ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢᠳ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/30
        11 ᠰᠠᠷ᠎ᠠ ᠶᠢᠨ 24 ᠤ ᠡᠳᠦᠷ᠂ ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢᠳ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠤᠷᠤᠯᠴᠨᠨ ᠶᠠᠷᠢᠶ᠎ᠠ ᠲᠠᠯᠪᠢᠵᠤ᠂ ᠦᠵᠡᠯ ᠰᠠᠨᠠᠭ᠎ᠠ ᠲᠠᠨᠢᠯᠳᠠ ᠪᠠᠨ ᠨᠢᠭᠡᠳᠭᠡᠵᠦ᠂ ᠠᠵᠢᠯ ᠤᠨ ᠱᠠᠭᠠᠷᠳᠠᠯᠭ᠎ᠠ ᠪᠠᠨ ᠲᠤᠳᠤᠷᠬᠠᠢᠢᠯᠠᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠷᠤᠭᠰᠢᠲᠠᠢ ᠶᠠᠪᠤᠭᠳᠠᠵᠤ᠂ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠵᠠᠩ ᠰᠢᠶᠤᠤ ᠪᠢᠩ ᠵᠢᠭᠠᠨ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠴᠢᠬᠤᠯᠠ ᠴᠠᠭ ᠬᠤᠭᠤᠴᠠᠭ᠎ᠠ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠴᠢᠬᠤᠯᠠ ᠴᠠᠭ ᠮᠥᠴᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠢᠨ᠎ᠡ ᠪᠠᠶᠢᠳᠠᠯ ᠳᠣᠣᠷ᠎ᠠ ᠬᠤᠷᠠᠯᠳᠤᠬᠤ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠪᠦᠬᠦ ᠣᠷᠣᠨ ᠤ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠤᠮᠤ ᠶᠠᠪᠤᠳᠠᠯ ᠪᠣᠯᠤᠨ᠎ᠠ᠃        ᠮᠠᠨ ᠤ ᠠᠶᠢᠮᠠᠭ ᠤᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠥᠯᠥᠭᠡᠯᠡᠭᠴᠢᠳ ᠪᠥᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ ᠪᠣᠯᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠵᠦ ᠪᠠᠶᠢᠨ᠎ᠠ᠂ ᠡᠷᠬᠡᠪᠰᠢ ᠪᠠᠶᠢᠯᠳᠤᠬᠤ ᠪᠣᠳᠣᠯᠭ᠎ᠠ ᠪᠣᠯᠤᠨ ᠪᠥᠬᠦ ᠲᠠᠯ᠎ᠠ ᠶᠢᠨ ᠦᠨᠳᠦᠷᠴᠡ ᠠᠴᠠ ᠲᠣᠰ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠭᠡᠳᠬᠡᠵᠦ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠪᠥᠬᠦ ᠲᠠᠯ᠎ᠠ ᠪᠠᠷ ᠲᠤᠰᠬᠠᠵᠤ᠂ ᠨᠠᠮ ᠪᠣᠯᠤᠨ ᠠᠷᠠᠳ ᠲᠦᠮᠡᠨ ᠤ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠶ ᠭᠡᠪᠡ᠃       ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠪᠠᠷᠢᠮᠵᠢᠶ᠎ᠠ᠂ ᠤᠯᠤᠰ ᠲᠦᠷᠦ ᠶᠢᠨ ᠱᠠᠭᠠᠷᠳᠠᠯᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮᠴᠢ ᠴᠢᠨᠠᠷ ᠤᠨ ᠤᠬᠠᠮᠰᠠᠷ ᠪᠣᠯᠤᠨ ᠤᠨᠤᠯ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ  ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠳᠤ ᠪᠦᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠰᠠᠨᠠᠯ ᠰᠠᠨᠠᠭᠤᠯᠭ᠎ᠠ ᠠᠷᠭ᠎ᠠ ᠤᠬᠠᠭᠠᠨ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠤᠨᠤᠴᠠᠳᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢᠬᠢ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠣᠯᠤᠭᠰᠠᠨ ᠢᠯᠡᠳᠲᠡ ᠦᠷ᠎ᠡ ᠪᠦᠲᠦᠮᠵᠢ ᠶᠢ ᠤᠨᠤᠴᠠᠳᠠᠢ ᠡᠵᠡᠮᠳᠡᠵᠦ᠂ ᠣᠷᠣᠨ ᠤ ᠪᠠᠶᠢᠳᠠᠯ ᠠᠶᠢᠮᠠᠭ ᠤᠨ ᠪᠠᠶᠢᠳᠠᠯ ᠵᠢᠴᠢ ᠰᠠᠭᠤᠭ᠎ᠠ ᠭᠠᠵᠠᠷ ᠤᠷᠤᠨ ᠤ ᠠᠵᠢᠯ ᠤᠨ ᠪᠣᠳᠠᠲᠤ ᠪᠠᠶᠢᠳᠠᠯ ᠢ ᠤᠨᠤᠴᠠᠳᠠᠢ ᠡᠵᠡᠮᠳᠡᠵᠦ᠂ ᠪᠦᠬᠦ ᠲᠠᠯ᠎ᠠ ᠶᠢ ᠪᠣᠳᠣᠯᠬᠢᠯᠠᠵᠤ᠂ ᠶᠡᠭᠡ ᠲᠠᠯ᠎ᠠ ᠶᠢ ᠪᠣᠳᠣᠯᠬᠢᠯᠠᠨ ᠠᠵᠢᠯ ᠢᠶᠠᠨ ᠪᠣᠳᠣᠯᠬᠢᠯᠠᠨ᠂ ᠮᠡᠳᠡᠭᠦᠯᠦᠯᠲᠡ ᠪᠠᠨ ᠶᠠᠷᠢᠯᠴᠠᠵᠤ᠂ ᠰᠠᠨᠠᠭᠤᠯᠭ᠎ᠠ ᠳᠤᠷᠠᠳᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠡᠭᠡ ᠬᠤᠷᠠᠯ ᠤᠨ ᠠᠵᠢᠯ ᠤᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠣᠯᠤᠨ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠰᠠᠶᠢᠲᠤᠷ ᠭᠦᠢᠴᠡᠳᠬᠡᠬᠦ ᠬᠡᠷᠡᠭᠲᠡᠢ᠃ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠩᠭᠠᠨ ᠤ ᠡᠬᠡ ᠭᠠᠵᠠᠷ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃         ᠬᠤᠷᠠᠯ ᠠᠴᠠ ᠪᠠᠰᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠷᠠᠭᠤᠯᠵᠦ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠬᠤ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号