢᠶᠠᠩ ᠰᠥᠩ᠂ ᠰᠠᠶᠢᠨ ᠬᠥᠷᠰᠢ ᠬᠡᠲᠦ ᠳᠡᠯᠭᠡᠭᠦᠷ᠂ ᠬᠤᠩ ᠺᠠᠩ ᠡᠮ  ᠤᠨ ᠳᠡᠯᠭᠡᠭᠦᠷ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠤᠸᠠ ᠰᠢᠨ ᠵᠣᠴᠢᠳ ᠤᠨ ᠪᠠᠭᠤᠳᠠᠯ᠂ ᠰᠢᠶᠠᠨ ᠤ ᠡᠮᠨᠡᠯᠭᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠣᠷᠳᠣᠨ ᠳᠤ ᠬᠦᠷᠴᠦ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ  ᠤ ᠲᠠᠷᠢᠯᠭ᠎ᠠ ᠬᠢᠬᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠳᠦᠷ ᠲᠤᠲᠤᠮ ᠤᠨ ᠰᠡᠷᠭᠡᠶᠢᠯᠡᠨ ᠡᠵᠡᠮᠳᠡᠬᠦ᠂ ᠡᠮᠨᠡᠯᠭᠡ ᠶᠢᠨ ᠬᠤᠷᠢᠶᠠᠨ ᠤ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ᠂ ᠲᠥᠪᠯᠡᠷᠡᠭᠦᠯᠦᠨ ᠲᠤᠰᠠᠭᠠᠷᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠴᠧᠨ ᠭᠦᠸᠧ ᠮᠢᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃    8 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ  ᠤᠨ ᠣᠷᠳᠣᠨ ᠤ ᠭᠤᠴᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠽᠠᠩ ᠬᠠᠶ ᠵᠢᠶᠠ᠂ ᠬᠤᠸᠠᠩ ᠢ ᠬᠤ᠋ ᠵᠡᠷᠭᠡ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠸᠠᠩ ᠸᠧᠨ ᠭᠧ᠂ ᠴᠢᠦᠶ ᠲᠦᠩ ᠨᠢᠶᠠᠨ᠂ ᠸᠠᠩ ᠬᠠᠶ ᠵᠢᠶᠦ᠋ᠨ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号