ᠵᠠᠩ ᠰᠢᠶᠤᠤ ᠪᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠤᠴᠠ ᠪᠠᠷ ᠪᠠᠶᠢᠴᠠᠭᠠᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/9
     11 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠤᠴᠠ ᠪᠠᠷ ᠪᠠᠶᠢᠴᠠᠭᠠᠭᠰᠠᠨ ᠪᠥᠭᠡᠳ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠷᠠᠭᠠᠴᠢ ᠶᠢᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃       ᠵᠠᠩ ᠰᠢᠶᠤᠤ ᠪᠢᠩ ︽ᠳᠥᠷᠪᠡᠨ ᠥᠬᠡᠶ ᠬᠤᠶᠠᠷ ᠰᠢᠭᠤᠳ︾ ᠤᠨ ᠠᠷᠭ᠎ᠠ ᠬᠡᠯᠪᠡᠷᠢ ᠪᠠᠷ ᠤᠯᠠᠭᠠᠨᠬᠤᠲᠠ ᠶᠢᠨ ᠢ ᠴᠢᠶᠣᠤ ᠡᠮ ᠤᠨ ᠳᠡᠯᠭᠡᠭᠦᠷ᠂ ᠤᠯᠠᠭᠠᠨᠬᠠᠳᠠ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 302 ᠤᠯᠤᠰ ᠤᠨ ᠵᠠᠮ ᠤᠨ ᠬᠤᠷᠢᠭ᠎ᠠ ᠴᠡᠭ᠂ ᠬᠤᠩ ᠯᠢᠶᠠᠨ ᠭᠤᠳᠤᠮᠵᠢ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ︽ᠳᠥᠷᠪᠡᠨ ᠲᠥᠷᠥᠯ ᠤᠨ ᠡᠮ︾ ᠬᠤᠳᠠᠯᠳᠤᠨ ᠠᠪᠤᠭᠴᠢ ᠶᠢᠨ ᠮᠡᠳᠡᠭᠡ ᠵᠠᠩᠬᠢ ᠶᠢ ᠮᠡᠳᠡᠬᠦᠯᠬᠦ ᠲᠦᠷᠢᠮ᠂ ᠬᠢᠵᠢᠭ ᠢ ᠰᠡᠷᠭᠡᠶᠢᠯᠡᠬᠦ ᠡᠳ᠋ ᠪᠤᠳᠠᠰ ᠢ ᠨᠦᠬᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠰᠣᠷᠢᠯᠲᠠ᠂ ᠠᠶᠢᠮᠠᠭ ᠲᠤ ᠣᠷᠣᠬᠤ ᠲᠡᠷᠭᠡ ᠬᠥᠰᠬᠡ ᠪᠣᠯᠤᠨ ᠬᠥᠮᠦᠰ ᠢ ᠪᠠᠶᠢᠴᠠᠭᠠᠨ ᠰᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠢ ᠬᠠᠮᠢᠶᠠᠷᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠲᠤᠬᠠᠢ ᠨᠢᠭᠤᠴᠠ ᠪᠠᠷ ᠪᠠᠶᠢᠴᠠᠭᠠᠯᠲᠠ ᠬᠢᠪᠠ᠃       ᠨᠢᠭᠤᠴᠠ ᠪᠠᠷ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠵᠠᠩ ᠰᠢᠶᠤᠤ ᠪᠢᠩ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ ᠰᠤᠨᠤᠰᠴᠦ ᠰᠤᠳᠤᠯᠪᠠ᠃         ᠵᠠᠩ ᠰᠢᠶᠤᠤ ᠪᠢᠩ ᠵᠢᠭᠠᠨ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠳᠣᠬᠠᠨ ᠤ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠵᠦ ᠪᠤᠯᠬᠤ ᠦᠭᠡᠢ᠃ ᠪᠥᠬᠦ ᠠᠶᠢᠮᠠᠭ ᠤᠨ ᠡᠯ᠎ᠡ ᠱᠠᠲᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠳᠤ ᠢᠯᠡᠷᠡᠭᠰᠡᠨ ᠳᠤᠲᠠᠭᠤᠳᠠᠯ ᠬᠦᠷᠦᠯᠴᠡᠬᠦ ᠥᠬᠡᠶ ᠲᠠᠯ᠎ᠠ ᠪᠠ ᠪᠠᠭᠤᠷᠠᠶ ᠭᠤᠭᠴᠤᠭ᠎ᠠ ᠶᠢ ᠭᠦᠨᠵᠡᠭᠡᠶ ᠡᠷᠭᠢᠴᠡᠭᠦᠯᠦᠨ ᠪᠤᠳᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠨ᠂ ᠡᠨᠡ ᠡᠪᠦᠯ ᠢᠷᠡᠬᠦ ᠬᠠᠪᠤᠷ ᠤᠨ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠪᠠᠲᠤ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠬᠢᠯᠪᠠᠷ ᠪᠤᠰᠤ ᠪᠠᠷ ᠣᠯᠤᠭᠰᠠᠨ ᠦᠷ᠎ᠡ ᠪᠦᠲᠦᠭᠡᠯ ᠢᠶᠠᠨ ᠶᠠᠭᠠᠬᠢᠭᠰᠠᠨ ᠴᠤ ᠲᠠᠯᠠᠭᠠᠷᠳᠠᠭᠤᠯᠵᠤ ᠪᠣᠯᠬᠤ ᠥᠬᠡᠶ ᠭᠡᠵᠡᠢ᠃      ᠵᠠᠩ ᠰᠢᠶᠣᠤ ᠪᠢᠩ ᠴᠢᠬᠤᠯᠠᠴᠢᠯᠠᠭᠰᠠᠨ ᠨᠢ᠂ ᠲᠤᠰᠬᠠᠶ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠬᠦᠴᠦᠲᠡᠶ᠂ ᠲᠡᠷᠡ ᠴᠢᠭ ᠢᠶᠠᠷ ᠨᠢ ᠰᠠᠶᠢᠲᠤᠷ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠬᠤ᠂ ᠦᠷᠭᠦᠯᠵᠢᠯᠡᠨ ᠪᠣᠭᠤᠮᠲᠠ ᠰᠢᠪᠲᠤᠯᠬᠤ᠂ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠬᠦ ᠶᠢ ᠪᠠᠷᠢᠮᠳᠠᠯᠠᠵᠦ᠂ ︽ᠪᠣᠳᠠᠲᠠᠶ ᠴᠡᠭᠴᠡᠯᠡᠨ ᠰᠠᠶᠢᠵᠢᠷᠠᠭᠤᠯᠤᠭᠰᠠᠨ ᠥᠬᠡᠶ᠂ ᠲᠦᠷᠢᠮᠵᠢᠯ ᠥᠬᠡᠶ᠂ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠤᠭᠰᠠᠨ ᠥᠬᠡᠶ︾ ᠠᠰᠠᠭᠤᠳᠠᠯ ᠢ ᠬᠦᠴᠦᠯᠡᠨ ᠰᠡᠷᠭᠡᠶᠢᠯᠡᠬᠦ ᠪᠠ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠣᠰᠣᠲᠠᠶ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠷᠢ ᠲᠦᠪᠰᠢᠨ ᠢ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ ᠠᠵᠢᠯ ᠢ ᠴᠢᠩᠭ᠎ᠠ ᠪᠣᠳᠠᠲᠠᠢ᠂ ᠨᠠᠷᠢᠨ ᠨᠢᠭᠲᠠ ᠰᠠᠶᠢᠲᠤᠷ ᠬᠢᠵᠦ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ ᠶᠢ ᠴᠢᠩᠭᠠᠳᠬᠠᠨ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠲᠤᠮᠤ ᠳ᠋ᠠᠶᠢᠲ᠋ᠠ ᠪᠣᠯᠤᠨ ᠲᠣᠣᠷᠵᠢᠭᠤᠯᠤᠭᠰᠠᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠮᠵᠢᠯᠴᠠᠨ ᠪᠠᠶᠢᠯᠳᠤᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠪᠠᠶᠢᠴᠠᠭᠠᠯᠲᠠ ᠶᠢᠨ ᠡᠬᠢ ᠡᠭᠦᠰᠦᠯ ᠢ ᠡᠷᠢᠬᠦ ᠶᠠᠰᠤ ᠴᠢᠨᠠᠷ ᠪᠣᠯᠤᠨ ᠬᠥᠮᠦᠰ ᠢ ᠵᠢᠭᠰᠠᠭᠠᠨ ᠪᠠᠶᠢᠴᠠᠭᠠᠬᠤ ᠣᠨᠣᠴᠠᠳᠦ ᠴᠢᠨᠠᠷ ᠢ ᠳᠡᠭᠡᠭᠰᠢᠯᠡᠭᠦᠯᠦᠨ᠂ ᠲᠥᠪᠯᠡᠷᠡᠭᠦᠯᠦᠨ ᠲᠤᠰᠠᠭᠠᠷᠯᠠᠬᠤ ᠪᠠ ᠭᠡᠷ ᠲᠤ ᠪᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ ᠡᠷᠡᠭᠦᠯ ᠮᠡᠨᠳᠤ ᠶᠢ ᠬᠢᠨᠠᠨ ᠬᠡᠮᠵᠢᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢ᠊ ᠡᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠭᠠᠬᠢᠭᠰᠠᠨ ᠴᠤ ᠣᠷᠬᠢᠭᠳᠠᠭᠤᠯᠵᠦ ᠠᠯᠳᠠᠭ᠎ᠠ ᠭᠠᠷᠭᠠᠵᠤ ᠪᠣᠯᠬᠤ ᠦᠭᠡᠢ᠃ ︽ᠨᠢᠭᠡ ᠪᠠᠭᠤᠳᠠᠯ ᠬᠤᠶᠠᠷ ᠦᠷᠳᠡᠭᠡ︾ ᠵᠡᠷᠭᠡ ᠭᠤᠣᠯᠳᠠᠯᠭ᠎ᠠ ᠲᠠᠢ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠶᠡᠬᠡᠲᠡᠢ ᠠᠵᠢᠯ ᠤᠨ ᠪᠠᠶᠢᠷᠢ ᠶᠢᠨ ᠠᠵᠢᠯᠳᠠᠨ ᠤ ᠬᠠᠮᠢᠶᠠᠷᠤᠯᠲᠠ ᠪᠠ ᠪᠣᠯᠪᠠᠰᠤᠷᠠᠯ ᠬᠦᠷᠳᠡᠭᠡᠬᠦ ᠠᠵᠢᠯ ᠢ ᠥᠷᠨᠢᠭᠦᠯᠵᠦ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠪᠠ ᠲᠤᠰᠬᠠᠢ ᠮᠡᠷᠭᠡᠵᠢᠯᠲᠡᠨ ᠢ ᠤᠶᠠᠯᠳᠤᠭᠤᠯᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠤᠳᠠᠳᠠᠢ ᠨᠠᠶᠢᠳᠠᠪᠤᠷᠢᠵᠢᠭᠤᠯᠵᠦ᠂ ︽ᠲᠦᠷᠪᠡᠨ ᠡᠷᠳᠡ ᠪᠠᠶᠢᠬᠤ ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠤᠨ᠂ ᠡᠳᠦᠷ ᠤᠨ ᠳ᠋ᠦᠩᠨᠡᠯᠳᠡ᠂ ᠡᠳᠦᠷ ᠤᠨ ᠲᠤᠬᠢᠷᠠᠭᠤᠯᠤᠯᠳᠠ ᠶᠢᠨ ᠲᠦᠷᠢᠮ ᠢ ᠪᠦᠷᠢᠨᠰᠢᠬᠦᠯᠦᠨ ᠲᠡᠬᠦᠯᠳᠡᠷᠵᠢᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠠᠶᠢᠮᠠᠭ ᠤᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠬᠦᠷᠭᠡᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠶᠤᠯ ᠲᠦᠭᠰᠢᠭᠦᠷᠢ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠬᠤ ᠦᠭᠡᠢ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠥᠬᠡᠶ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠥᠯᠥᠭᠡᠯᠡᠭᠰᠡᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ ᠭᠡᠪᠡ᠃       ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠬᠤᠯᠪᠣᠭᠳᠠᠯ ᠪᠥᠬᠦᠶ ᠭᠡᠰᠢᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠡᠰᠡᠭ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠡ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号