ᠰᠦᠭᠡ ᠲᠦᠯᠦᠭᠡᠯᠡᠭᠴᠢ᠄ ᠬᠢᠩᠭᠠᠨ ᠠᠶᠢᠮᠠᠭ ᠢ ᠪᠦᠬᠦ ᠤᠷᠤᠨ ᠪᠦᠰᠡ ᠲᠤᠮᠦ ᠦᠵᠡᠮᠵᠢ ᠶᠢᠨ ᠤᠷᠤᠨ ᠲᠤᠮᠦ ᠠᠮᠠᠷᠠᠨ ᠵᠤᠭᠠᠴᠠᠬᠤ ᠤᠷᠤᠨ ᠪᠤᠯᠭᠠᠨ᠎ᠠ
ᠨᠡᠶᠢᠲᠡᠯᠡᠭᠰᠡᠨ ᠴᠠᠭ᠄
2021/11/30
      ︽ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠳᠠᠬᠢ ᠵᠤᠭᠠᠴᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠷᠭᠡᠳᠭᠡᠬᠦ ᠲᠤᠬᠠᠢ ᠪᠠᠶᠢᠷᠢᠯᠠᠭᠤᠯᠤᠯᠳᠠ ᠨᠢ ᠬᠢᠩᠭᠠᠨ ᠠᠶᠢᠮᠠᠭ ᠤᠨ ᠵᠤᠭᠠᠴᠠᠯ ᠤᠨ ᠲᠦᠬᠦᠭᠡᠷᠦᠮᠵᠢ ᠶᠢ ᠲᠡᠬᠦᠯᠳᠡᠷᠵᠢᠬᠦᠯᠬᠦ᠂ ᠵᠤᠭᠠᠴᠠᠯ ᠤᠨ ᠦᠢᠯᠡᠰ ᠢ ᠪᠠᠶᠠᠯᠢᠭᠵᠢᠭᠤᠯᠬᠤ᠂ ᠵᠤᠭᠠᠴᠠᠯ ᠤᠨ ᠦᠢᠯᠡᠳᠬᠦᠨ ᠤ ᠬᠠᠩᠭᠠᠯᠭ᠎ᠠ ᠶᠢᠨ ᠶᠠᠰᠦ ᠴᠢᠨᠠᠷ ᠢ ᠲᠡᠭᠡᠭᠰᠢᠯᠡᠬᠦᠯᠬᠦ ᠳᠤ ᠲᠤᠳᠤᠷᠬᠠᠢ ᠴᠢᠭᠯᠡᠯ ᠢ ᠵᠢᠭᠠᠵᠦ ᠪᠠᠳᠤᠳᠠᠢ ᠵᠢᠷᠤᠮᠯᠠᠯ ᠬᠠᠩᠭᠠᠵᠠᠢ︾ ᠭᠡᠵᠦ ᠬᠢᠩᠭᠠᠨ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢ ᠰᠦᠭᠡ ᠰᠤᠷᠪᠤᠯᠵᠢᠯᠠᠭ᠎ᠠ ᠬᠦᠯᠢᠶᠡᠬᠦ ᠳᠤ ᠪᠠᠨ ᠬᠡᠯᠡᠪᠡ᠃       ᠰᠦᠭᠡ᠂ ᠬᠢᠩᠭᠠᠨ ᠠᠶᠢᠮᠠᠭ ᠪᠤᠯ ᠤᠯᠤᠰ ᠤᠨ ᠠᠮᠢ ᠠᠬᠤᠢ ᠶᠢᠨ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠬᠦᠳᠬᠦ ᠰᠠᠭᠤᠷᠢᠨ ᠭᠠᠵᠠᠷ ᠮᠦᠨ᠂ 6 ᠲᠦᠮᠡᠨ ᠲᠡᠭᠰᠢ ᠲᠦᠷᠪᠡᠯᠵᠢᠨ ᠺᠢᠯᠤᠮᠧᠳ᠋ᠷ ᠤᠨ ᠨᠤᠳᠤᠭ ᠲᠡᠪᠢᠰᠭᠡᠷ ᠤᠨ ᠬᠠᠭᠠᠰ ᠨᠢ ᠲᠠᠯ᠎ᠠ ᠨᠤᠳᠤᠭ᠂ ᠭᠤᠷᠪᠠᠨ ᠤ ᠨᠢᠭᠡ ᠨᠢ ᠤᠢ ᠰᠢᠭᠤᠢ᠂ ᠠᠷᠪᠠᠨ ᠤ ᠨᠢᠭᠡ ᠨᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ᠎ᠠ᠂ ᠪᠠᠶᠢᠭᠠᠯᠢ ᠶᠢᠨ ᠦᠩᠭᠡ ᠦᠵᠡᠮᠵᠢ ᠭᠤᠶᠢᠳᠠ ᠰᠠᠶᠢᠬᠠᠨ᠂ ᠤᠷᠤᠨ ᠨᠤᠳᠤᠭ ᠤᠨ ᠰᠤᠶᠤᠯ ᠡᠯᠪᠡᠭ ᠪᠠᠶᠠᠯᠢᠭ᠂ ᠠᠷᠠᠳ ᠤᠨ ᠵᠠᠩ ᠦᠢᠯᠡ ᠦᠪᠡᠷᠮᠢᠴᠠ ᠤᠨᠴᠠᠯᠢᠭ ᠲᠠᠢ ᠪᠠᠶᠢᠳᠠᠭ᠃ ᠵᠤᠭᠠᠴᠠᠯ ᠤᠨ ᠦᠢᠯᠡᠰ ᠪᠤᠯ ᠬᠢᠩᠭᠠᠨ ᠠᠶᠢᠮᠠᠭ ᠤᠨ ᠭᠤᠤᠯᠳᠠᠯᠭ᠎ᠠ ᠲᠠᠢ ᠬᠦᠭᠵᠢᠬᠦᠯᠬᠦ ᠲᠠᠪᠠᠭᠤᠯᠢᠭ ᠤᠨᠴᠠᠯᠢᠬᠳᠦ ᠠᠵᠦ ᠦᠢᠯᠡᠰ ᠪᠤᠯᠤᠨ᠎ᠠ ᠭᠡᠵᠦ ᠪᠠᠶᠢᠯ᠎ᠠ᠃        ᠰᠦᠭᠡ᠂ ᠬᠢᠩᠭᠠᠨ ᠠᠶᠢᠮᠠᠭ ᠵᠦᠷᠢᠶᠡᠴᠢᠯᠡᠭᠰᠡᠨ ᠲᠡᠭᠡᠳᠦ ᠲᠡᠰᠵᠢᠭᠰᠡᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠶᠢ ᠪᠠᠷᠢᠮᠳᠠᠯᠠᠵᠦ᠂ ᠪᠦᠬᠦ ᠤᠷᠤᠨ ᠪᠦᠰᠡ᠂ ᠪᠦᠬᠦ ᠤᠯᠠᠷᠢᠯ᠂ ᠪᠦᠬᠦ ᠠᠷᠠᠳ᠂ ᠪᠦᠷᠢᠨ ᠡᠵᠡᠩᠨᠡᠯᠳᠡ᠂ ᠪᠦᠬᠦ ᠡᠯᠧᠮᠧᠨ᠋ᠳ᠋ᠴᠢᠯᠡᠭᠰᠡᠨ ᠵᠤᠭᠠᠴᠠᠯ ᠤᠨ ᠦᠢᠯᠡᠰ ᠢ ᠬᠦᠭᠵᠢᠬᠦᠯᠬᠦ ᠪᠠᠷ ᠭᠠᠷᠳᠠᠴᠠ ᠪᠤᠯᠭᠠᠵᠦ᠂ ᠬᠢᠩᠭᠠᠨ ᠠᠶᠢᠮᠠᠭ ᠤᠨ ᠵᠤᠭᠠᠴᠠᠯ ᠢ ᠷᠠᠰᠢᠶᠠᠨ ᠤ ︽ᠬᠦᠪᠴᠢ ᠤᠢ ᠷᠠᠰᠢᠶᠠᠨ ᠤᠰᠤ︾ ᠠᠴᠠ ᠤᠯᠠᠭᠠᠨᠬᠤᠳᠠ ᠶᠢᠨ ︽ᠬᠤᠪᠢᠰᠬᠠᠯᠳᠤ ᠤᠷᠤᠨ ᠤ ᠵᠤᠭᠠᠴᠡᠯ︾ ᠬᠦᠷᠳᠡᠯ᠎ᠠ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ︽ᠪᠠᠳᠤᠴᠠᠭᠠᠨ ᠤ ᠦᠵᠡᠮᠵᠢ ᠠᠳᠤᠭᠤᠨ ᠰᠤᠶᠤᠯ ᠤᠨ ᠨᠤᠳᠤᠭ︾ ᠠᠴᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ︽ᠬᠠᠩᠭᠠᠢ ᠨᠤᠳᠤᠭ︾ ᠬᠦᠷᠳᠡᠯ᠎ᠠ᠂ ᠵᠠᠯᠠᠶᠢᠳ ᠬᠤᠰᠢᠭᠤᠨ ᠤ ︽ᠪᠤᠭᠳᠠ ᠠᠭᠤᠯᠠᠨ ᠤ ᠬᠤᠪᠤᠷ ᠰᠢᠪᠠᠭᠤᠳ︾ ᠠᠴᠠ ᠲᠦᠴᠢᠤᠸᠠᠨ ᠰᠢᠶᠠᠨ ᠤ ︽ᠴᠦᠨ ᠵᠸᠦ ᠶᠢᠨ ᠡᠷᠳᠡᠨ ᠤ ᠬᠤᠳᠠ︾ ᠬᠦᠷᠳᠡᠯ᠎ᠠ᠂ ᠪᠦᠬᠦ ᠠᠶᠢᠮᠠᠭ ᠤᠨ ᠵᠤᠭᠠᠴᠡᠯ ᠢ ᠡᠮᠦᠨ᠎ᠡ ᠠᠴᠠ ᠤᠮᠠᠷ᠎ᠠ ᠬᠦᠷᠳᠡᠯ᠎ᠠ ᠪᠦᠷ ᠬᠦᠭᠵᠢᠶᠡᠨᠳᠡᠢ᠂ ᠵᠢᠯ ᠤᠨ ᠲᠦᠷᠪᠡᠨ ᠤᠯᠠᠷᠢᠯ ᠳᠤ ᠪᠦᠷ ᠪᠠᠳᠠᠷᠠᠩᠭᠤᠢ ᠪᠤᠯᠭᠠᠬᠤ ᠪᠠᠷ ᠴᠢᠷᠮᠠᠶᠢᠨ᠎ᠠ ᠭᠡᠵᠦ ᠢᠯᠡᠳᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号