ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠬᠢᠪᠡ
ᠨᠡᠶᠢᠲᠡᠯᠡᠭᠰᠡᠨ ᠴᠠᠭ᠄
2021/11/7
     11 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠬᠢᠪᠡ᠃ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 237 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 232 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
     ᠠᠶᠢᠮᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠠᠪᠤᠳᠤᠭᠠᠷ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠰᠢᠤᠢ ᠵᠦᠸᠧ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠵᠢᠴᠢ ᠣᠷᠣᠨ᠂ ᠠᠶᠢᠮᠠᠭ ᠤᠨ ᠬᠤᠭᠤᠴᠠᠭ᠎ᠠ ᠰᠣᠯᠢᠬᠤ ᠶᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠢ ᠡᠷᠭᠢᠯᠡᠪᠡ᠃
     ᠬᠤᠷᠠᠯ ᠠᠴᠠ ᠭᠠᠷ ᠡᠷᠭᠦᠨ ᠪᠠᠲᠤᠯᠠᠬᠤ ᠬᠡᠯᠪᠡᠷᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷᠡᠰ ᠢ ᠪᠠᠲᠤᠯᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠨᠡᠷᠡᠰ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠬᠦ ᠵᠦᠢᠯ ᠤᠳ᠃
     ᠰᠢᠤᠢ ᠵᠦᠸᠧ᠂ ᠡᠨᠡ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠣᠯᠤᠨ᠎ᠠ᠃ ᠨᠠᠮ ᠤᠨ ᠲᠥᠯᠥᠭᠡᠯᠡᠭᠴᠢᠳ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠦᠨᠡᠨ ᠬᠦ ᠡᠭᠦᠷᠭᠡᠯᠡᠵᠦ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠬᠦᠰᠡᠯ ᠡᠷᠡᠮᠡᠯᠵᠡᠯ᠂ ᠪᠠᠶᠢᠷᠢ ᠲᠣᠭᠲᠠᠭᠠᠯᠲᠠ᠂ ᠪᠠᠶᠢᠯᠳᠤᠬᠤ ᠪᠤᠳᠤᠯᠭ᠎ᠠ᠂ ᠭᠠᠷᠳᠠᠴᠠ ᠵᠡᠷᠭᠡ ᠲᠠᠯ᠎ᠠ ᠲᠠᠢ ᠤᠶᠠᠯᠳᠤᠭᠤᠯᠤᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠠᠴᠠ ᠣᠯᠭᠤᠭᠰᠠᠨ ᠲᠠᠷᠬᠠᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠶᠢ ᠬᠢᠨᠠᠮᠠᠭᠠᠢ ᠰᠤᠳᠤᠯᠤᠨ ᠬᠢᠨᠠᠨ ᠶᠠᠷᠢᠯᠴᠠᠬᠤ ᠬᠡᠷᠡᠭᠲᠡᠢ︔ ᠤᠯᠤᠰ ᠲᠦᠷᠦ ᠶᠢ ᠡᠷᠬᠢᠮᠯᠡᠬᠦ᠂ ᠨᠠᠮᠴᠢ ᠴᠢᠨᠠᠷ ᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠦᠨᠳᠦᠷᠴᠡ ᠠᠴᠠ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠠᠵᠢᠯ ᠦᠢᠯᠡᠰ ᠲᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠠᠷᠠᠳᠴᠢᠯᠠᠯ ᠤᠨ ᠡᠷᠬᠡ ᠶᠢ ᠪᠠᠳᠠᠷᠠᠭᠤᠯᠵᠤ᠂ ᠰᠣᠩᠭᠤᠬᠤ ᠡᠷᠬᠡ ᠪᠠ ᠰᠣᠩᠭᠤᠭᠳᠠᠬᠤ ᠡᠷᠬᠡ ᠪᠠᠨ ᠲᠥᠪ ᠴᠢᠩᠭ᠎ᠠ ᠨᠠᠷᠢᠨ ᠬᠢᠨᠠᠮᠠᠭᠠᠢ ᠬᠡᠷᠡᠭᠵᠢᠭᠦᠯᠵᠦ᠂ ᠶᠡᠭᠡ ᠬᠤᠷᠠᠯ ᠤᠨ ᠰᠣᠩᠭᠤᠭᠤᠯᠢ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ︔ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠢᠯᠳᠠᠨ ᠤ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠤᠷᠲᠠᠯ ᠴᠢᠬᠡᠴᠢ ᠣᠪᠣᠷ ᠲᠥᠪ ᠬᠤᠷᠠᠯ ᠤᠨ ᠣᠷᠴᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠶᠡᠭᠡ ᠬᠤᠷᠠᠯ ᠢ ᠠᠷᠠᠳᠴᠢᠯᠠᠯ ᠲᠠᠢ᠂ ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠭᠰᠡᠨ᠂ ᠡᠷᠡᠮᠡᠬᠡᠶᠢᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠡ᠃
     ᠵᠠᠩ ᠱᠤᠸᠠᠩ ᠴᠧᠩ᠂ ᠨᠠᠮ ᠤᠨ ᠲᠥᠯᠥᠭᠡᠯᠡᠭᠴᠢᠳ ᠠᠷᠠᠳᠴᠢᠯᠠᠯ ᠲᠥᠪᠯᠡᠷᠡᠯ ᠤᠨ ᠶᠣᠰᠣ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠶᠡᠭᠡ ᠲᠠᠯ᠎ᠠ᠂ ᠪᠥᠬᠦ ᠲᠠᠯ᠎ᠠ ᠠᠴᠠ ᠡᠭᠦᠰᠴᠦ᠂ ᠠᠵᠢᠯ ᠦᠢᠯᠡᠰ ᠤᠨ ᠠᠯᠤᠰ ᠬᠡᠲᠦ ᠶᠢᠨ ᠬᠥᠭᠵᠢᠯᠲᠡ ᠪᠠ ᠣᠯᠠᠨ ᠲᠦᠮᠡᠨ ᠤ ᠬᠦᠰᠡᠯ ᠡᠷᠡᠮᠡᠯᠵᠡᠯ ᠢ ᠪᠣᠳᠣᠯᠬᠢᠯᠠᠵᠤ᠂ ᠠᠵᠢᠯ ᠤᠨ ᠶᠠᠪᠤᠴᠠ ᠪᠠᠨ ᠴᠢᠩᠳᠠᠯᠠᠵᠤ᠂ ᠠᠵᠢᠯ ᠤᠨ ᠲᠦᠷᠢᠮ ᠢᠶᠠᠨ ᠴᠢᠩᠭ᠎ᠠ ᠰᠠᠬᠢᠵᠤ᠂ ᠠᠵᠢᠯ ᠤᠨ ᠵᠢᠷᠤᠮᠵᠢᠯ ᠢᠶᠠᠨ ᠴᠢᠩᠳᠠᠯᠠᠵᠤ᠂ ᠴᠢᠩᠭ᠎ᠠ ᠲᠣᠳᠣᠷᠬᠠᠶ ᠰᠠᠬᠢᠯᠭ᠎ᠠ ᠪᠠᠲᠤ ᠶᠢᠨ ᠱᠠᠭᠠᠷᠳᠠᠯᠭ᠎ᠠ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠬᠦᠨᠳᠦ ᠡᠭᠦᠷᠭᠡ ᠶᠢ ᠥᠯᠥ ᠬᠥᠰᠡᠷᠳᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠥᠯᠥ ᠭᠤᠲᠤᠭᠠᠵᠤ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠶᠢ ᠬᠠᠮᠲᠤ ᠪᠠᠷ ᠰᠣᠨᠢᠷᠬᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号