ᠡᠷᠡᠮᠡᠭᠡᠶᠢᠯᠡᠨ ᠤᠷᠤᠭᠰᠢᠯᠠᠬᠤ ᠬᠦᠴᠦᠨ ᠢ ᠨᠢᠭᠳᠠᠷᠠᠭᠤᠯᠵᠦ ᠬᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠨ᠎ᠡ — ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠮᠠᠨ ᠤ ᠠᠶᠢᠮᠠᠭ ᠤᠨ ᠺᠠᠳ᠋ᠷ ᠤᠯᠠᠨ ᠲᠦᠮᠡᠨ ᠤ ᠲᠤᠮᠳᠠ ᠴᠢᠩᠭ᠎ᠠ ᠲᠤᠰᠬᠠᠯ ᠭᠠᠷᠴᠠᠢ
ᠨᠡᠶᠢᠲᠡᠯᠡᠭᠰᠡᠨ ᠴᠠᠭ᠄
2021/11/30
      11 ᠰᠠᠷ᠎ᠠ ᠶᠢᠨ 27 ᠤ ᠦᠳᠡ ᠶᠢᠨ ᠡᠮᠦᠨᠡᠬᠢ 9 ᠴᠠᠭ ᠲᠤ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠬᠦᠬᠡᠬᠤᠳᠠ ᠳᠤ ᠬᠤᠷᠠᠯᠳᠤᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠢᠷᠡᠭᠡᠳᠦᠢ ᠶᠢᠨ ᠲᠠᠪᠤᠨ ᠵᠢᠯ ᠤᠨ ᠬᠦᠭᠵᠢᠯᠳᠡ ᠶᠢᠨ ᠬᠠᠷᠠᠯᠳᠠ᠂ ᠪᠠᠶᠢᠯᠳᠤᠬᠤ ᠪᠤᠳᠤᠯᠭ᠎ᠠ ᠪᠠ ᠬᠦᠭᠵᠢᠯᠳᠡ ᠶᠢᠨ ᠡᠬᠦᠷᠭᠡ ᠶᠢ ᠵᠢᠷᠤᠭᠯᠠᠵᠠᠢ᠃ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠦᠷᠭᠡᠨ ᠤᠯᠠᠨ ᠺᠠᠳ᠋ᠷ ᠲᠦᠮᠡᠨ ᠬᠤᠷᠠᠯ ᠤᠨ ᠡᠬᠢᠯᠡᠯᠳᠡ ᠶᠢᠨ ᠶᠤᠰᠤᠯᠠᠯ ᠤᠨ ᠦᠪᠡᠳᠡᠭᠰᠢ ᠪᠠᠶᠢᠳᠠᠯ ᠢ ᠲᠧᠯᠸᠢᠰ᠂ ᠷᠠᠳᠢᠣ᠋᠂ ᠰᠦᠯᠵᠢᠶ᠎ᠡ᠂ ᠭᠠᠷ ᠤᠳᠠᠰᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠦᠯᠢᠶᠡᠨ ᠠᠪᠴᠦ ᠦᠵᠡᠭᠰᠡᠨ ᠪᠤᠶᠤ ᠰᠤᠨᠤᠰᠴᠦ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠦᠯᠦ ᠮᠠᠷᠳᠠᠨ᠂ ᠰᠢᠷᠭᠠᠭᠤ ᠬᠠᠳᠠᠭᠤᠵᠢᠯᠳᠠᠢ ᠴᠢᠷᠮᠠᠶᠢᠨ ᠠᠵᠢᠯᠯᠠᠵᠦ᠂ ︽ᠦᠵᠡᠰᠬᠦᠯᠡᠩᠳᠦ ᠰᠠᠶᠢᠬᠠᠨ︾ ᠡᠮᠦᠨᠡᠳᠦ ᠬᠤᠰᠢᠭᠤ ᠶᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠨ᠎ᠡ ᠭᠡᠵᠦ ᠤᠯᠠᠨ ᠢᠶᠠᠷ ᠢᠶᠠᠨ ᠢᠯᠡᠳᠭᠡᠵᠡᠭᠡᠪᠡ᠃ ︽      ᠪᠢᠳᠡ ᠶᠡᠭᠡ ᠬᠤᠷᠠᠯ ᠤᠨ ᠵᠣᠷᠢᠭ ᠰᠠᠨᠠᠭᠠᠨ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠵᠢᠭᠦᠯᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠳᠦᠮᠵᠢᠳᠡᠢ ᠵᠤᠯᠭᠠᠭᠤᠯᠬᠤ ᠤᠶᠤᠨ ᠤᠬᠠᠭᠠᠨ ᠤ ᠬᠦᠴᠦᠨ ᠴᠢᠳᠠᠯ ᠢ ᠰᠢᠩᠭᠡᠭᠡᠨ ᠠᠪᠴᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠮᠦᠨᠡᠳᠦ ᠬᠤᠰᠢᠭᠤ ︿ᠠᠮᠢ ᠠᠬᠤᠢ ᠶᠢ ᠤᠷᠢᠳᠠᠪᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠯᠳᠡ﹀ ᠶᠢᠨ ᠵᠠᠮ ᠢ ᠦᠷᠬᠦᠯᠵᠢᠯᠡᠨ ᠪᠠᠷᠢᠮᠳᠠᠯᠠᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠰᠠᠭᠠᠯᠢ ᠶᠢᠨ ᠦᠨᠢᠶ᠎ᠡ᠂ ᠭᠠᠭ᠋ᠠᠶ᠂ ᠬᠢᠲᠠᠳ ᠡᠪᠡᠰᠦᠨ ᠡᠮ᠂ ᠣᠶ ᠵᠢᠮᠢᠰ ᠤᠨ ᠦᠶ᠋ᠯᠡᠰ᠂ ᠡᠪᠡᠰᠦᠨ ᠤ ᠦᠶ᠋ᠯᠡᠰ᠂ ᠵᠤᠭᠠᠴᠠᠯ ᠤᠨ ᠦᠶ᠋ᠯᠡᠰ ᠵᠡᠷᠭᠡ ᠭᠤᠤᠯᠯᠠᠬᠤ ᠠᠵᠤ ᠦᠶ᠋ᠯᠡᠰ ᠤᠨ ᠬᠦᠭᠵᠢᠯᠳᠡ ᠶᠢ ᠲᠦᠷᠭᠡᠳᠭᠡᠨ ᠠᠬᠢᠭᠤᠯᠤᠨ᠎ᠡ︾ ᠭᠡᠵᠦ ᠡᠮᠦᠨᠡᠳᠦ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠪᠴᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠤᠪᠴᠢᠶᠠᠨ ᠲᠠᠷᠤᠭ᠎ᠠ ᠮᠧᠩ ᠹᠠᠨ ᠴᠢ ᠬᠡᠯᠡᠨ᠎ᠠ᠃      ︽ᠨᠢᠭᠡᠨ ᠦᠨᠳᠦᠰᠦᠨ ᠱᠠᠳᠤᠨ ᠤ ᠺᠠᠳ᠋ᠷ ᠪᠤᠯᠤᠭᠰᠠᠨ ᠤ ᠬᠤᠪᠢ ᠳᠤ ᠪᠢ ᠬᠦᠨᠳᠦ ᠡᠬᠦᠷᠭᠡ ᠶᠢ ᠡᠬᠦᠷᠭᠡᠯᠡᠵᠦ᠂ ᠢᠳᠡᠭᠡᠯ ᠵᠤᠷᠢᠭ ᠤᠯᠠᠮ ᠢᠶᠠᠷ ᠤᠷᠮᠠᠰᠢᠵᠦ ᠪᠠᠶᠢᠨ᠎ᠠ᠃ ᠪᠢᠳᠡ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠷᠠᠳᠤᠭᠰᠠᠨ ᠰᠢᠨ᠎ᠡ ᠬᠠᠷᠠᠯᠳᠠ᠂ ᠰᠢᠨ᠎ᠡ ᠱᠠᠭᠠᠷᠳᠠᠯᠭ᠎ᠠ᠂ ᠰᠢᠨ᠎ᠡ ᠡᠬᠦᠷᠭᠡ ᠶᠤᠰᠤ ᠪᠠᠷ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ︿ᠪᠤᠳᠠᠳᠠᠢ ᠠᠵᠢᠯᠯᠠᠬᠤ﹀ ︿ᠰᠢᠨ᠎ᠡ ᠶᠢ ᠡᠬᠦᠳᠬᠦ﹀ ᠲᠡᠭᠡᠷ᠎ᠠ ᠨᠠᠶᠢᠳᠠᠪᠤᠷᠢᠵᠢᠭᠤᠯᠤᠨ᠎ᠠ᠃ ᠮᠠᠨ ᠤ ᠰᠢᠶᠠᠩ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠢᠮᠠᠭᠳᠠ ᠲᠤᠪᠤᠶᠢᠮ᠎ᠡ ᠪᠠᠶᠢᠷᠢᠨ ᠳᠤ ᠲᠠᠯᠪᠢᠭᠰᠠᠭᠠᠷ ᠢᠷᠡᠵᠡᠢ᠂ ᠰᠡᠬᠦᠯᠡᠷᠬᠢ ᠠᠵᠢᠯ ᠤᠨ ᠲᠤᠮᠳᠠ ᠪᠢᠳᠡ ᠬᠤᠷᠠᠯ ᠤᠨ ᠵᠤᠷᠢᠭ ᠰᠠᠨᠠᠭ᠎ᠠ ᠪᠠᠷ ᠠᠷᠠᠳ ᠲᠤ ᠪᠤᠳᠠᠳᠦ ᠠᠰᠢᠭ ᠬᠦᠷᠳᠡᠭᠡᠬᠦ ᠶᠠᠪᠤᠳᠠᠯ ᠪᠦᠬᠦᠨ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠦᠳᠡᠭᠡ ᠲᠤᠰᠬᠤᠨ ᠤ ᠴᠡᠭᠴᠡᠯᠡᠨ ᠵᠠᠰᠠᠯᠳᠠ ᠶᠢ ᠨᠡᠩ ᠡᠷᠴᠢᠮ ᠲᠠᠢ ᠪᠤᠯᠭᠠᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠨᠡᠩ ᠲᠤᠯᠠᠭᠠᠴᠠ ᠲᠠᠢ ᠪᠤᠯᠭᠠᠵᠦ᠂ ᠬᠦᠳᠡᠭᠡ ᠲᠤᠰᠬᠤᠨ ᠤ ᠵᠠᠩ ᠰᠤᠷᠳᠠᠯ ᠤᠨ ᠪᠤᠯᠪᠠᠰᠤᠨ ᠢ ᠤᠯᠠᠮ ᠢᠶᠠᠷ ᠰᠠᠶᠢᠵᠢᠷᠠᠭᠤᠯᠤᠨ᠎ᠠ︾ ᠭᠡᠵᠦ ᠡᠮᠦᠨᠡᠳᠦ ᠬᠤᠰᠢᠭᠤᠨ ᠤ ᠮᠠᠨᠵᠦᠲ᠋ᠦ᠋ᠨ ᠤ ᠮᠠᠨᠵᠦ ᠦᠨᠳᠦᠰᠦᠳᠡᠨ ᠤ ᠰᠢᠶᠠᠩ ᠤᠨ ᠲᠡᠳ᠋ ᠲᠠᠷᠤᠭ᠎ᠠ ᠰᠤᠷᠭᠠᠯ ᠬᠡᠯᠡᠨ᠎ᠠ᠃      ᠤᠯᠠᠭᠠᠨᠮᠣᠳᠣ ᠰᠤᠮᠤᠡ ᠤ ᠦᠪᠦᠷᠵᠢᠯᠠᠭ᠎ᠠ ᠨᠡᠶᠢᠭᠡᠮ ᠲᠣᠭᠤᠷᠢᠭ ᠤᠨ ᠠᠷᠠᠯᠵᠢᠶ᠎ᠠ ᠬᠢᠵᠦ ᠪᠠᠶᠢᠭ᠎ᠠ ᠮᠧᠢ ᠷᠦᠩ ᠲᠤᠰ ᠤᠳᠠᠭᠠᠨ ᠤ ᠬᠤᠷᠠᠯ ᠠᠴᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠵᠦ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠤᠬᠠᠢ ᠴᠢᠮᠡᠭᠡ ᠶᠢ ᠰᠤᠨᠤᠰᠤᠭᠠᠳ ᠮᠠᠰᠢ ᠪᠠᠶᠠᠷᠯᠠᠵᠠᠢ᠃ ᠤᠢᠢᠷ᠎ᠠ ᠶᠢᠨ ᠵᠢᠯ ᠠᠴᠠ ᠤᠯᠠᠭᠠᠨᠮᠣᠳᠣ ᠰᠤᠮᠦ ᠲᠠᠯ᠎ᠠ ᠨᠤᠲᠤᠭ ᠤᠨ ᠵᠤᠭᠠᠴᠠᠯ ᠤᠨ ᠲᠦᠷᠦᠯ ᠳᠡᠮᠳᠡᠭ ᠢ ᠡᠭᠦᠳᠴᠦ ᠵᠤᠭᠠᠴᠠᠯ ᠤᠨ ᠦᠢᠯᠡᠰ ᠢ ᠰᠠᠶᠢᠳᠤᠷ ᠬᠦᠭᠵᠢᠬᠦᠯᠦᠭᠰᠡᠨ ᠠᠴᠠ ᠮᠧᠢ ᠷᠦᠩ ᠴᠠᠭᠠᠨ ᠢᠳᠡᠭᠡᠨ᠂ ᠬᠠᠲᠠᠭᠠᠭᠰᠠᠨ ᠦᠬᠡᠷ ᠤᠨ ᠮᠢᠬ᠎ᠠ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠮᠠᠯᠴᠢᠨ ᠠᠶᠢᠯ ᠤᠨ ᠣᠨᠴᠠ ᠭᠠᠷᠤᠯᠲᠠ ᠶᠢ ᠬᠤᠳᠠᠯᠳᠤᠭᠠᠳ ᠴᠢᠨᠡᠭᠡᠯᠢᠭ ᠠᠮᠢᠳᠤᠷᠠᠯ ᠢ ᠡᠳ᠋ᠯᠡᠭᠰᠡᠨ ᠪᠠᠶᠢᠨ᠎ᠠ᠃ ︽ᠪᠢᠳᠡ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠦᠰᠢᠭᠯᠡᠨ ᠰᠠᠶᠢᠨ ᠰᠠᠶᠢᠬᠠᠨ ᠠᠮᠢᠳᠤᠷᠠᠯ ᠢ ᠡᠳ᠋ᠯᠡᠪᠡ᠂ ᠡᠨᠡ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠠᠷᠠᠳ ᠤᠯᠠᠨ ᠤ ᠴᠢᠨᠠᠷ ᠰᠠᠶᠢᠳᠠᠢ ᠠᠮᠢᠳᠤᠷᠠᠯ ᠢ ᠡᠭᠦᠳᠦᠨ ᠪᠦᠲᠦᠭᠡᠬᠦ ᠲᠠᠯ᠎ᠠ ᠪᠠᠷ ᠨᠡᠩ ᠶᠡᠭᠡ ᠲᠠᠪᠰᠢᠯᠳᠠ ᠲᠠᠢ ᠪᠣᠯᠭᠠᠬᠤ ᠶᠢ ᠳᠤᠷᠠᠳᠪᠠ᠂ ᠨᠠᠮ ᠤᠨ ᠲᠦᠷᠦ ᠶᠢᠨ ᠪᠤᠳᠤᠯᠭ᠎ᠠ ᠳᠤ ᠲᠦᠰᠢᠭᠯᠡᠪᠡᠯ ᠪᠢᠳᠡ ᠨᠡᠩ ᠰᠠᠶᠢᠨ ᠵᠣᠯ ᠵᠢᠷᠭᠠᠯᠲᠤ ᠠᠮᠢᠳᠤᠷᠠᠯ ᠢ ᠡᠳ᠋ᠯᠡᠨ᠎ᠡ ᠭᠡᠳᠡᠭ ᠢ ᠪᠢ ᠢᠲᠡᠭᠡᠵᠦ ᠪᠠᠶᠢᠨ᠎ᠠ︕︾ ᠭᠡᠵᠦ ᠮᠸᠢ ᠷᠦᠩ ᠪᠠᠶᠠᠷᠯᠠᠨ ᠬᠡᠯᠡᠵᠦ ᠪᠠᠶᠢᠯ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号