| | | | 11 ᠰᠠᠷ᠎ᠠ ᠶᠢᠨ 3 ᠤ ᠡᠲᠤᠷ᠂ 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠬᠢᠬᠦᠯᠤᠨ ᠱᠠᠩᠨᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠥᠪᠡᠲᠡᠭᠰᠢ | ᠶᠡᠭᠡ ᠪᠠᠷ ᠶᠠᠪᠤᠬᠲᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 2020 ᠣᠨ ᠤ ᠤᠯᠤᠰ ᠤᠨ | ᠬᠠᠮᠤᠭ ᠤᠨ ᠲᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠳᠤᠮᠳᠠᠳᠤ ᠤᠯᠤᠰ ᠤᠨ | ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠥᠯᠥᠭᠯᠡᠯ ᠤᠨ ᠬᠢᠵᠠᠭᠠᠷᠲᠤ ᠺᠣᠮᠫᠠᠨᠢ ᠶᠢᠨ ᠬᠦ᠋ ᠰᠦᠩ ᠹᠧᠨ | ᠠᠺᠠᠳᠧᠮᠢᠴᠢ ︵ᠪᠠᠷᠠᠭᠤᠨᠲᠡᠬᠢ︶ ᠪᠣᠯᠤᠨ ᠴᠢᠩᠬᠤᠸᠠ ᠶᠡᠭᠡ ᠰᠤᠷᠭᠠᠭᠤᠯᠢ ᠶᠢᠨ ᠸᠠᠩ ᠳ᠋ᠠ ᠵᠦᠩ ᠠᠺᠠᠳᠧᠮᠢᠴᠢ ︵ | ᠵᠡᠬᠦᠨᠲᠡᠬᠢ︶ ᠳᠤ ᠱᠠᠩᠨᠠᠯ ᠭᠠᠷᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠲᠡᠷᠯᠡᠪᠡ | | | | | 11 ᠰᠠᠷ᠎ᠠ ᠶᠢᠨ 3 ᠤ ᠡᠲᠤᠷ᠂ 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠬᠢᠬᠦᠯᠤᠨ ᠱᠠᠩᠨᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠥᠪᠡᠲᠡᠭᠰᠢ | ᠶᠡᠭᠡ ᠪᠠᠷ ᠶᠠᠪᠤᠬᠲᠠᠪᠠ᠃ ᠬᠤᠷᠠᠯ ᠠᠴᠠ ᠡᠮᠦᠨ᠎ᠡ᠂ ᠨᠠᠮ ᠪᠠ ᠲᠥᠷᠥ ᠶᠢᠨ ᠤᠳᠤᠷᠢᠳᠬᠤ ᠬᠥᠮᠦᠰ ᠰᠢ ᠶᠢᠨ ᠫᠢᠩ᠂ | ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠨᠠᠷ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠬᠦᠷᠲᠡᠭᠰᠡᠨ ᠲᠥᠯᠥᠭᠡᠯᠡᠭᠴᠢᠳ ᠲᠠᠢ ᠠᠭᠤᠯᠵᠠᠵᠤ᠂ ᠤᠯᠠᠨ ᠲᠠᠢ ᠬᠠᠮᠲᠤ ᠶᠢᠨ ᠬᠡᠷᠡᠯ ᠵᠢᠷᠤᠬ ᠲᠠᠲᠠᠭᠤᠯᠵᠤ | ᠳᠤᠷᠠᠰᠬᠠᠯ ᠦᠯᠡᠳᠡᠭᠡᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠲᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 3 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ | ᠂ ᠲᠥᠷᠥ ᠶᠢᠨ ᠶᠠᠪᠤᠳᠠᠯ ᠤᠨ ᠬᠤᠷᠢᠶ᠎ᠠ 3 ᠤ ᠦᠳᠡ ᠶᠢᠨ ᠡᠮᠦᠨ᠎ᠡ ᠪᠡᠭᠡᠵᠢᠩ ᠳᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠬᠦᠯᠥᠨ ᠱᠠᠩᠨᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ | ᠰᠢ ᠶᠢᠨ ᠫᠢᠩ᠂ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠵᠡᠷᠭᠡ ᠨᠠᠮ ᠪᠠ ᠲᠥᠷᠥ ᠶᠢᠨ ᠤᠳᠤᠷᠢᠳᠬᠤ | ᠬᠥᠮᠦᠰ ᠶᠡᠭᠡ ᠬᠤᠷᠠᠯ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠳ ᠤᠨ ᠲᠥᠯᠥᠭᠡᠯᠡᠭᠴᠢᠳ ᠲᠤ ᠱᠠᠩᠨᠠᠯ | ᠭᠠᠷᠳᠠᠭᠤᠯᠪᠠ᠃ ᠯᠢ ᠺᠧ ᠴᠢᠶᠠᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠡᠮᠦᠨ᠎ᠡ ᠠᠴᠠ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠬᠠᠨ ᠵᠧᠩ ᠶᠡᠭᠡ ᠬᠤᠷᠠᠯ ᠢ ᠡᠷᠬᠢᠯᠡᠵᠠᠢ᠃ | ᠦᠳᠡ ᠶᠢᠨ ᠡᠮᠦᠨᠡᠬᠢ 10 ᠴᠠᠭ 20 ᠮᠢᠨᠦ᠋ᠲ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ | ᠰᠦᠯᠳᠡ ᠳᠠᠭᠤᠤ ᠶᠢᠨ ᠳᠤᠮᠳᠠ ᠡᠬᠢᠯᠡᠪᠡ᠃ | ᠬᠠᠯᠠᠭᠤᠨ ᠠᠯᠠᠭ᠎ᠠ ᠳᠠᠰᠢᠯᠲᠠ ᠶᠢᠨ ᠳᠤᠮᠳᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠡᠩ | ᠲᠡᠷᠢᠭᠦᠨ ᠳᠤ 2020 ᠣᠨ ᠤ ᠤᠯᠤᠰ ᠤᠨ ᠬᠠᠮᠤᠭ ᠤᠨ ᠲᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠬᠦᠷᠲᠡᠭᠰᠡᠨ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠥᠯᠥᠭᠯᠡᠯ ᠤᠨ | ᠬᠢᠵᠠᠭᠠᠷᠲᠤ ᠺᠣᠮᠫᠠᠨᠢ ᠶᠢᠨ ᠬᠦ᠋ ᠰᠦᠩ ᠹᠧᠨ ᠠᠺᠠᠳᠧᠮᠢᠴᠢ ᠪᠣᠯᠤᠨ ᠴᠢᠩᠬᠤᠸᠠ ᠶᠡᠭᠡ ᠰᠤᠷᠭᠠᠭᠤᠯᠢ ᠶᠢᠨ ᠸᠠᠩ ᠳ᠋ᠠ | ᠵᠦᠩ ᠠᠺᠠᠳᠧᠮᠢᠴᠢ ᠳᠤ ᠱᠠᠩᠨᠠᠯ ᠤᠨ ᠳᠡᠮᠳᠡᠭ᠂ ᠦᠨᠡᠮᠯᠡᠯ ᠭᠠᠷᠳᠠᠭᠤᠯᠵᠦ᠂ ᠲᠡᠳᠡᠨ ᠲᠠᠢ ᠬᠠᠯᠠᠭᠤᠨ ᠢᠶᠠᠷ ᠭᠠᠷ | ᠠᠳᠬᠤᠵᠤ ᠪᠠᠶᠠᠷ ᠬᠦᠷᠭᠡᠭᠰᠡᠨ ᠪᠥᠭᠡᠳ ᠲᠡᠳᠡᠨ ᠢ ᠲᠡᠷᠢᠭᠦᠯᠡᠭᠴᠢ ᠶᠢᠨ ᠲᠠᠶᠢᠰᠠᠨ ᠳᠤ ᠵᠠᠯᠠᠪᠠ᠃ ᠲᠠᠷᠠᠭ᠎ᠠ ᠨᠢ᠂ | ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠦᠰ ᠬᠤᠶᠠᠷ ᠨᠠᠷᠠᠰ ᠬᠠᠮᠤᠭ ᠤᠨ ᠲᠡᠭᠡᠳᠦ ᠱᠠᠩᠨᠠᠯ | ᠬᠦᠷᠳᠡᠭᠴᠢ ᠲᠠᠢ ᠬᠠᠮᠲᠤ ᠪᠠᠷ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ | ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠲᠠ ᠶᠢᠨ ᠱᠠᠩᠨᠠᠯ ᠬᠦᠷᠲᠡᠭᠰᠡᠳ ᠤᠨ ᠲᠥᠯᠥᠭᠡᠯᠡᠭᠴᠢ ᠳᠤ ᠦᠨᠡᠮᠯᠡᠯ ᠭᠠᠷᠲᠠᠭᠤᠯᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠶᠠᠷᠢᠶᠠᠨ ᠳᠠᠭᠠᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠱᠠᠩᠨᠠᠯ ᠬᠦᠷᠲᠡᠭᠰᠡᠡ ᠪᠦᠬᠦ ᠬᠥᠮᠦᠰ ᠲᠤ ᠬᠠᠯᠠᠭᠤᠨ ᠪᠠᠶᠠᠷ | ᠬᠦᠷᠭᠡᠵᠦ᠂ ᠪᠦᠬᠦ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠳᠤ | ᠡᠷᠬᠢᠮ ᠳᠡᠭᠡᠳᠦ ᠬᠦᠨᠳᠦᠳᠭᠡᠯ ᠳᠡᠪᠰᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠰ ᠲᠤ ᠣᠷᠣᠯᠴᠠᠭᠰᠠᠨ ᠪᠠ ᠳᠡᠮᠵᠢᠭᠰᠡᠨ ᠭᠠᠳᠠᠭᠠᠳᠤ ᠶᠢᠨ ᠲᠤᠰᠬᠠᠢ ᠮᠡᠷᠭᠡᠵᠢᠯᠲᠡᠳ ᠲᠤ ᠴᠢᠩ ᠰᠡᠳᠭᠢᠯ ᠤᠨ | ᠲᠠᠯᠠᠷᠬᠠᠯ ᠢᠶᠠᠨ ᠳᠡᠪᠰᠢᠭᠦᠯᠪᠡ᠃ | ᠯᠢ ᠺᠧ ᠴᠢᠶᠠᠩ᠂ ᠮᠠᠨ ᠤ ᠨᠠᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠬᠦᠨᠳᠦᠳᠭᠡᠨ | ᠬᠠᠯᠠᠮᠵᠢᠯᠠᠬᠰᠠᠭᠠᠷ ᠢᠷᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ | ᠣᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠡᠷᠡᠮᠡᠬᠡᠶᠢᠯᠡᠨ ᠲᠡᠮᠡᠴᠡᠵᠦ ᠬᠤᠪᠢ | ᠨᠡᠮᠡᠷᠢ ᠦᠵᠡᠭᠦᠯᠵᠦ᠂ ᠵᠣᠷᠢᠭᠲᠠᠢ ᠪᠠᠷ ᠨᠣᠶᠠᠨ ᠤᠷᠬᠢᠯ ᠳᠤ ᠠᠪᠠᠷᠢᠵᠤ᠂ ᠭᠡᠷᠡᠯ ᠰᠠᠴᠤᠷᠠᠩᠭᠤᠢ ᠬᠠᠭᠤᠳᠠᠰᠤ ᠶᠢ | ᠪᠢᠴᠢᠭᠯᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ᠂ | ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠪᠡ᠃ | ᠮᠠᠨ ᠤ ᠤᠯᠤᠰ ᠨᠢᠭᠡᠨᠲᠡ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢᠶᠠᠨ ᠡᠬᠢᠯᠡᠭᠦᠯᠪᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠴᠤᠬᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠶᠢ | ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ | ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠡᠭᠦᠳᠦᠨ ᠪᠦᠲᠦᠭᠡᠬᠦ ᠲᠠᠯᠳᠠ ᠬᠦᠴᠦᠨ ᠢ | ᠥᠷᠭᠡᠨ ᠢᠶᠠᠷ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ ᠭᠡᠵᠤ ᠬᠡᠯᠡᠪᠡ᠃ | ᠯᠢ ᠺᠧ ᠴᠢᠶᠠᠩ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠦᠷᠭᠡᠳᠭᠡᠵᠦ᠂ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠠᠬᠢᠭᠤᠯᠵᠤ᠂ ︽ᠲᠤᠩᠬᠠᠭ | ᠨᠡᠶᠢᠲᠡᠯᠡᠨ ᠮᠠᠩᠯᠠᠶᠢᠯᠠᠭᠴᠢ ᠡᠯᠰᠡᠬᠦ︾ ᠵᠡᠷᠭᠡ ᠲᠣᠭᠲᠠᠴᠠ ᠶᠢ ᠳᠡᠯᠭᠡᠷᠡᠭᠦᠯᠵᠦ᠂ ᠰᠢᠨ᠎ᠡ ᠶᠢ ᠡᠭᠦᠳᠬᠦ ᠲᠤᠷᠠᠳᠠᠢ᠂ | ᠰᠢᠨ᠎ᠡ ᠶᠢ ᠡᠭᠦᠳᠬᠦ ᠵᠤᠷᠢᠭᠳᠠᠢ᠂ ᠰᠢᠨ᠎ᠡ ᠶᠢ ᠡᠭᠦᠳᠴᠦ ᠳᠡᠶᠢᠯᠬᠦ ᠬᠥᠮᠦᠰ ᠲᠤ ᠡᠷᠳᠡᠮ ᠴᠢᠳᠠᠪᠤᠷᠢ ᠪᠠᠨ ᠦᠵᠡᠭᠦᠯᠬᠦ | ᠲᠣᠬᠢᠶᠠᠯ ᠣᠯᠭᠤᠬᠤ ᠬᠡᠷᠡᠭᠲᠡᠢ᠃ ᠰᠠᠭᠤᠷᠢ ᠰᠤᠳᠤᠯᠭᠠᠨ ᠢ ᠴᠥᠬᠦᠷᠡᠰᠢ ᠥᠬᠡᠶ ᠴᠢᠩᠭᠠᠳᠬᠠᠵᠤ᠂ ᠰᠢᠨᠵᠢᠯᠡᠬᠦ | ᠤᠬᠠᠭᠠᠨ ᠤ ᠵᠢᠮ᠎ᠡ ᠶᠣᠰᠣ ᠶᠢ ᠬᠦᠨᠳᠦᠳᠭᠡᠨ᠂ ᠴᠢᠯᠥᠭᠡᠲᠡᠶ ᠬᠠᠶᠢᠨ ᠰᠦᠪᠡᠭᠴᠢᠯᠡᠬᠦ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠤᠲᠠᠭᠠᠨ ᠵᠢᠯ ᠤᠨ ᠰᠢᠷᠭᠠᠭᠤ | ᠴᠢᠷᠮᠠᠶᠢᠯᠭ᠎ᠠ ᠶᠢᠨ ᠲᠣᠭᠲᠠᠯ ᠬᠦᠴᠦᠨ ᠪᠠ ᠲᠡᠰᠪᠦᠷᠢ ᠲᠡᠪᠴᠢᠶᠡᠷᠢ ᠶᠢ ᠪᠠᠲᠤᠯᠠᠨ᠂ ᠣᠷᠳᠣ ᠬᠤᠭᠤᠴᠠᠭ᠎ᠠ ᠪᠠᠷ | ᠲᠣᠭᠲᠠᠭᠤᠨ ᠢᠶᠠᠷ ᠳᠡᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠪᠠ ᠨᠡᠶᠢᠭᠡᠮ ᠤᠨ ᠡᠳ᠋ ᠬᠥᠷᠥᠩᠭᠡ ᠶᠢᠨ | ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ᠰᠠᠭᠤᠷᠢ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠢᠨᠵᠢᠯᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ᠃ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠯ ᠢ | ᠠᠭᠤᠴᠢᠯᠠᠠ ᠪᠠᠭᠲᠠᠭᠠᠬᠤ ᠰᠠᠶᠢᠨ ᠰᠠᠶᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢ ᠠᠬᠤᠢ ᠶᠢ ᠪᠤᠢ ᠪᠣᠯᠭᠠᠵᠤ | ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠯᠠᠪᠳᠠᠭᠤᠨ ᠪᠠᠲᠤᠲᠠᠢ᠂ ᠤᠳᠠᠭᠠᠨ ᠳᠠᠭᠠᠭᠠᠮᠠᠭᠠᠢ | ᠵᠢᠳᠬᠦᠨ ᠴᠢᠷᠮᠠᠶᠢᠬᠤ ᠶᠢ ᠳᠡᠮᠵᠢᠵᠦ᠂ ᠨᠡᠩ ᠤᠯᠠᠨ ︽0 ᠠᠴᠠ 1 ᠬᠦᠷᠬᠦ︾ ᠤᠤᠭᠠᠯ ᠡᠭᠦᠳᠦᠯᠲᠡ ᠶᠢᠨ ᠦᠷ᠎ᠡ | ᠪᠦᠲᠦᠭᠡᠯ ᠢ ᠡᠭᠦᠳᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠯᠢ ᠺᠧ ᠴᠢᠶᠠᠩ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠬᠤ | ᠬᠡᠷᠡᠭᠲᠡᠢ᠃ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠩ ᠤᠯᠠᠨ | ᠲᠥᠷᠥ ᠶᠢᠨ ᠪᠤᠳᠤᠯᠭ᠎ᠠ ᠶᠢ ᠲᠣᠭᠲᠠᠭᠠᠵᠤ᠂ ᠰᠢᠨ᠎ᠡ ᠶᠢ ᠡᠭᠦᠳᠬᠦ ᠡᠯᠧᠮᠧᠨ᠋ᠲ ᠢ ᠠᠵᠤ ᠠᠬᠤᠶᠢᠯᠠᠯ ᠳᠤ | ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠡᠬᠢᠨ ᠲᠤᠮᠲᠠ ᠡᠴᠤᠰ ᠤᠨ | ᠬᠡᠯᠬᠢᠶ᠎ᠠ ᠶᠢ ᠠᠬᠢᠭᠤᠯᠵᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠨᠡᠪᠳᠡᠷᠡᠯᠴᠡᠵᠦ ᠰᠢᠨ᠎ᠡ ᠶᠢ | ᠡᠭᠦᠳᠬᠦ ᠶᠢ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠲᠤᠤᠰᠢᠭᠤᠯᠬᠤ ᠲᠦᠷᠭᠡᠡ ᠵᠠᠮ ᠢ ᠨᠡᠭᠡᠭᠡᠬᠦ ᠬᠡᠷᠡᠭᠲᠡᠢ ᠭᠡᠵᠦ | ᠬᠡᠯᠡᠪᠡ᠃ | ᠯᠢ ᠺᠧ ᠴᠢᠶᠠᠩ᠂ ᠰᠢᠨ᠎ᠡ ᠶᠢ ᠡᠭᠦᠳᠬᠦ ᠡᠭᠦᠳᠦᠨ ᠪᠦᠲᠦᠭᠡᠯᠲᠡ ᠶᠢ ᠬᠢᠵᠠᠭᠠᠷᠯᠠᠵᠤ ᠪᠠᠶᠢᠭ᠎ᠠ ᠶᠠᠷᠰᠢᠭ | ᠲᠦᠪᠡᠭ ᠲᠠᠢ ᠵᠦᠢᠯᠡᠰ ᠢ ᠨᠡᠩ ᠶᠡᠭᠡ ᠡᠷᠴᠢᠮ ᠢᠶᠠᠷ ᠡᠪᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠬᠦᠯᠢᠶᠡᠰᠦ ᠶᠢ ᠠᠯᠳᠠᠷᠠᠭᠠᠠ ᠳᠠᠷᠤᠭᠠᠰᠤ ᠶᠢ ᠨᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠪᠦᠷᠢᠨ | ᠲᠡᠭᠦᠯᠳᠡᠷ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠳᠣᠷᠣᠭᠰᠢ ᠪᠠᠭᠤᠯᠭᠠᠭᠰᠠᠨ ᠡᠯ᠎ᠡ ᠵᠦᠢᠯ ᠤᠨ ᠡᠷᠬᠡ | ᠬᠠᠷᠢᠭᠤᠴᠠᠯᠭ᠎ᠠ ᠶᠢ ᠵᠠᠯᠭᠠᠨ ᠬᠠᠷᠢᠭᠤᠴᠠᠵᠦ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠪᠠ ᠱᠠᠩᠨᠠᠨ ᠬᠥᠬᠢᠭᠦᠯᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠳᠤ ᠠᠰᠢᠭᠲᠠᠢ ᠬᠥᠷᠥᠰᠥ ᠰᠢᠷᠣᠢ ᠪᠣᠯᠤᠨ ᠣᠷᠴᠢᠨ | ᠲᠣᠭᠤᠷᠢᠨ ᠢ ᠪᠤᠢ ᠪᠤᠯᠭᠠᠵᠤ᠂ ᠨᠡᠩ ᠤᠯᠠᠨ ᠦᠢᠯᠡᠰ ᠪᠤᠰᠬᠠᠵᠤ ᠰᠢᠨ᠎ᠡ ᠶᠢ ᠡᠭᠦᠳᠬᠦ ᠭᠤᠣᠯ ᠴᠣᠭᠴᠠ ᠶᠢ | ᠦᠨᠳᠦᠰᠦᠯᠡᠭᠦᠯᠦᠨ ᠰᠣᠶᠣᠭᠠᠯᠠᠭᠤᠯᠵᠤ᠂ ᠴᠡᠴᠡᠭᠯᠡᠭᠦᠯᠦᠨ ᠵᠢᠮᠢᠰᠯᠡᠭᠦᠯᠬᠦ ᠬᠡᠷᠡᠭᠲᠡᠢ᠃ ᠨᠠᠩ ᠣᠯᠠᠨ ᠵᠠᠯᠠᠭᠤ | ᠴᠢᠳᠠᠪᠤᠷᠢᠲᠠᠨ ᠤ ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠭᠡᠭᠡᠯᠳᠠ ᠶᠢ ᠥᠷᠭᠡᠳᠭᠡᠬᠦ ᠳᠤᠮᠳᠠ ᠬᠠᠷᠢᠯᠴᠠᠨ | ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ ᠨᠠᠮ ᠤᠨ ᠲᠥᠪ ᠬᠤᠷᠢᠶᠠᠨ ᠤ ᠤᠯᠣᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ | ᠰᠠᠶᠢᠳ ᠬᠠᠨ ᠵᠧᠩ ᠶᠡᠭᠡ ᠬᠤᠷᠠᠯ ᠢ ᠡᠷᠬᠢᠯᠡᠬᠦ ᠳᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠡᠶ᠎ᠡ ᠪᠠᠨ | ᠲᠠᠭᠠᠭᠠᠪᠠᠯ ᠦᠨᠳᠦᠰᠦᠲᠡᠨ ᠰᠠᠶ᠋ᠢ ᠪᠤᠰᠴᠤ ᠵᠤᠭᠰᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ | ᠤᠯᠤᠰ ᠣᠷᠣᠨ ᠰᠠᠶ᠋ᠢ ᠬᠦᠴᠦᠷᠬᠡᠭᠵᠢᠵᠥ ᠴᠢᠳᠠᠨ᠎ᠠ᠃ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠨ ᠱᠠᠩᠨᠠᠯ ᠬᠦᠷᠲᠡᠭᠰᠡᠳ ᠢᠶᠠᠷ ᠳᠠᠭᠤᠷᠢᠶᠠᠯ ᠪᠣᠯᠭᠠᠵᠤ᠂ ᠰᠢᠨᠵᠢᠯᠡᠬᠦ ᠤᠬᠠᠭᠠᠨ ᠢᠶᠠᠷ | ᠤᠯᠤᠰ ᠲᠠᠭᠠᠨ ᠵᠢᠳᠬᠦᠬᠦ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ | ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ | ᠂ ᠲᠡᠦᠬᠡ ᠶᠢᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠨᠳᠥᠷ ᠲᠦᠪᠰᠢᠨ ᠪᠥᠬᠦᠶ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠲᠦᠷᠭᠡᠳᠭᠡᠨ ᠪᠡᠶᠡᠯᠡᠭᠦᠯᠬᠦ ᠶᠢ | ᠬᠦᠰᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠶᠡᠷᠢᠪᠡ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠶ ᠰᠠᠶᠢᠳ ᠯᠢᠦ ᠾᠧ ᠬᠤᠷᠠᠯ ᠳᠡᠭᠡᠷ᠎ᠡ ︽2020 ᠣᠨ ᠤ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ | ᠤᠩᠰᠢᠨ ᠨᠡᠶᠢᠲᠡᠯᠡᠪᠡ᠃ | ᠸᠠᠩ ᠳ᠋ᠠ ᠵᠦᠩ ᠱᠠᠩᠨᠠᠯ ᠬᠦᠷᠲᠡᠭᠰᠡᠡ ᠪᠦᠬᠦ ᠬᠥᠮᠦᠰ ᠢ ᠲᠥᠯᠥᠭᠡᠯᠡᠨ ᠦᠭᠡ ᠬᠡᠯᠡᠪᠡ᠃ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ | ᠲᠥᠷᠥ ᠶᠢᠨ ᠤᠳᠤᠷᠢᠳᠬᠤ ᠬᠥᠮᠦᠰ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ | ᠲᠥᠯᠥᠭᠡᠯᠡᠭᠴᠢᠳ ᠲᠠᠢ ᠠᠭᠤᠯᠵᠠᠵᠤ᠂ ᠣᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠴᠧᠨ ᠰᠢ᠂ ᠬᠤᠸᠠᠩ ᠺᠦᠨ ᠮᠢᠩ᠂ ᠡ᠋ᠶᠢᠯᠢᠭᠧᠩ · | ᠢᠮᠢᠩᠪᠠᠭ᠋ᠠᠢ᠂ ᠰᠢᠶᠤᠤ ᠵᠢᠶᠧ᠂ ᠯᠦ ᠵᠠᠨ ᠬᠦᠩ ᠶᠡᠭᠡ ᠬᠤᠷᠠᠯ ᠳᠤ ᠣᠷᠣᠯᠴᠠᠵᠠᠢ᠃ | ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠴᠡᠷᠢᠭ | ᠠᠩᠭᠢ ᠶᠢᠨ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠭᠦᠯᠦᠨ ᠰᠠᠶᠢᠰᠢᠶᠠᠬᠤ ᠵᠥᠪᠯᠡᠯ ᠤᠨ ᠭᠡᠰᠢᠭᠦᠨ᠂ 2020 ᠣᠨ ᠤ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠲᠥᠯᠥᠭᠡᠯᠡᠭᠴᠢ ᠵᠢᠴᠢ ᠲᠡᠳᠡᠨ ᠤ ᠬᠡᠷ ᠪᠦᠯᠢ ᠶᠢᠨ | ᠲᠥᠯᠥᠭᠡᠯᠡᠭᠴᠢ᠂ ᠨᠡᠶᠢᠰᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠲᠥᠯᠥᠭᠡᠯᠡᠭᠴᠢ | ᠪᠣᠯᠤᠨ ᠰᠤᠷᠤᠭᠴᠢᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠵᠠᠶ᠃ | 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠨᠡᠶᠢᠲᠡ 264 | ᠲᠥᠷᠥᠯ ᠵᠦᠢᠯ᠂ 10 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠮᠡᠷᠭᠡᠵᠢᠯᠲᠡᠨ ᠪᠠ 1 ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢ ᠰᠢᠯᠭᠠᠷᠠᠭᠤᠯᠪᠠ᠃ ᠡᠭᠦᠨ ᠳᠤ᠂ ᠤᠯᠤᠰ ᠤᠨ ᠬᠠᠮᠤᠭ ᠤᠨ ᠳᠡᠭᠡᠳᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠴᠢ 2 ᠬᠥᠮᠦᠨ ᠪᠣᠶ︔ ᠤᠯᠤᠰ ᠤᠨ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠱᠠᠩᠨᠠᠯ 46 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 2 ᠵᠦᠢᠯ᠂ | ᠬᠤᠶᠠᠳᠤᠭᠠᠷ ᠳᠡᠰ ᠤᠨ ᠱᠠᠩᠨᠠᠯ 44 ᠵᠦᠢᠯ ᠪᠤᠢ︔ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ 61 | ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 3 ᠵᠦᠢᠯ᠂ ᠬᠤᠶᠠᠳᠤᠭᠠᠷ ᠳᠡᠰ ᠤᠨ ᠱᠠᠩᠨᠠᠯ 58 ᠵᠦᠢᠯ | ᠪᠤᠢ︔ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ 157 ᠵᠦᠢᠯ ᠪᠠᠶᠢᠵᠤ᠂ | ᠡᠭᠦᠨ ᠳᠤ ᠣᠨᠴᠠ ᠳᠡᠰ ᠤᠨ ᠱᠠᠩᠨᠠᠯ 2 ᠵᠦᠢᠯ᠂ ᠨᠢᠭᠡᠳᠦᠭᠡᠷ ᠳᠡᠰ ᠤᠨ ᠱᠠᠩᠨᠠᠯ 18 ᠵᠦᠢᠯ᠂ ᠬᠤᠶᠠᠳᠤᠭᠠᠷ | ᠳᠡᠰ ᠤᠨ ᠱᠠᠩᠨᠠᠯ 137 ᠵᠦᠢᠯ ᠪᠠᠶᠢᠨ᠎ᠠ︔ 8 ᠭᠠᠳᠠᠭᠠᠳᠤ ᠶᠢᠨ ᠲᠤᠰᠬᠠᠢ ᠮᠡᠷᠭᠡᠵᠢᠯᠲᠡᠨ ᠪᠠ 1 ᠤᠯᠠᠨ | ᠤᠯᠤᠰ ᠤᠨ ᠵᠣᠬᠢᠶᠠᠨ ᠪᠠᠶᠢᠭᠤᠯᠤᠯᠲᠠ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃ |