ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/6
      ᠵᠠᠩ ᠰᠢᠶᠤᠤ ᠪᠢᠩ ᠶᠠᠷᠢᠶ᠎ᠠ ᠲᠠᠯᠪᠢᠵᠤ ᠰᠦᠬᠡ ᠬᠤᠷᠠᠯ ᠢ ᠡᠷᠬᠢᠯᠡᠪᠡ 11 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠳᠣᠬᠠᠨ ᠤ ᠦᠨᠳᠦᠰᠦᠲᠡᠨ ᠤ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠦᠨᠳᠦᠰᠦᠲᠡᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ       ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃       ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠰᠢᠤᠢ ᠵᠦᠸᠧ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠱᠦ ᠴᠧᠩ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠠᠶᠢᠮᠠᠭ ᠤᠨ ᠰᠢᠭᠦᠬᠦ ᠬᠤᠷᠢᠶ᠎ᠠ ᠶᠢᠨ ᠳᠠᠷᠤᠭ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠢᠴᠢ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠬᠤᠷᠠᠯ ᠳᠤ ᠣᠷᠣᠯᠴᠠᠵᠠᠶ᠃        ᠵᠠᠩ ᠰᠢᠶᠤᠤ ᠪᠢᠩ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠳᠤ ᠶᠠᠮᠠᠷ ᠲᠤᠭ ᠢ ᠡᠷᠭᠦᠬᠦ᠂ ᠶᠠᠮᠠᠷ ᠵᠠᠮ ᠢᠶᠠᠷ ᠵᠠᠮᠨᠠᠬᠤ ᠵᠡᠷᠭᠡ ᠦᠨᠳᠦᠰᠦᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠠᠶᠢᠮᠠᠭ ᠤᠨ ᠡᠯ᠎ᠡ ᠱᠠᠲᠤᠨ ᠤ ᠬᠢᠨ ᠵᠠᠪᠠᠯ ᠪᠦᠷᠢᠨ ᠪᠦᠲᠦᠨ ᠂ ᠣᠨᠣᠪᠴᠢᠲᠠᠶ᠂ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠨᠳᠦᠰᠦᠲᠡᠨ ᠤ ᠠᠰᠠᠭᠤᠳᠠᠯ ᠢ ᠵᠠᠳᠠᠯᠤᠨ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠦᠨᠡᠨᠬᠦ ᠴᠢᠩᠭᠠᠳᠬᠠᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠨᠠᠷᠢᠨ ᠨᠢᠮᠪᠠᠶ ᠬᠠᠶᠢᠷᠠᠯᠠᠨ ᠬᠠᠮᠠᠭᠠᠯᠠᠵᠤ᠂ ᠮᠠᠨ ᠤ ᠠᠶᠢᠮᠠᠭ ᠤᠨ ᠦᠨᠳᠦᠰᠦᠲᠡᠨ ᠤ ᠠᠵᠢᠯ ᠤᠨ ᠪᠥᠬᠦ ᠤᠯᠤᠰ ᠪᠥᠬᠦ ᠣᠷᠣᠨ ᠤ ᠡᠮᠦᠨ᠎ᠡ ᠡᠩᠨᠡᠭᠡᠨ ᠳᠤ ᠦᠷᠭᠦᠯᠵᠢᠯᠡᠨ ᠶᠠᠪᠤᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃       ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠨᠡᠬᠦ ᠭᠤᠣᠯ ᠰᠢᠵᠢᠮ ᠢ ᠦᠨᠳᠦᠰᠦᠲᠡᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤᠪᠠᠷ ᠤᠷᠤᠭᠰᠢᠯᠠᠬᠤ ᠶᠢ ᠠᠬᠢᠭᠤᠯᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠦᠬᠡᠢ ᠤᠨᠴᠠᠯᠢᠭᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠣᠳᠠᠰ ᠤᠨ ᠰᠠᠭᠤᠷᠢ ᠶᠢ ᠳᠠᠰᠤᠷᠠᠯᠳᠠ ᠦᠬᠡᠢ ᠪᠠᠲᠤᠳᠬᠠᠬᠤ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠵᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠨᠡᠶᠢᠭᠡᠮ ᠤᠨ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠣᠷᠣᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠠᠤᠯᠢᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠬᠤᠷᠢᠶ᠎ᠠ  ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠳᠤ ᠶᠢ ᠠᠳᠬᠤᠨ ᠰᠠᠭᠤᠷᠢ ᠲᠠᠯᠪᠢᠬᠤ ᠠᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃       ᠰᠦᠬᠡ ᠬᠤᠷᠠᠯ ᠢ ᠡᠷᠬᠢᠯᠡᠬᠦ ᠳᠡᠭᠡᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠳᠠᠷᠤᠯᠲᠠ ᠦᠵᠡᠭᠦᠯᠵᠦ᠂ ᠠᠵᠢᠯ ᠤᠨ ᠲᠠᠯ᠎ᠠ ᠪᠠᠷ ᠲᠠᠬᠢᠨ ᠬᠦᠴᠦ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠲᠠᠬᠢᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ       ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠢᠴᠢ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃       ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠤᠷᠤᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号