ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠶᠡᠭᠡ ᠰᠢᠮᠳᠠᠭᠤᠯᠤᠨ | ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠡᠷᠡᠭᠴᠡᠭᠡ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠪᠠ ᠵᠠᠰᠠᠭ ᠤᠨ ᠣᠷᠳᠣᠨ ᠤ ᠪᠡᠯᠡ | ᠮᠥᠩᠭᠦ ᠶᠢ ᠰᠠᠶᠢᠲᠤᠷ ᠬᠡᠷᠡᠭᠯᠡᠬᠦ ᠶᠢᠨ ᠲᠣᠭᠤᠷᠢᠨ ᠳᠤ ᠠᠵᠢᠯ ᠢᠶᠠᠨ ᠪᠣᠳᠠᠲᠠᠢ ᠪᠠᠷ ᠠᠳᠬᠤᠬᠤ ᠬᠡᠷᠡᠭᠲᠡᠢ ᠭᠡᠵᠦ | ᠱᠠᠭᠠᠷᠳᠠᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ | ᠬᠡᠷᠡᠭᠲᠡᠢ ᠭᠡᠵᠡᠢ᠃ ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 3 ᠤ ᠡᠳᠦᠷ ᠤᠨ ᠴᠠᠬᠢᠯᠭᠠᠨ | ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ | 2 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ᠂ | ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠪᠠ ᠵᠠᠰᠠᠭ ᠤᠨ ᠣᠷᠳᠣᠨ ᠤ ᠪᠡᠯᠡ ᠮᠥᠩᠭᠦ ᠶᠢ ᠰᠠᠶᠢᠲᠤᠷ | ᠬᠡᠷᠡᠭᠯᠡᠬᠦ ᠶᠢᠨ ᠲᠣᠭᠤᠷᠢᠨ ᠳᠤ ᠠᠵᠢᠯ ᠢᠶᠠᠨ ᠪᠣᠳᠠᠲᠠᠢ ᠳᠤ ᠠᠳᠬᠤᠬᠤ ᠬᠡᠷᠡᠭᠲᠡᠢ ᠭᠡᠵᠦ ᠱᠠᠭᠠᠷᠳᠠᠪᠠ︔ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠠᠬᠢᠭᠤᠯᠬᠤ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠡᠢ᠃ | | ᠬᠤᠷᠠᠯ ᠠᠴᠠ ᠵᠢᠭᠠᠬᠤ ᠳᠤ ᠪᠠᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ᠤᠢᠢᠷ᠎ᠠ ᠶᠢᠨ ᠬᠤᠭᠤᠴᠠᠭᠠᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ 16 | ᠮᠤᠵᠢ ︵ᠣᠷᠣᠨ᠂ ᠬᠤᠳᠠ︶ ᠳᠤ ᠲᠤᠬᠠᠢ ᠶᠢᠨ ᠭᠠᠵᠠᠷ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠵᠡᠢ᠃ | ᠰᠢᠮᠳᠠᠭᠤᠯᠤᠨ ᠪᠠᠶᠢᠴᠠᠭᠠᠬᠤ ᠠᠵᠢᠯ ᠨᠢ ᠠᠷᠭ᠎ᠠ ᠮᠠᠶ᠋ᠢᠭ ᠲᠤ ᠪᠠᠨ ᠰᠢᠨ᠎ᠡ ᠶᠢ ᠡᠭᠦᠳᠦᠨ ᠦᠨᠳᠦᠰᠦᠨ ᠱᠠᠲᠤᠨ ᠳᠤ | ᠰᠢᠭᠤᠳ ᠬᠦᠷᠴᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠬᠤ ᠶᠢ | ᠴᠢᠬᠤᠯᠠᠴᠢᠯᠠᠭᠰᠠᠨ ᠪᠠᠷ ᠪᠠᠷᠠᠬᠤ ᠥᠬᠡᠶ ᠣᠷᠣᠨ ᠨᠤᠲᠤᠭ᠂ ᠠᠵᠤ ᠠᠬᠤᠶᠢᠯᠠᠯ ᠤᠨ ᠠᠰᠠᠭᠤᠳᠠᠯ ᠢ ᠬᠠᠪᠰᠤᠷᠤᠨ | ᠰᠢᠢᠳᠪᠦᠷᠢᠯᠡᠬᠦ ᠶᠢ ᠴᠢᠬᠤᠯᠠᠴᠢᠯᠠᠪᠠ᠃ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠡᠨᠡ ᠵᠢᠯ ᠠᠴᠠ | ᠨᠠᠭᠠᠰᠢ ᠡᠯ᠎ᠡ ᠭᠠᠵᠠᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠳᠤ ᠪᠠᠨ ᠢᠳᠡᠪᠬᠢᠲᠡᠶ | ᠦᠷ᠎ᠡ ᠪᠦᠲᠦᠮᠵᠢ ᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠳ ᠨᠢᠭᠡᠨᠲᠡ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠰᠢᠮᠳᠠᠭᠤᠯᠤᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠢᠯ ᠤᠨ ᠴᠢᠭᠯᠡᠭᠦᠯᠤᠯᠳᠤ ᠴᠢᠨᠠᠷ᠂ ᠪᠦᠳᠤᠮᠵᠢᠳᠤ ᠴᠢᠨᠠᠷ ᠢ ᠤᠯᠠᠮ ᠨᠢᠭᠡ | ᠠᠯᠬᠤᠮ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ | ᠪᠠᠲᠤᠯᠠᠬᠤ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠨᠡᠨ ᠬᠦ ᠬᠠᠪᠰᠤᠷᠴᠤ | ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ᠵᠠᠷᠢᠮ ᠭᠠᠵᠠᠷ ᠣᠷᠣᠨ ᠤ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠬᠦᠴᠦᠯᠡᠴᠡ ᠴᠢᠩᠭ᠎ᠠ ᠪᠤᠰᠤ ᠠᠴᠠ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ | ᠥᠰᠴᠦ ᠥᠪᠡᠷ ᠤᠨ ᠦᠷᠳᠡᠭ ᠨᠢ ᠨᠡᠮᠡᠭᠳᠡᠭᠰᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠩᠰᠠᠨ ᠤ | ᠵᠣᠭᠤᠰ ᠥᠷᠢᠲᠦᠭᠰᠡᠨ ᠵᠡᠷᠭᠡ ᠠᠰᠠᠭᠤᠳᠠᠯ ᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠶᠢ ᠠᠬᠢᠭᠤᠯᠬᠤ | ᠬᠡᠷᠡᠭᠲᠡᠶ᠃ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠰᠢᠨ᠎ᠡ ᠬᠦᠴᠢᠷᠳᠡᠯ ᠤᠨ ᠡᠮᠦᠨ᠎ᠡ᠂ ᠤᠷᠢᠳᠴᠢᠯᠠᠭᠰᠠᠨ ᠲᠣᠬᠢᠷᠠᠭᠤᠯᠤᠯᠲᠠ ᠪᠠ ᠪᠢᠴᠢᠯ ᠲᠣᠬᠢᠷᠠᠭᠤᠯᠤᠯᠲᠠ ᠶᠢ | ᠪᠦᠲᠦᠮᠵᠢᠲᠡᠶ ᠪᠠᠷ ᠬᠡᠷᠡᠭᠵᠢᠭᠦᠯᠬᠦ ᠬᠡᠷᠡᠭᠲᠡᠢ᠃ ᠬᠤᠶᠠᠷ ᠲᠤ᠂ ᠠᠷᠠᠳ ᠤᠨ ᠠᠮᠢᠳᠤᠷᠠᠯ ᠤᠨ ᠬᠦᠴᠢᠷᠳᠡᠯ ᠲᠦᠪᠡᠭᠳᠡᠯ ᠢ | ᠴᠢᠷᠮᠠᠶᠢᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠢ ᠦᠨᠡᠨ ᠬᠦ ᠪᠣᠳᠣᠯᠬᠢᠯᠠᠵᠤ᠂ | ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠵᠠᠷᠢᠮ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ᠂ ᠡᠮᠴᠢᠯᠡᠭᠡ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠲᠠᠯ᠎ᠠ ᠶᠢᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠪᠠᠷ ᠰᠠᠶᠢᠲᠤᠷ ᠬᠢᠵᠦ ᠴᠢᠳᠠᠭ᠎ᠠ ᠦᠭᠡᠢ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠤ ᠠᠩᠬᠠᠷᠤᠯ ᠳᠤ ᠬᠠᠷᠢᠭᠤ ᠲᠤᠰᠬᠠᠯ ᠭᠠᠷᠭᠠᠵᠤ᠂ ᠬᠤᠲᠠ ᠶᠢᠨ | ᠳᠠᠷᠤᠭ᠎ᠠ ᠶᠢᠨ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠨ᠂ ᠮᠢᠬ᠎ᠠ ᠥᠨᠳᠡᠭᠡ | ᠨᠣᠭᠤᠭ᠎ᠠ ᠪᠠ ᠪᠤᠰᠤᠳ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ᠂ ᠠᠵᠤ ᠠᠬᠤᠶ ᠶᠢᠨ ᠲᠣᠭᠲᠠᠭᠤᠨ | ᠠᠵᠢᠯᠯᠠᠭᠠᠨ ᠪᠠ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠭᠤᠷᠪᠠ ᠳᠤ᠂ | ᠵᠠᠰᠠᠭ ᠤᠨ ᠣᠷᠳᠣᠨ ᠤ ᠤᠯᠠᠨ ᠨᠡᠶᠢᠲᠡ ᠶᠢᠨ ᠵᠠᠷᠤᠯᠭ᠎ᠠ ᠶᠢ ᠵᠢᠷᠤᠮᠵᠢᠭᠤᠨ ᠪᠦᠲᠦᠮᠵᠢᠲᠡᠶ ᠪᠠᠷ ᠰᠠᠶᠢᠲᠤᠷ ᠬᠡᠷᠡᠭᠯᠡᠬᠦ | ᠬᠡᠷᠡᠭᠲᠡᠶ᠃ ︽ᠥᠩᠭᠡᠨ ᠲᠠᠯ᠎ᠠ︾ ᠶᠢᠨ ᠢᠨᠵᠧᠨᠧᠷᠢᠩ ᠢ ᠡᠷᠡᠰ ᠲᠠᠰᠤ ᠵᠣᠭᠰᠣᠭᠠᠵᠤ᠂ ︽ᠦᠨᠡᠨ ᠪᠣᠳᠠᠲᠠᠢ︾ | ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠡᠳ᠋ ᠤᠨ ᠵᠠᠰᠠᠭ ᠤᠨ ᠬᠤᠪᠣᠷ ᠨᠠᠨᠳᠢᠨ ᠪᠠᠯᠠ ᠮᠥᠩᠭᠦ ᠶᠢ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠳᠡᠮᠵᠢᠬᠦ ᠪᠠ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠳᠤ ᠬᠡᠷᠡᠭᠯᠡᠬᠦ | ᠬᠡᠷᠡᠭᠲᠡᠢ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ | ᠴᠡᠭᠡᠷᠯᠡᠵᠦ᠂ ᠥᠯᠥ ᠦᠢᠯᠡᠳᠬᠦᠢ᠂ ᠳᠤᠷ᠎ᠠ ᠪᠠᠷ ᠦᠢᠯᠡᠳᠬᠦᠢ᠂ ︽ᠦᠬᠡᠨᠴᠡ ᠵᠠᠰᠠᠭ︾᠂ ︽ᠬᠤᠶᠢᠷᠭᠤ ᠵᠠᠰᠠᠭ︾ | ᠵᠡᠷᠭᠡ ᠠᠵᠢᠯᠯᠠᠭ᠎ᠠ ᠶᠢ ᠡᠷᠡᠰ ᠡᠰᠡᠷᠭᠦᠴᠡᠬᠦ ᠬᠡᠷᠡᠭᠲᠡᠢ᠃ ᠣᠷᠣᠨ ᠨᠤᠲᠤᠭ ᠤᠨ ᠬᠡᠷᠡᠭᠵᠢᠭᠦᠯᠦᠭᠰᠡᠨ ᠦᠷ᠎ᠡ | ᠪᠦᠲᠦᠮᠵᠢ ᠪᠠᠷ ᠶᠡᠭᠡ᠂ ᠠᠵᠤ ᠠᠬᠤᠶᠢᠯᠠᠯ ᠪᠠ ᠤᠯᠠᠨ ᠲᠦᠮᠡᠨ ᠤ ᠬᠦᠷᠢᠶᠡᠯᠡᠯ ᠢ ᠣᠯᠤᠭᠰᠠᠨ ᠠᠷᠭ᠎ᠠ ᠬᠡᠮᠵᠢᠶ᠎ᠡ ᠶᠢ | ᠳᠡᠯᠭᠡᠷᠡᠭᠦᠯᠵᠦ᠂ ᠣᠷᠣᠨ ᠨᠤᠲᠤᠭ ᠤᠨ ᠲᠤᠰᠬᠠᠭᠰᠠᠨ ᠬᠠᠪᠰᠤᠷᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠳᠤᠯᠵᠤ ᠪᠠᠶᠢᠭᠠᠳ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠬᠤᠷᠠᠯ ᠠᠴᠠ ᠵᠢᠭᠠᠬᠤ ᠳᠤ ᠪᠠᠨ᠂ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ ᠠᠵᠢᠯ ᠪᠣᠯ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠵᠦᠢᠯ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠤᠨ ᠪᠠᠶᠢᠳᠠᠯ ᠪᠠ ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ᠂ | ᠵᠢᠮ᠎ᠡ ᠶᠣᠰᠣ ᠶᠢ ᠵᠢᠷᠤᠮᠯᠠᠨ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠠᠷᠢᠶᠠᠯᠠᠩ ᠪᠠ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠠᠬᠢᠭᠤᠯᠵᠤ᠂ ᠲᠠᠷᠢᠶᠠᠯᠠᠩ ᠤᠨ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠨ | ᠪᠠᠲᠤᠯᠠᠬᠤ ᠴᠢᠳᠠᠪᠤᠷᠢ ᠶᠢ ᠨᠡᠮᠡᠭᠳᠡᠭᠦᠯᠵᠦ᠂ ᠲᠠᠷᠢᠶᠠᠴᠢᠳ ᠤᠨ ᠠᠮᠢᠳᠤᠷᠠᠯ ᠤᠨ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠨᠢᠭᠡ ᠳᠤ᠂ ᠲᠠᠷᠢᠶᠠᠯᠠᠩ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠲᠠᠷᠢᠶᠠᠨ | ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ ᠲᠠᠷᠢᠬᠤ | ᠲᠠᠯᠠᠪᠠᠢ ᠶᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ | ᠳᠡᠭᠡᠭᠰᠢ ᠪᠠᠶᠢᠯᠭᠠᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ | ᠪᠠᠲᠤᠯᠠᠵᠤ᠂ ᠨᠥᠭᠡᠴᠡᠯᠡᠬᠦ ᠪᠠ ᠵᠠᠬ᠎ᠠ ᠳᠡᠯᠭᠡᠭᠦᠷ ᠤᠨ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠠᠭᠤᠷᠢ ᠰᠤᠳᠤᠯᠭᠠᠨ ᠢ ᠳᠡᠮᠵᠢᠨ᠎ᠡ᠃ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ | ᠲᠣᠨᠣᠭᠯᠠᠯ ᠵᠡᠷᠭᠡ ᠶᠢ ᠲᠥᠷᠭᠡᠪᠴᠢᠯᠡᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ | ᠲᠥᠪᠯᠡᠷᠡᠭᠦᠯᠦᠨ᠎ᠡ᠃ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠵᠤ᠂ ᠲᠤᠰᠬᠠᠶᠢᠵᠢᠭᠰᠠᠨ ᠮᠥᠷᠲᠡᠭᠡᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠭᠤᠷᠪᠠ ᠳᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠲᠥᠷᠭᠡᠳᠬᠡᠨ᠎ᠡ᠃ ᠬᠥᠳᠡᠭᠡ ᠲᠣᠰᠬᠤᠨ ᠤ ᠠᠵᠤ ᠦᠢᠯᠡᠰ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠩ ᠤᠯᠠᠨ ᠠᠵᠢᠯ ᠣᠯᠭᠤᠯᠲᠠ ᠶᠢᠨ ᠲᠣᠬᠢᠶᠠᠯ ᠪᠠ ᠦᠷᠳᠡᠭ | ᠨᠡᠮᠡᠭᠳᠡᠯ ᠤᠨ ᠠᠰᠢᠭ ᠣᠷᠣᠯᠭ᠎ᠠ ᠶᠢ ᠲᠠᠷᠢᠶᠠᠴᠢᠳ ᠲᠤ ᠣᠯᠭᠤᠨ᠎ᠠ᠃ ᠲᠠᠷᠢᠶᠠᠯᠠᠩ ᠬᠢᠭᠡᠳ ᠵᠢᠭᠤᠯᠴᠢᠯᠠᠯ᠂ ᠰᠤᠷᠭᠠᠨ | ᠬᠥᠮᠦᠵᠢᠯ ᠵᠡᠷᠭᠡ ᠶᠢᠨ ᠠᠭᠤᠰᠤᠯᠴᠠᠯ ᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠲᠤᠰᠬᠠᠶ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠠᠵᠤ ᠦᠢᠯᠡᠳᠪᠦᠷᠢ | ᠬᠤᠳᠠᠯᠳᠤᠭᠠᠨ ᠤ ᠥᠮᠴᠢᠲᠡᠨ ᠵᠡᠷᠭᠡ ᠶᠢᠨ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ | ᠲᠦᠷᠪᠡ ᠳᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠪᠤ ᠳᠤ᠂ ᠬᠥᠳᠡᠭᠡ ᠲᠣᠰᠬᠤᠨ ᠤ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ | ᠨᠡᠶᠢᠭᠡᠮ ᠤᠨ ᠬᠦᠷᠦᠩᠭᠡ ᠶᠢᠨ ᠲᠠᠷᠢᠶᠠᠯᠠᠩ ᠬᠥᠳᠡᠭᠡ ᠲᠣᠰᠬᠤᠨ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃ | ᠵᠢᠷᠭᠤᠭ᠎ᠠ ᠳᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠤᠨ᠎ᠠ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |